ᠵᠠᠯᠠᠭᠤ ᠬᠠᠤᠯᠢᠴᠢᠳ ᠠᠮᠤᠭᠤᠯᠠᠩᠳᠤ ᠤᠮᠠᠷᠠᠲᠤ ᠬᠢᠯᠢ᠎ᠶ᠋ᠢ ᠪᠥᠲᠥᠭᠡᠨ ᠪᠠᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠡᠨ ᠡᠷᠭᠦᠨ᠎ᠡ
2025-10-13 09:55:16
ᠵᠣᠬᠢᠶᠠᠭ᠍ᠴᠢ᠄
​ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《ᠬᠠᠮᠲᠤ ᠨᠥᠬᠥᠳ ᠡ᠂ ᠬᠠᠤᠯᠢ ᠪᠤᠰᠤ ᠬᠠᠯᠳᠠᠯᠭ᠎ᠠ᠎ᠳ᠋ᠤ ᠤᠴᠠᠷᠠᠪᠠᠯ ᠡᠷᠬᠡᠪᠰᠢ ᠦᠪᠡᠷ᠎ᠤᠨ ᠠᠮᠤᠷ ᠲᠦᠪᠱᠢᠨ᠎ᠢᠶᠡᠨ ᠤᠷᠢᠳ᠎ᠢᠶᠡᠷ ᠪᠠᠲᠤᠯᠠᠵᠤ᠂ ᠬᠡᠷ᠎ᠦᠨ ᠠᠬᠠᠮᠠᠳ᠂ ᠪᠠᠭ᠍ᠰᠢ᠎ᠡᠴᠡ ᠲᠤᠰᠠᠯᠠᠮᠵᠢ ᠭᠤᠶᠤᠵᠤ᠂ ᠬᠠᠤᠯᠢ ᠴᠠᠭᠠᠵᠠ ᠪᠡᠷ ᠦᠪᠡᠷ᠎ᠤᠨ ᠬᠠᠤᠯᠢ ᠶᠣᠰᠣᠨ᠎ᠤ ᠡᠷᠬᠡ ᠠᠱᠢᠭ᠎ᠢᠶᠠᠨ ᠬᠠᠮᠠᠭᠠᠯᠠᠬᠤ ᠬᠡᠷᠡᠭ᠌ᠲᠡᠶ ᠁》ᠣᠢᠷ᠎ᠠ᠎ᠳᠤ ᠬᠠᠤᠯᠢ ᠴᠠᠭᠠᠵᠠ᠎ᠶ᠋ᠢᠨ ᠶᠠᠮᠤᠨ᠎ᠤ ᠬᠣᠶᠠᠳᠤᠭᠠᠷ ᠪᠦᠯᠦᠭ᠎ᠦᠨ 《ᠵᠠᠯᠠᠭᠤ ᠬᠠᠤᠯᠢᠴᠢ᠎ᠵᠢ ᠪᠠᠷᠠᠭᠤᠨ ᠣᠷᠣᠨ᠎ᠳ᠋ᠤ ᠳᠠᠪᠲᠠᠨ ᠪᠣᠯᠪᠠᠰᠤᠷᠠᠭᠤᠯᠬᠤ ᠲᠥᠯᠥᠪᠯᠡᠭᠡ》 ᠳ᠋ᠤ ᠣᠷᠣᠯᠴᠠᠭ᠍ᠰᠠᠨ ᠵᠠᠯᠠᠭᠤ ᠬᠠᠤᠯᠢᠴᠢ ᠵᠠᠩ ᠱᠦᠸᠸ ᠴᠧᠨ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠴᠢᠪᠠᠭ᠎ᠠ ᠬᠣᠶᠠᠳᠤᠭᠠᠷ ᠪᠠᠭ᠎ᠠ ᠰᠤᠷᠭᠠᠭᠤᠯᠢ᠎ᠳᠤ ᠢᠷᠡᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠂ ᠨᠠᠰᠤᠨ᠎ᠳᠤ ᠥᠯᠥ᠍ ᠬᠦᠷᠦᠭ᠌ᠰᠡᠳ᠎ᠦᠨ ᠡᠷᠬᠡ ᠠᠱᠢᠭ᠎ᠤᠨ ᠬᠠᠮᠠᠭᠠᠯᠠᠯᠲᠠ᠂᠎ᠴᠠᠬᠢᠯᠭᠠᠨ ᠴᠢᠮᠡᠬᠡ ᠬᠣᠯᠪᠣᠭ᠎ᠠ ᠵᠢᠨ ᠮᠡᠬᠡᠯᠡᠯ᠎ᠢ ᠰᠡᠷᠬᠡᠢᠯᠡᠬᠦ ᠵᠡᠷᠭᠡ ᠭᠤᠤᠯ ᠰᠡᠳᠦᠪ᠎ᠦᠨ ᠲᠣᠭᠣᠷᠢᠨ᠎ᠳᠤ ᠬᠡᠷᠡᠭ᠎ᠢᠶᠡᠷ ᠬᠠᠤᠯᠢ᠎ᠶ᠋ᠢ ᠲᠠᠢᠯᠪᠤᠷᠢᠯᠠᠵᠤ᠂ ᠬᠠᠮᠲᠤ ᠰᠤᠷᠤᠭ᠍ᠴᠢᠳ᠎ᠲᠤ ᠪᠣᠳᠠᠲᠤ ᠬᠡᠷᠡᠭ᠌ᠯᠡᠭᠡᠨ᠎ᠦ 《ᠬᠠᠤᠯᠢ ᠴᠠᠭᠠᠵᠠ᠎ᠶ᠋ᠢᠨ ᠵᠠᠪᠠᠯ ᠰᠤᠷᠬᠤ ᠬᠢᠴᠢᠶᠡᠯ》 ᠣᠷᠣᠪᠠ᠃

ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠤᠯᠢ ᠴᠠᠭᠠᠵᠠ᠎ᠶ᠋ᠢᠨ ᠴᠢᠳᠠᠪᠤᠷᠢᠲᠠᠨ᠎ᠤ ᠰᠣᠯᠢᠯᠴᠠᠭ᠎ᠠ᠎ᠶ᠋ᠢ ᠠᠬᠢᠭᠤᠯᠬᠤ᠎ᠶ᠋ᠢᠨ ᠲᠥᠯᠥᠭᠡ  ᠨᠢᠳᠤᠨᠤᠨ ᠬᠠᠤᠯᠢ ᠴᠠᠭᠠᠵᠠ ᠵᠢᠨ ᠶᠠᠮᠤᠨ ᠡᠴᠡ 《ᠵᠠᠯᠠᠭᠤ ᠬᠠᠤᠯᠢᠴᠢ᠎ᠵᠢ ᠪᠠᠷᠠᠭᠤᠨ ᠣᠷᠣᠨ᠎ᠳ᠋ᠤ ᠳᠠᠪᠲᠠᠨ ᠪᠣᠯᠪᠠᠰᠤᠷᠠᠭᠤᠯᠬᠤ ᠲᠥᠯᠥᠪᠯᠡᠭᠡ》 ᠵᠢ ᠡᠬᠢᠯᠡᠭᠦᠯᠵᠦ᠍᠂ ᠱᠢᠯᠢᠳᠡᠭ ᠵᠠᠯᠠᠭᠤ ᠬᠠᠤᠯᠢᠴᠢ᠎ᠶ᠋ᠢ ᠱᠢᠯᠢᠨ ᠰᠣᠩᠭᠣᠵᠤ ᠪᠠᠷᠠᠭᠤᠨ ᠣᠷᠣᠨ᠂ ᠢᠯᠠᠩᠭᠤᠶ᠎ᠠ ᠬᠠᠤᠯᠢᠴᠢ᠎ᠶ᠋ᠢᠨ ᠡᠬᠢ ᠪᠠᠶᠠᠯᠢᠭ ᠳᠤᠲᠠᠮᠠᠭ ᠪᠠᠢᠭ᠎ᠠ ᠬᠢᠯᠢ ᠬᠢᠵᠠᠭᠠᠷ ᠣᠷᠣᠨ᠂ ᠪᠡᠷᠬᠡ ᠬᠠᠲᠠᠭᠤᠵᠢᠯᠲᠠᠢ ᠠᠭᠤᠯᠠᠷᠬᠠᠭ ᠣᠷᠣᠨ ᠳ᠋ᠤ ᠣᠴᠢᠭᠤᠯᠵᠤ᠂ ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠦᠢᠯᠡᠴᠢᠯᠡᠭᠡᠨ᠎ᠦ ᠬᠦᠴᠦᠨ᠎ᠢ ᠲᠡᠭᠦᠯᠳᠡᠷᠵᠢᠭᠦᠯᠪᠡ᠃ ᠨᠢᠳᠤᠨᠤᠨ᠎ᠤ 8 ᠰᠠᠷ᠎ᠠ᠎ᠳᠤ᠂ ᠵᠢᠶᠠᠩᠰᠦ᠂ ᠾᠧᠨᠠᠨ᠂ ᠵᠢᠶᠠᠩᠰᠢ ᠵᠡᠷᠭᠡ ᠭᠠᠵᠠᠷ᠎ᠤᠨ 20 ᠵᠠᠯᠠᠭᠤ ᠬᠠᠤᠯᠢᠴᠢ᠎ᠶ᠋ᠢ ᠬᠥᠯᠥᠨ ᠪᠣᠢᠷ ᠬᠣᠲᠠ᠂ ᠬᠢᠩᠭᠠᠨ ᠠᠢᠮᠠᠭ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠣᠲᠠ᠂ ᠪᠠᠶᠠᠨᠨᠠᠭᠤᠷ ᠬᠣᠲᠠ ᠵᠡᠷᠭᠡ 5 ᠠᠢᠮᠠᠭ ᠬᠣᠲᠠ᠎ᠶ᠋ᠢᠨ 20 ᠬᠣᠱᠢᠭᠤ ᠱᠢᠶᠠᠨ᠎ᠤ ᠬᠠᠤᠯᠢ ᠴᠠᠭᠠᠵᠠ᠎ᠶ᠋ᠢᠨ ᠭᠠᠵᠠᠷ᠎ᠲᠤ ᠲᠣᠮᠢᠯᠠᠨ ᠰᠠᠭᠤᠯᠭᠠᠵᠤ᠂ ᠨᠢᠭᠡ ᠵᠢᠯ᠎ᠦᠨ ᠬᠤᠭᠤᠴᠠᠭ᠎ᠠ᠎ᠲᠠᠶ ᠦᠨᠳᠦᠰᠦᠨ ᠱᠠᠲᠤᠨ᠎ᠤ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠥᠷᠨᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠳᠤ 《ᠱᠢᠨ᠎ᠡ ᠬᠦᠴᠤᠨ》 ᠨᠡᠮᠡᠷᠢᠯᠡᠪᠡ᠃

ᠨᠢᠭᠡ ᠵᠢᠯ᠎ᠦᠨ ᠲᠤᠷᠰᠢ᠂ 20 ᠵᠠᠯᠠᠭᠤ ᠬᠠᠤᠯᠢᠴᠢ ᠲᠤᠰᠭᠠᠶ ᠮᠡᠷᠭᠡᠵᠢᠯ᠎ᠦᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠬᠠᠤᠯᠢ ᠪᠡᠷ ᠵᠠᠰᠠᠬᠤ ᠪᠠᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠣᠯᠠᠨ ᠲᠦᠮᠡᠨ᠎ᠦ ᠬᠠᠤᠯᠢ ᠴᠠᠭᠠᠵᠠ ᠳ᠋ᠤ ᠬᠤᠯᠪᠤᠬᠳᠠᠬᠰᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠨᠡᠢᠲᠡ 248 ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠬᠡᠷᠡᠭ᠎ᠢ ᠱᠢᠶ᠋ᠳᠪᠦᠷᠢᠯᠡᠵᠦ᠍᠂ 369 ᠤᠳᠠᠭ᠎ᠠ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ 4270 ᠤᠳᠠᠭ᠎ᠠ ᠬᠠᠤᠯᠢ ᠴᠠᠭᠠᠵᠠ᠎ᠶ᠋ᠢᠨ ᠵᠦᠪᠯᠡᠯᠬᠡ ᠦᠭᠬᠦ᠂ ᠬᠠᠤᠯᠢ ᠴᠠᠭᠠᠵᠠ᠎ᠶ᠋ᠢᠨ ᠪᠢᠴᠢᠭ ᠬᠠᠷ᠎ᠠ᠎ᠶ᠋ᠢ ᠣᠷᠣᠯᠠᠨ ᠪᠢᠴᠢᠬᠦ᠌᠂ ᠭᠡᠷ᠎ᠡ᠎ᠶ᠋ᠢᠨ ᠪᠢᠴᠢᠭ᠎ᠢ ᠬᠢᠨᠠᠨ ᠪᠠᠢᠴᠠᠭᠠᠬᠤ ᠵᠡᠷᠭᠡ ᠤᠢᠯᠡᠴᠢᠯᠡᠬᠡ ᠬᠠᠩᠭᠠᠵᠤ᠂ 503 ᠬᠡᠷᠡᠭ᠎ᠢ ᠡᠶᠡᠳᠡᠭᠦᠯᠬᠦ᠌᠎ᠳᠦ ᠣᠷᠣᠯᠴᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠳᠦ ᠴᠢᠨᠠᠷ ᠰᠠᠢᠲᠠᠶ ᠥᠨᠳᠥᠷ ᠪᠦᠲᠦᠮᠵᠢᠲᠡᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠠᠩᠭᠠᠵᠤ᠂ ᠣᠯᠠᠨ ᠲᠦᠮᠡᠨ᠎ᠦ ᠬᠠᠨᠤᠮᠵᠢ᠎ᠲᠠᠢ ᠪᠠᠢᠬᠤ ᠬᠡᠮᠵᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠡ᠃

ᠡᠨᠡ ᠵᠢᠯ᠎ᠦᠨ 8 ᠰᠠᠷ᠎ᠠ᠎ᠶ᠋ᠢᠨ ᠡᠴᠦᠰ᠎ᠢᠶᠡᠷ᠂《ᠵᠠᠯᠠᠭᠤ ᠬᠠᠤᠯᠢᠴᠢ᠎ᠶ᠋ᠢ ᠪᠠᠷᠠᠭᠤᠨ ᠣᠷᠣᠨ᠎ᠳᠤ ᠳᠠᠪᠲᠠᠨ ᠪᠣᠯᠪᠠᠰᠤᠷᠠᠭᠤᠯᠬᠤ ᠲᠥᠯᠥᠪᠯᠡᠭᠡ》 ᠶ᠋ᠢ ᠳᠠᠬᠢᠨᠲᠠ ᠡᠬᠢᠯᠡᠭᠦᠯᠵᠦ᠍᠂ ᠬᠣᠶᠠᠳᠤᠭᠠᠷ ᠪᠦᠯᠦᠭ᠎ᠦᠨ ᠵᠢᠶᠠᠩᠰᠦ᠂ ᠾᠧᠨᠠᠨ᠂ ᠵᠧᠵᠢᠶᠠᠩ᠂ ᠵᠢᠶᠠᠩᠰᠢ᠂ ᠾᠸᠪᠸᠢ 5 ᠮᠤᠵᠢ᠎ᠶ᠋ᠢᠨ 41 ᠵᠠᠯᠠᠭᠤ ᠬᠠᠤᠯᠢᠴᠢ᠎ᠶ᠋ᠢ ᠲᠣᠰ ᠲᠣᠰ ᠬᠥᠬᠡᠬᠣᠲᠠ᠂ ᠪᠤᠭᠤᠲᠤ ᠬᠣᠲᠠ᠂ ᠬᠥᠯᠥᠨ ᠪᠣᠢᠷ ᠬᠣᠲᠠ᠂ ᠪᠠᠶᠠᠨᠨᠠᠭᠤᠷ ᠬᠣᠲᠠ ᠵᠡᠷᠭᠡ 11 ᠠᠢᠮᠠᠭ ᠬᠣᠲᠠ᠎ᠶ᠋ᠢᠨ 41 ᠬᠣᠱᠢᠭᠤ ᠱᠢᠶᠠᠨ(ᠬᠣᠲᠠ ᠲᠣᠭᠣᠷᠢᠭ) ᠤ᠋ ᠬᠠᠤᠯᠢ ᠴᠠᠭᠠᠵᠠ᠎ᠶ᠋ᠢᠨ ᠭᠠᠵᠠᠷ᠎ᠲᠤ ᠲᠣᠮᠢᠯᠠᠨ ᠰᠠᠭᠤᠯᠭᠠᠵᠤ᠂ ᠥᠪᠥᠷ ᠮᠣᠩᠭᠣᠯ᠎ᠤᠨ ᠬᠠᠤᠯᠢ ᠪᠡᠷ ᠵᠠᠰᠬᠠᠤ  ᠪᠠᠢᠭᠤᠯᠤᠯᠲᠠ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠵᠠᠯᠠᠭᠤ ᠬᠠᠤᠯᠢᠴᠢ ᠠᠵᠢᠯ᠎ᠤᠨ ᠪᠠᠢᠷᠢ᠎ᠳᠤ ᠭᠠᠷᠤᠭ᠍ᠰᠠᠨ᠎ᠤ ᠳᠠᠷᠠᠭ᠎ᠠ  ᠡᠯ᠎ᠡ ᠭᠥᠯᠢᠶᠡᠨ ᠠᠪᠬᠤ ᠭᠠᠵᠠᠷ᠎ᠤᠨ᠎ᠬᠢᠨ ᠵᠠᠯᠠᠭᠤ ᠬᠠᠤᠯᠢᠴᠢ᠎ᠳᠤ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠢ ᠵᠡᠷᠭᠡ ᠪᠡᠷ ᠥᠷᠨᠢᠭᠦᠯᠵᠦ᠍᠂ ᠲᠤᠬᠠᠶ᠎ᠶ᠋ᠢᠨ ᠭᠠᠵᠠᠷ᠎ᠤᠨ ᠬᠠᠤᠯᠢ ᠴᠠᠭᠠᠵᠠ᠎ᠶ᠋ᠢᠨ ᠠᠵᠢᠯ᠎ᠤᠨ ᠶᠠᠪᠤᠴᠠ᠂ ᠲᠤᠬᠠᠢᠯᠠᠭ᠍ᠰᠠᠨ ᠠᠵᠢᠯ᠎ᠤᠨ ᠭᠤᠤᠯᠳᠠᠯᠭ᠎ᠠ ᠵᠢᠴᠢ ᠠᠩᠬᠠᠷᠬᠤ ᠵᠦᠶ᠋ᠯᠡᠰ᠎ᠦᠨ ᠲᠣᠭᠣᠷᠢᠨ᠎ᠳᠤ ᠬᠠᠨᠳᠤᠯᠭᠠᠲᠤ ᠴᠢᠨᠠᠷᠲᠠᠶ ᠵᠢᠭᠠᠨ ᠰᠤᠷᠭᠠᠵᠦ᠍᠂ ᠵᠠᠯᠠᠭᠤ ᠬᠠᠤᠯᠢᠴᠢ᠎ᠶ᠋ᠢ ᠬᠠᠪᠰᠤᠷᠤᠨ ᠠᠵᠢᠯ᠎ᠤᠨ ᠪᠠᠢᠷᠢ᠎ᠶ᠋ᠢ ᠲᠦᠷᠭᠡᠨ ᠣᠢᠯᠠᠭᠠᠭᠤᠯᠵᠤ᠂ ᠠᠵᠢᠯ᠎ᠤᠨ ᠠᠢᠵᠠᠮ᠎ᠳᠤ ᠵᠣᠬᠢᠴᠠᠭᠤᠯᠵᠤ᠂ ᠳᠠᠪᠲᠠᠨ ᠪᠣᠯᠪᠠᠰᠤᠷᠠᠭᠤᠯᠬᠤ ᠠᠵᠢᠯ᠎ᠤᠨ ᠥᠨᠳᠥᠷ ᠪᠦᠲᠦᠮᠵᠢᠲᠡᠶ ᠡᠬᠢᠯᠡᠯᠲᠡ᠎ᠲᠡᠶ ᠪᠣᠯᠬᠤ᠎ᠶ᠋ᠢ ᠦᠨᠡᠨ ᠬᠦ᠌ ᠪᠠᠲᠤᠯᠠᠪᠠ᠃

《ᠲᠠᠨᠢᠯ ᠪᠤᠰᠤ ᠤᠳᠠᠰᠤ ᠵᠢ ᠠᠮᠠᠷᠬᠠᠨ ᠢᠲᠡᠭᠡᠵᠦ᠍ ᠪᠣᠯᠬᠤ ᠥᠬᠡᠶ; ᠦᠴᠦᠬᠡᠨ ᠤᠯᠵᠠ᠎ᠳᠤ ᠳᠤᠷᠠᠯᠠᠵᠤ ᠪᠤᠯᠬᠤ ᠦᠬᠡᠢ; ᠵᠤᠭᠤᠰ᠎ᠢᠶᠡᠨ ᠳᠠᠩᠰᠠ ᠱᠢᠯᠵᠢᠭᠦᠯᠬᠦ᠌᠎ᠳᠦ ᠬᠦᠷᠪᠡᠯ ᠢᠯᠡᠭᠦᠬᠡᠨ ᠬᠢᠨᠠᠨ ᠬᠠᠷᠭᠤᠭᠤᠯᠬᠤ ᠬᠡᠷᠡᠭ᠌ᠲᠡᠶ; ᠮᠠᠳᠠᠭ ᠲᠠᠢ ᠪᠤᠯ ᠬᠠᠤᠯᠢ ᠴᠠᠭᠠᠵᠠ ᠵᠢᠨ ᠰᠠᠯᠠᠭ᠎ᠠ ᠮᠦᠴᠢᠷ᠎ᠢ ᠡᠷᠢᠬᠡᠷᠡᠢ!》 9 ᠰᠠᠷ᠎ᠠ᠎ᠶ᠋ᠢᠨ 15 ᠎ᠤ᠋ ᠡᠳᠦᠷ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠪᠠᠶᠠᠨᠱᠢᠯᠢ ᠬᠠᠤᠯᠢ ᠴᠠᠭᠠᠵᠠ᠎ᠶ᠋ᠢᠨ ᠭᠠᠵᠠᠷ᠎ᠲᠤ ᠲᠣᠮᠢᠯᠠᠭ᠍ᠳᠠᠨ ᠠᠵᠢᠯᠯᠠᠵᠤ ᠪᠠᠢᠭ᠎ᠠ ᠬᠠᠤᠯᠢᠴᠢ ᠳ᠋ᠦᠩ ᠱᠤ᠌ ᠳ᠋ᠢ ᠭᠤᠸᠠᠢ ᠯᠦᠩ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠲᠤ ᠬᠦᠷᠴᠦ᠍᠂ ᠮᠡᠬᠡᠯᠡᠯ᠎ᠢ ᠰᠡᠷᠭᠡᠢᠯᠡᠬᠦ᠌ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠲᠤᠰ ᠰᠠᠭᠤᠭᠠᠯᠢ ᠠᠷᠠᠳ᠎ᠤᠨ ᠲᠣᠭᠣᠷᠢᠭ᠎ᠲᠤ᠌ ᠨᠠᠰᠤᠲᠠᠢᠴᠤᠳ ᠤᠯᠠᠨ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠳ᠋ᠦᠩ ᠱᠤ᠌ ᠳ᠋ᠢ 《ᠮᠡᠬᠡᠯᠡᠯ᠎ᠢ ᠰᠡᠷᠭᠡᠢᠯᠡᠬᠦ᠌ ᠭᠤᠷᠪᠠᠨ ᠦᠰᠦᠭ᠌ᠲᠦ ᠨᠣᠮ》᠎ᠢ᠋ ᠨᠢᠮᠪᠠᠢ ᠨᠠᠢᠷᠠᠭᠤᠯᠤᠨ ᠵᠢᠭ᠍ᠰᠠᠭᠠᠭ᠍ᠰᠠᠨ ᠪᠥᠭᠡᠳ ᠦᠨᠡᠨ ᠪᠣᠳᠠᠲᠠᠢ ᠬᠡᠷᠡᠭ᠎ᠦᠨ ᠵᠢᠱ᠌ᠢᠢ᠎ᠡ᠎ᠪᠡᠷ ᠪᠠᠢᠩᠭᠤ ᠲᠣᠬᠢᠶᠠᠯᠳᠤᠳᠠᠭ ᠮᠡᠬᠡᠯᠡᠯ᠎ᠢ ᠲᠠᠢᠯᠪᠤᠷᠢᠯᠠᠵᠤ᠂ ᠬᠡᠷᠡᠭ ᠦᠢᠯᠡᠳᠬᠦ ᠠᠷᠭ᠎ᠠ ᠪᠠᠷᠢᠯ᠎ᠢ ᠵᠠᠳᠠᠯᠤᠨ ᠱᠢᠨᠵᠢᠯᠡᠵᠦ᠍᠂ ᠬᠢᠯᠪᠠᠷ ᠣᠢᠯᠠᠭᠠᠮᠵᠢᠲᠠᠢ ᠦᠭᠡ ᠬᠡᠯᠡ᠎ᠪᠡᠷ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍᠂ ᠨᠠᠰᠤᠲᠠᠢᠴᠤᠳ᠎ᠤᠨ ᠬᠠᠤᠯᠢ ᠪᠡᠷ ᠵᠠᠰᠠᠬᠤ ᠤᠬᠠᠮᠰᠠᠷ ᠪᠣᠯᠤᠨ ᠮᠡᠬᠡᠯᠡᠯ᠎ᠢ ᠰᠡᠷᠭᠡᠢᠯᠡᠬᠦ᠌ ᠴᠢᠳᠠᠪᠤᠷᠢ᠎ᠶ᠋ᠢ ᠦᠨᠡᠨ ᠬᠦ᠌ ᠴᠢᠩᠭᠠᠳᠭᠠᠪᠠ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ 72 ᠨᠠᠰᠤᠲᠠᠢ ᠵᠠᠩ ᠠᠪᠠᠭ᠎ᠠ᠄ 《〈ᠮᠡᠬᠡᠯᠡᠯ᠎ᠢ ᠰᠡᠷᠭᠡᠢᠯᠡᠬᠦ᠌ ᠭᠤᠷᠪᠠᠨ ᠦᠰᠦᠭ᠌ᠲᠦ ᠨᠣᠮ〉᠎ᠢ᠋ ᠤᠩᠱᠢᠬᠤ᠎ᠳᠤ ᠤᠷᠤᠰᠤᠮ᠎ᠠ ᠰᠠᠢᠬᠠᠨ᠂ ᠴᠡᠭᠡᠵᠢᠯᠡᠬᠦ᠌᠎ᠳᠦ ᠠᠮᠠᠷ ᠮᠥᠷᠲᠡᠭᠡᠨ ᠬᠡᠷᠡᠭ᠌ᠴᠡᠭᠡ᠎ᠲᠡᠶ᠂ ᠪᠢ ᠭᠡᠷ᠎ᠦᠨ ᠬᠥᠮᠦᠰ᠎ᠲᠡᠬᠡᠨ ᠡᠳᠡᠭᠡᠷ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠴᠡᠭᠡᠵᠢᠯᠡᠭᠦᠯᠦᠨ᠎ᠡ》 ᠬᠡᠪᠡ᠃

ᠦᠨᠳᠦᠰᠦᠨ ᠱᠠᠲᠤᠨ᠎ᠳᠤ ᠦᠨᠳᠦᠰᠦᠯᠡᠵᠦ᠍ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠪᠡᠷ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ᠃ ᠾᠧᠨᠠᠨ ᠮᠤᠵᠢ᠎ᠠᠴᠠ ᠢᠷᠡᠭ᠌ᠰᠡᠨ ᠵᠠᠯᠠᠭᠤ ᠬᠠᠤᠯᠢᠴᠢ ᠹᠧᠩ ᠶᠦᠩ ᠬᠤᠤ ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠎ᠤ ᠴᠢ᠎ᠲᠡᠶ ᠪᠠᠯᠭᠠᠰᠤᠨ᠎ᠤ ᠬᠠᠤᠯᠢ ᠴᠠᠭᠠᠵᠠ᠎ᠶ᠋ᠢᠨ ᠭᠠᠵᠠᠷ᠎ᠲᠤ ᠣᠷᠣᠵᠤ ᠰᠠᠭᠤᠭ᠍ᠰᠠᠨ ᠬᠠᠭᠠᠰ ᠰᠠᠷ᠎ᠠ᠎ᠶ᠋ᠢᠨ ᠲᠤᠷᠰᠢ᠂ ᠣᠯᠠᠨ ᠲᠦᠮᠡᠨ᠎ᠦ ᠪᠠᠴᠢᠮᠳᠡᠵᠦ ᠬᠦᠴᠢᠷᠳᠡᠵᠦ ᠵᠣᠪᠠᠨᠢᠵᠤ ᠬᠦᠰᠡᠵᠦ᠎ᠪᠠᠢᠭ᠎ᠠ ᠠᠰᠠᠭᠤᠳᠠᠯ᠎ᠤᠨ ᠲᠤᠭᠤᠷᠢᠨ ᠳ᠋ᠤ  ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠨ᠂  ᠡᠯ᠎ᠡ ᠲᠥᠷᠥᠯ᠎ᠦᠨ ᠬᠠᠤᠯᠢ ᠴᠠᠭᠠᠵᠠ᠎ᠳ᠋ᠤ ᠬᠤᠯᠪᠤᠬᠳᠠᠬᠰᠠᠨ ᠬᠡᠷᠡᠭ᠎ᠢ ᠨᠡᠢᠲᠡ 16 ᠱᠢᠶ᠋ᠳᠪᠦᠷᠢᠯᠡᠵᠦ᠍᠂ 15 ᠣᠯᠠᠨ ᠲᠦᠮᠡᠨ᠎ᠢ ᠬᠠᠪᠰᠤᠷᠤᠨ ᠬᠠᠤᠯᠢ ᠴᠠᠭᠠᠵᠠ ᠳ᠋ᠤ ᠬᠤᠯᠪᠤᠬᠳᠠᠬᠰᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠨ ᠦᠭᠴᠦ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ 8 ᠲᠦᠮᠡᠨ ᠲᠥᠭᠥᠷᠢᠭ᠎ᠢ ᠳᠠᠪᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠵᠠᠯᠠᠭᠤ ᠬᠠᠤᠯᠢᠴᠢ᠎ᠶ᠋ᠢᠨ ᠬᠠᠷᠢᠭᠤᠴᠠᠯᠭ᠎ᠠ ᠪᠠ ᠡᠭᠦᠷᠭᠡᠯᠡᠯ᠎ᠢ ᠢᠯᠡᠷᠡᠭᠦᠯᠵᠦ᠍᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠦ ᠰᠠᠢᠨ ᠦᠨᠡᠯᠡᠯᠲᠡ᠎ᠶ᠋ᠢ ᠤᠯᠪᠠ᠃

ᠬᠠᠤᠯᠢ ᠪᠡᠷ ᠵᠠᠰᠠᠬᠤ ᠳᠦᠷᠢ ᠲᠥᠷᠬᠦ᠌᠎ᠶ᠋ᠢᠨ《ᠣᠷᠣᠯᠠᠨ ᠥᠭᠦᠯᠡᠭ᠌ᠴᠢ》᠂ ᠣᠯᠠᠨ ᠲᠦᠮᠡᠨ᠎ᠦ ᠡᠷᠬᠡ ᠠᠱᠢᠭ᠎ᠤᠨ 《ᠬᠠᠮᠠᠭᠠᠯᠠᠭ᠍ᠴᠢ》 ᠪᠣᠯᠤᠨ᠎ᠠ᠃ ᠪᠠᠷᠠᠭᠤᠨ ᠣᠷᠣᠨ᠎ᠳᠤ ᠳᠠᠪᠲᠠᠨ ᠪᠣᠯᠪᠠᠰᠤᠷᠠᠭ᠍ᠰᠠᠨ ᠵᠠᠯᠠᠭᠤ ᠬᠠᠤᠯᠢᠴᠢ᠎ᠨᠠᠷ ᠱᠢᠷᠭᠠᠭᠤ ᠠᠵᠢᠯᠯᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠵᠥᠷᠢᠴᠡᠯ ᠵᠠᠭᠤᠷᠠᠯᠳᠤᠭᠠᠨ᠎ᠢ ᠠᠷᠢᠯᠭᠠᠬᠤ᠂ ᠦᠨᠳᠦᠰᠦᠨ ᠱᠠᠲᠤᠨ᠎ᠤ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠂ ᠨᠡᠢᠭᠡᠮ ᠲᠣᠭᠣᠷᠢᠭ᠎ᠤᠨ ᠵᠠᠯᠠᠷᠠᠭᠤᠯᠤᠨ ᠬᠦᠮᠦᠵᠢᠬᠦᠯᠬᠦ ᠵᠡᠷᠭᠡ ᠠᠵᠢᠯ᠎ᠳᠤ ᠢᠳᠡᠪᠬᠢᠲᠡᠶ ᠣᠷᠣᠯᠴᠠᠵᠤ᠂ ᠬᠠᠤᠯᠢ ᠴᠠᠭᠠᠵᠠ᠎ᠶ᠋ᠢᠨ ᠭᠠᠵᠠᠷ᠎ᠤᠨ ᠬᠥᠮᠦᠨ ᠬᠦᠷᠦᠯᠴᠡᠬᠦ᠌ ᠥᠬᠡᠶ ᠠᠰᠠᠭᠤᠳᠠᠯ᠎ᠢ ᠦᠨᠡᠨ ᠬᠦ᠌ ᠨᠠᠮᠳᠠᠭᠤᠯᠵᠤ᠂ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ᠎ᠳᠤ ᠬᠦᠴᠦ᠍ᠨ ᠨᠡᠮᠡᠷᠢᠯᠡᠪᠡ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠡᠴᠡ ᠵᠠᠯᠠᠭᠤ ᠬᠠᠤᠯᠢᠴᠢ᠎ᠶ᠋ᠢᠨ ᠠᠵᠢᠯ᠎ᠤᠨ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠵᠠᠯᠠᠭᠤ ᠬᠠᠤᠯᠢᠴᠢ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠵᠢᠷᠤᠮᠵᠢᠭᠤᠯᠵᠤ᠂ ᠵᠠᠯᠠᠭᠤ ᠬᠠᠤᠯᠢᠴᠢ᠎ᠶ᠋ᠢᠨ ᠠᠵᠢᠯ᠂ ᠠᠮᠢᠳᠤᠷᠠᠯ ᠵᠡᠷᠭᠡ ᠲᠠᠯ᠎ᠠ᠎ᠶ᠋ᠢᠨ ᠬᠦᠴᠢᠷᠳᠡᠯ ᠪᠠ ᠠᠰᠠᠭᠤᠳᠠᠯ᠎ᠢ ᠨᠢᠭ᠍ᠲᠠ ᠠᠩᠬᠠᠷᠴᠤ᠌᠂ ᠵᠠᠯᠠᠭᠤ ᠬᠠᠤᠯᠢᠴᠢ᠎ᠳᠤ ᠰᠠᠢᠲᠤᠷ ᠦᠶ᠋ᠯᠡᠴᠢᠯᠡᠵᠦ᠍᠂ ᠲᠡᠳᠡᠨ᠎ᠢ ᠰᠡᠳᠭᠢᠯ ᠠᠮᠤᠷ ᠠᠵᠢᠯᠯᠠᠭᠤᠯᠵᠤ᠂ ᠰᠡᠳᠭᠢᠯ ᠳᠡᠯᠪᠢᠨ ᠠᠷᠠᠳ ᠤᠯᠠᠨ ᠳ᠋ᠤ ᠦᠶ᠋ᠯᠡᠴᠢᠯᠡᠭᠦᠯᠵᠦ᠍᠂ ᠠᠮᠤᠭᠤᠯᠠᠩᠳᠤ ᠤᠮᠠᠷᠠᠲᠤ ᠬᠢᠯᠢ᠎ᠶ᠋ᠢ ᠪᠥᠲᠥᠭᠡᠨ ᠪᠠᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠡᠨ ᠡᠷᠭᠦᠬᠦ ᠵᠢ ᠲᠡᠮᠵᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号