《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠶ᠋ᠢ ᠰᠤᠨᠤᠰᠴᠤ᠂ ᠨᠠᠮ ᠶ᠋ᠢᠡᠨ ᠳᠠᠭᠠᠨ ᠤᠷᠤᠭᠰᠢᠯᠠᠨ᠎ᠠ — 〈ᠰᠢ ᠵᠢᠨ ᠫᠢᠩ ᠲᠦᠷᠦ ᠶ᠋ᠢ ᠵᠠᠰᠠᠬᠤ ᠲᠤᠬᠠᠢ〉 ᠭᠡᠬᠦ ᠨᠤᠮ ᠤ᠋ᠨ ᠳᠠᠪᠤᠳᠤᠭᠠᠷ ᠪᠤᠳᠢ ᠶ᠋ᠢᠨ ᠦᠨᠳᠤᠰᠤᠨ ᠱᠠᠳᠤᠨ ᠳ᠋ᠤ ᠤᠬᠠᠭᠤᠯᠤᠨ ᠲᠠᠢᠯᠪᠤᠷᠢᠯᠠᠬᠤ》 ᠠᠵᠢᠯᠯᠠᠭ᠎ᠠ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠳ᠋ᠤ ᠶᠠᠪᠤᠭᠳᠠᠪᠠ
2025-10-13 16:18:57
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

 ᠣᠢᠷ᠎ᠠ᠎ᠳᠤ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠳᠡᠰ ᠪᠤᠯᠤᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠠ ᠬᠠᠮᠳᠤᠷᠠᠨ ᠡᠷᠬᠢᠯᠡᠭᠰᠡᠨ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠶ᠋ᠢ ᠰᠤᠨᠤᠰᠴᠤ᠂ ᠨᠠᠮ ᠶ᠋ᠢᠡᠨ ᠳᠠᠭᠠᠨ ᠤᠷᠤᠭᠰᠢᠯᠠᠨ᠎ᠠ — 〈ᠰᠢ ᠵᠢᠨ ᠫᠢᠩ ᠲᠦᠷᠦ ᠶ᠋ᠢ ᠵᠠᠰᠠᠬᠤ ᠲᠤᠬᠠᠢ〉 ᠭᠡᠬᠦ ᠨᠤᠮ ᠤ᠋ᠨ ᠳᠠᠪᠤᠳᠤᠭᠠᠷ ᠪᠤᠳᠢ ᠶ᠋ᠢᠨ ᠦᠨᠳᠤᠰᠤᠨ ᠱᠠᠳᠤᠨ ᠳ᠋ᠤ ᠤᠬᠠᠭᠤᠯᠤᠨ ᠲᠠᠢᠯᠪᠤᠷᠢᠯᠠᠬᠤ》 ᠠᠵᠢᠯᠯᠠᠭ᠎ᠠ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠳ᠋ᠤ ᠶᠠᠪᠤᠭᠳᠠᠪᠠ᠃

ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠭᠦᠨ᠂ ᠦᠪᠦᠷ ᠮᠤᠩᠭᠤᠯ ᠤ᠋ᠨ ᠲᠡᠮᠦᠷ ᠵᠠᠮ ᠤ᠋ᠨ ᠪᠡᠯᠡ ᠤᠷᠤᠭᠤᠯᠤᠯᠳᠠ ᠶ᠋ᠢᠨ ᠪᠦᠯᠦᠭᠯᠡᠯ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠯᠢ ᠫᠧᠩ ᠦᠪᠡᠷᠳᠡᠭᠡᠨ ᠵᠠᠰᠠᠬᠤ ᠤᠷᠤᠨ ᠤ᠋ ᠰᠢᠭᠤᠳ ᠬᠠᠷᠢᠶ᠎ᠠ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠺᠠᠳ᠋ᠷ ᠠᠵᠢᠯᠳᠠᠨ ᠤ᠋ ᠲᠦᠯᠦᠭᠡᠯᠡᠭᠴᠢ ᠳ᠋ᠤ ᠲᠤᠰᠬᠠᠢ ᠰᠡᠳᠦᠪᠳᠤ ᠤᠬᠠᠭᠤᠯᠭ᠎ᠠ ᠲᠠᠢᠯᠪᠤᠷᠢᠯᠠᠯᠳᠠ ᠬᠢᠪᠡ᠃ ᠯᠢ ᠫᠧᠩ 《ᠰᠢ ᠵᠢᠨ ᠫᠢᠩ ᠲᠦᠷᠦ ᠶ᠋ᠢ ᠵᠠᠰᠠᠬᠤ ᠲᠤᠬᠠᠢ》 ᠭᠡᠬᠦ ᠨᠤᠮ ᠤ᠋ᠨ ᠳᠠᠪᠤᠳᠤᠭᠠᠷ ᠪᠤᠳᠢ ᠶ᠋ᠢ ᠬᠡᠪᠯᠡᠨ ᠲᠠᠷᠬᠠᠭᠠᠭᠰᠠᠨ ᠴᠠᠭ ᠦᠶ᠎ᠠ ᠶ᠋ᠢᠨ ᠠᠬᠤᠢ ᠪᠠᠢᠳᠠᠯ᠂ ᠴᠢᠬᠤᠯᠠ ᠶᠡᠬᠡ ᠠᠴᠢ ᠬᠤᠯᠪᠤᠭᠳᠠᠯ᠂ ᠪᠠᠶᠠᠯᠢᠭ ᠠᠭᠤᠯᠤᠭᠳᠠᠬᠤᠨ ᠵᠡᠷᠭᠡ ᠲᠠᠯ᠎ᠠ ᠪᠡᠷ᠂ ᠢᠯᠠᠩᠭᠤᠶ᠎ᠠ ᠤᠷᠤᠨ ᠨᠤᠳᠤᠭ ᠤ᠋ᠨ ᠤᠨᠴᠠᠯᠢᠭ ᠲᠤ᠌ ᠵᠤᠬᠢᠴᠠᠭᠤᠯᠤᠨ ᠰᠢᠨ᠎ᠠ ᠴᠢᠨᠠᠷ ᠤ᠋ᠨ ᠦᠢᠯᠡᠳᠪᠤᠷᠢᠯᠡᠯ ᠤ᠋ᠨ ᠬᠦᠴᠦᠨ ᠢ᠋ ᠬᠦᠭᠵᠢᠭᠦᠯᠤᠨ ᠴᠢᠨᠠᠷ ᠰᠠᠢᠳᠠᠢ ᠬᠦᠭᠵᠢᠯᠳᠡ ᠶ᠋ᠢ ᠪᠡᠶᠡᠯᠡᠭᠦᠯᠵᠤ᠂ ᠤᠯᠤᠰ ᠤ᠋ᠨ ᠦᠮᠴᠢᠯᠡᠯᠳᠦ ᠡᠳ᠋ ᠬᠦᠷᠦᠩᠭᠡ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠤᠨ ᠤᠯᠤᠰ ᠤ᠋ᠨ ᠪᠠᠢᠯᠳᠤᠬᠤ ᠪᠤᠳᠤᠯᠭ᠎ᠠ ᠳ᠋ᠤ ᠨᠡᠩ ᠰᠠᠢᠳᠦᠷ ᠦᠢᠯᠡᠴᠢᠯᠡᠬᠦ ᠶ᠋ᠢ ᠠᠬᠢᠭᠤᠯᠬᠤ ᠵᠡᠷᠭᠡ ᠠᠭᠤᠯᠭ᠎ᠠ ᠶ᠋ᠢᠨ ᠲᠤᠭᠤᠷᠢᠨ ᠳ᠋ᠤ ᠰᠢᠰᠲᠧᠮ ᠲᠠᠢ ᠪᠦᠭᠡᠳ ᠭᠦᠨᠵᠡᠭᠡᠢ ᠲᠠᠢᠯᠪᠤᠷᠢᠯᠠᠯᠳᠠ ᠬᠢᠪᠡ᠃ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠨᠢ ᠪᠠᠶᠠᠯᠢᠭ᠂ ᠭᠦᠨᠵᠡᠭᠡᠢ ᠪᠦᠭᠡᠳ ᠤᠢᠯᠠᠭᠠᠮᠵᠢᠳᠠᠢ ᠪᠠᠢᠵᠤ᠂ ᠮᠠᠰᠢ ᠴᠢᠩᠭ᠎ᠠ ᠤᠨᠤᠯ ᠤ᠋ᠨ ᠵᠢᠯᠤᠭᠤᠳᠬᠤ ᠴᠢᠨᠠᠷ ᠪᠠ ᠠᠬᠤᠢᠴᠢ ᠴᠢᠭᠯᠡᠭᠦᠯᠦᠯᠳᠦ ᠴᠢᠨᠠᠷᠳᠠᠢ ᠲᠠᠢ ᠪᠤᠯᠵᠤ᠂ ᠦᠷᠭᠡᠨ ᠤᠯᠠᠨ ᠺᠠᠳ᠋ᠷ ᠠᠵᠢᠯᠳᠠᠨ ᠤ᠋ ᠠᠵᠢᠯ ᠬᠢᠵᠦ ᠦᠢᠯᠡᠰ ᠪᠦᠲᠦᠭᠡᠬᠦ ᠬᠠᠯᠠᠭᠤᠨ ᠰᠡᠳᠬᠢᠯᠭᠡ ᠶ᠋ᠢ ᠶᠡᠬᠡ ᠪᠡᠷ ᠬᠦᠭᠵᠢᠭᠡᠭᠰᠡᠨ ᠪᠠᠢᠨ᠎ᠠ᠃

《〈ᠰᠢ ᠵᠢᠨ ᠫᠢᠩ ᠲᠦᠷᠦ ᠶ᠋ᠢ ᠵᠠᠰᠠᠬᠤ ᠲᠤᠬᠠᠢ〉 ᠭᠡᠬᠦ ᠨᠤᠮ ᠤ᠋ᠨ ᠳᠠᠪᠤᠳᠤᠭᠠᠷ ᠪᠤᠳᠢ ᠨᠢ ᠴᠠᠭ ᠦᠶ᠎ᠠ ᠶ᠋ᠢᠨ ᠬᠤᠪᠢᠰᠤᠯᠳᠠ ᠳ᠋ᠤ ᠰᠢᠨ᠎ᠠ ᠲᠠᠢᠯᠤᠮᠵᠢ ᠬᠢᠵᠦ᠂ ᠪᠤᠰᠤᠳᠴᠢ ᠵᠢᠮ᠎ᠠ ᠶᠤᠰᠤ ᠶ᠋ᠢ ᠭᠦᠨᠵᠡᠭᠡᠢ ᠵᠠᠳᠠᠯᠤᠨ᠂ ᠰᠡᠷᠭᠦᠨ ᠮᠠᠨᠳᠤᠯᠳᠠ ᠶ᠋ᠢᠨ ᠠᠭᠤᠤ ᠶᠡᠬᠡ ᠠᠶᠠᠨ ᠳ᠋ᠤ ᠪᠤᠳᠠᠳᠠᠢ ᠵᠢᠭᠠᠪᠤᠷᠢ ᠦᠭᠴᠤ᠂ ᠰᠢ ᠵᠢᠨ ᠫᠢᠩ ᠤ᠋ᠨ ᠰᠢᠨ᠎ᠠ ᠴᠠᠭ ᠦᠶ᠎ᠠ ᠶ᠋ᠢᠨ ᠳᠤᠮᠳᠠᠳᠤ ᠤᠯᠤᠰ ᠤ᠋ᠨ ᠤᠨᠴᠠᠯᠢᠭ ᠪᠦᠬᠦᠢ ᠨᠡᠢᠭᠡᠮ ᠵᠢᠷᠦᠮ ᠤ᠋ᠨ ᠦᠵᠡᠯ ᠰᠠᠨᠠᠭᠠᠨ ᠤ᠋ ᠤᠨᠤᠯ ᠤ᠋ᠨ ᠦᠵᠡᠯᠳᠡ᠂ ᠦᠵᠡᠯ ᠰᠠᠨᠠᠭᠠᠨ ᠤ᠋ ᠠᠷᠭ᠎ᠠ᠂ ᠪᠠᠢᠯᠳᠤᠬᠤ ᠪᠤᠳᠤᠯᠭ᠎ᠠ ᠶ᠋ᠢᠨ ᠪᠠᠢᠷᠢᠰᠢᠭᠤᠯᠤᠯᠳᠠ ᠵᠡᠷᠭᠡ ᠲᠠᠯ᠎ᠠ ᠶ᠋ᠢᠨ ᠬᠠᠮᠤᠭ ᠤ᠋ᠨ ᠰᠢᠨ᠎ᠠ ᠤᠤᠭᠠᠯ ᠡᠭᠦᠳᠦᠯᠳᠡ ᠶ᠋ᠢᠨ ᠴᠢᠨᠠᠷᠳᠠᠢ ᠦᠷ᠎ᠠ ᠪᠦᠲᠦᠭᠡᠯ ᠢ᠋ ᠪᠦᠬᠦ ᠲᠠᠯ᠎ᠠ ᠪᠡᠷ ᠳᠡᠯᠭᠡᠨ ᠬᠠᠷᠠᠭᠤᠯᠵᠠᠢ》 ᠭᠡᠵᠦ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠬᠡᠷᠡᠭ ᠮᠡᠳᠡᠭᠴᠢᠳ ᠤ᠋ᠨ ᠬᠤᠷᠠᠯ ᠤ᠋ᠨ ᠨᠠᠷᠢᠨ ᠪᠢᠴᠢᠭᠡᠴᠢ ᠸᠧᠢ ᠱᠤ᠌ ᠴᠢ ᠬᠡᠯᠡᠨ᠎ᠠ᠃ ᠲᠡᠷᠡ ᠪᠠᠰᠠ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠬᠢᠨ ᠤᠠᠬᠮᠰᠠᠷ ᠡᠴᠡ ᠪᠡᠨ 《ᠰᠢ ᠵᠢᠨ ᠫᠢᠩ ᠲᠦᠷᠦ ᠶ᠋ᠢ ᠵᠠᠰᠠᠬᠤ ᠲᠤᠬᠠᠢ》 ᠭᠡᠬᠦ ᠨᠤᠮ ᠤ᠋ᠨ ᠳᠠᠪᠤᠳᠤᠭᠠᠷ ᠪᠤᠳᠢ ᠡᠴᠡ ᠰᠡᠳᠬᠢᠮᠵᠢ ᠬᠠᠢᠵᠤ᠂ ᠠᠷᠭ᠎ᠠ ᠬᠠᠢᠵᠤ᠂ ᠠᠷᠭ᠎ᠠ ᠬᠡᠮᠵᠢᠶ᠎ᠠ ᠬᠠᠢᠵᠤ᠂ ᠤᠯᠤᠰ ᠤ᠋ᠨ 《ᠬᠤᠤᠰ ᠨᠡᠭᠦᠷᠡᠰᠦᠳᠦ᠋ᠷᠦᠭᠴᠢ》 ᠶ᠋ᠢᠨ ᠪᠠᠢᠯᠳᠤᠬᠤ ᠪᠤᠳᠤᠯᠭ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠤᠳᠤ ᠦᠶ᠎ᠠ ᠶ᠋ᠢᠨ ᠡᠨᠧᠷᠬᠢ ᠶ᠋ᠢᠨ ᠠᠵᠤ ᠠᠬᠤᠢ ᠶ᠋ᠢᠨ ᠡᠨᠡ ᠬᠦ᠌ ᠠᠵᠢᠯ ᠢ᠋ ᠰᠠᠢᠳᠦᠷ ᠬᠢᠬᠦ ᠲᠠᠢ ᠨᠢᠭᠳᠠ ᠤᠶᠠᠯᠳᠤᠭᠤᠯᠵᠤ᠂ 《ᠰᠢᠨ᠎ᠠ》 ᠶ᠋ᠢ ᠡᠭᠦᠳᠴᠤ ᠤᠷᠤᠭᠰᠢᠯᠠᠨ᠂ 《ᠪᠤᠬᠢᠷᠳᠦᠯ ᠦᠭᠡᠢ》 ᠡᠨᠧᠷᠬᠢ ᠶ᠋ᠢ ᠬᠦᠭᠵᠢᠭᠦᠯᠬᠦ ᠪᠡᠷ ᠡᠷᠡᠮᠡᠬᠡᠢᠯᠡᠨ ᠴᠢᠷᠮᠠᠢᠵᠤ᠂ ᠴᠢᠨᠠᠷ ᠰᠠᠢᠳᠠᠢ ᠬᠦᠭᠵᠢᠯᠳᠡ ᠶ᠋ᠢᠨ ᠪᠤᠬᠢᠷᠳᠦᠯ ᠦᠭᠡᠢ ᠶ᠋ᠢᠨ ᠦᠩᠭᠡ ᠪᠤᠳᠤᠭ᠎ᠢ ᠦᠳᠭᠡᠷᠡᠭᠦᠯᠦᠨ᠂ ᠲᠡᠷᠢᠭᠦᠨ ᠵᠡᠷᠭᠡ ᠶ᠋ᠢᠨ ᠦᠨᠳᠦᠷ ᠦᠷ᠎ᠠ ᠠᠰᠢᠭᠳᠠᠢ ᠴᠢᠬᠤᠯᠠ ᠡᠨᠧᠷᠬᠢ ᠶ᠋ᠢᠨ ᠠᠵᠤ ᠠᠬᠤᠢᠯᠠᠯ ᠢ᠋ ᠱᠠᠯᠠᠪᠳᠠᠨ ᠪᠠᠢᠭᠤᠯᠵᠤ᠂ ᠦᠵᠡᠰᠭᠦᠯᠡᠩᠳᠦ ᠰᠠᠢᠬᠠᠨ ᠦᠪᠦᠷ ᠮᠤᠩᠭᠤᠯ ᠳ᠋ᠤ ᠨᠡᠩ ᠤᠯᠠᠨ 《ᠪᠤᠬᠢᠷᠳᠦᠯ ᠦᠭᠡᠢ ᠬᠦᠳᠡᠯᠭᠡᠬᠦ ᠡᠨᠧᠷᠬᠢ》 ᠨᠡᠮᠡᠷᠢᠯᠡᠨ᠎ᠠ ᠭᠡᠵᠦ ᠢᠯᠡᠷᠬᠡᠢᠯᠡᠵᠠᠢ᠃

ᠤᠬᠠᠭᠤᠯᠤᠨ ᠲᠠᠢᠯᠪᠤᠷᠢᠯᠠᠬᠤ ᠶ᠋ᠢ ᠰᠤᠨᠤᠰᠤᠭᠰᠠᠨ ᠤ᠋ ᠳᠠᠷᠠᠭ᠎ᠠ᠂ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠮᠧᠩ ᠨᠧᠩ ᠡᠳ᠋ ᠬᠦᠷᠦᠩᠭᠡ ᠶ᠋ᠢᠨ ᠬᠤᠪᠢ ᠡᠵᠡᠮᠳᠡᠭᠰᠡᠨ ᠬᠢᠵᠠᠭᠠᠷᠳᠦ ᠺᠤᠮᠫᠠᠨᠢ ᠶ᠋ᠢᠨ ᠡᠳ᠋ ᠤ᠋ᠨ ᠶᠠᠪᠤᠳᠠᠯ ᠢ᠋ ᠬᠠᠮᠳᠤ ᠪᠡᠷ ᠡᠳ᠋ᠯᠡᠬᠦ ᠦᠢᠯᠡᠴᠢᠯᠡᠭᠡᠨ ᠤ᠋ ᠲᠦᠪ ᠤ᠋ᠨ ᠳᠡᠳ᠋ ᠶᠡᠷᠦᠩᠬᠡᠢ ᠬᠢᠨᠠᠭᠴᠢ ᠮᠠ ᠰᠢᠩ ᠢᠤᠢ ᠭᠦᠨᠵᠡᠭᠡᠢ ᠲᠦᠷᠦᠭᠳᠡᠯ ᠤᠯᠵᠠᠢ᠃ 《〈ᠰᠢ ᠵᠢᠨ ᠫᠢᠩ ᠲᠦᠷᠦ ᠶ᠋ᠢ ᠵᠠᠰᠠᠬᠤ ᠲᠤᠬᠠᠢ〉 ᠭᠡᠬᠦ ᠨᠤᠮ ᠤ᠋ᠨ ᠳᠠᠪᠤᠳᠤᠭᠠᠷ ᠪᠤᠳᠢ ᠨᠢ ᠪᠢᠳᠡᠨ ᠳ᠋ᠤ ᠰᠢ ᠵᠢᠨ ᠫᠢᠩ ᠤ᠋ᠨ ᠰᠢᠨ᠎ᠠ ᠴᠠᠭ ᠦᠶ᠎ᠠ ᠶ᠋ᠢᠨ ᠳᠤᠮᠳᠠᠳᠤ ᠤᠯᠤᠰ ᠤ᠋ᠨ ᠤᠨᠴᠠᠯᠢᠭ ᠪᠦᠬᠦᠢ ᠨᠡᠢᠭᠡᠮ ᠵᠢᠷᠦᠮ ᠤ᠋ᠨ ᠦᠵᠡᠯ ᠰᠠᠨᠠᠭ᠎ᠠ ᠶ᠋ᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠬᠤ ᠳ᠋ᠤ ᠡᠷᠬᠡ ᠰᠦᠷᠳᠦ ᠵᠢᠭᠠᠬᠤ ᠮᠠᠲᠧᠷᠢᠶᠠᠯ ᠬᠠᠩᠭᠠᠪᠠ᠃ ᠰᠢᠨ᠎ᠠ ᠴᠠᠭ ᠦᠶ᠎ᠠ ᠶ᠋ᠢᠨ ᠵᠠᠯᠠᠭᠤ ᠨᠠᠮ ᠤ᠋ᠨ ᠭᠡᠰᠢᠭᠦᠨ ᠪᠤᠯᠤᠭᠰᠠᠨ ᠤ᠋ ᠬᠤᠪᠢ ᠳ᠋ᠤ ᠪᠢ ᠨᠤᠮ ᠳ᠋ᠤ ᠠᠭᠤᠯᠤᠭᠳᠠᠬᠤ ᠦᠨᠡᠨ ᠶᠤᠰᠤᠨ ᠤ᠋ ᠬᠦᠴᠦᠨ ᠬᠢᠭᠡᠳ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠬᠤ ᠶ᠋ᠢᠨ ᠬᠠᠮᠳᠤ ᠰᠤᠷᠤᠯᠴᠠᠯᠭ᠎ᠠ ᠶ᠋ᠢᠨ ᠦᠷ᠎ᠠ ᠪᠦᠲᠦᠭᠡᠯ ᠢ᠋ ᠠᠵᠢᠯ ᠶ᠋ᠢᠡᠨ ᠠᠬᠢᠭᠤᠯᠬᠤ ᠪᠤᠳᠠᠳᠤ ᠠᠵᠢᠯᠯᠠᠭ᠎ᠠ ᠪᠤᠯᠭᠠᠨ ᠬᠤᠪᠢᠷᠠᠭᠤᠯᠬᠤ ᠪᠡᠷ ᠴᠢᠷᠮᠠᠢᠨ᠎ᠠ》 ᠭᠡᠵᠦ ᠮᠠ ᠰᠢᠩ ᠢᠤᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号