ᠲᠦᠷᠦᠬᠦᠬᠡᠨ᠂ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠯᠠᠭ᠎ᠠ᠎ᠶᠢᠨ ᠬᠢᠯᠠᠰ ᠴᠡᠭ᠎ᠤᠨ ᠨᠢᠭᠡ ᠪᠤᠯᠤᠬᠰᠠᠨ᠎ᠤ ᠬᠤᠪᠢ᠎ᠳᠤ᠂ ᠬᠥᠬᠡᠬᠣᠲᠠ᠂ ᠪᠤᠭᠤᠲᠤ ᠬᠤᠳᠠ᠂ ᠣᠷᠳᠣᠰ ᠬᠤᠳᠠ᠂ ᠤᠯᠠᠭᠠᠨᠴᠠᠪ ᠬᠤᠳᠠ ᠲᠦᠷᠪᠡᠨ ᠭᠠᠵᠠᠷ᠎ᠤᠨ ᠰᠦᠯᠵᠢᠶᠡᠨ᠎ᠦ ᠠᠮᠤᠷ ᠲᠦᠪᠰᠢᠨ ᠪᠠ ᠮᠡᠲᠡᠭᠡ ᠵᠠᠩᠬᠢᠴᠢᠯᠠᠯᠲᠠ ᠢ᠋ᠢᠨ ᠰᠠᠯᠠᠭ᠎ᠠ ᠮᠦᠴᠢᠷ ᠬᠠᠮᠲᠦ ᠪᠡᠷ ᠨᠢᠭᠡ ᠴᠤᠬᠴᠠᠵᠢᠯᠳᠠ ᠵᠢᠨ ᠪᠠᠢᠭᠤᠯᠤᠯᠲᠠ ᠢ᠋ᠢᠨ ᠰᠦᠯᠵᠢᠶᠡᠨ᠎ᠦ ᠠᠮᠤᠷ ᠲᠦᠪᠰᠢᠨ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ ᠲᠤᠬᠠᠢ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ ᠲᠤᠬᠲᠠᠪᠠ᠃
ᠲᠤᠰ ᠤᠳᠠᠭᠠᠨ᠎ᠤ ᠬᠡᠯᠡᠯᠴᠡᠭᠡᠷ ᠲᠤᠬᠲᠠᠬᠰᠠᠨ ᠨᠢ ᠬᠦᠬᠡᠬᠤᠲᠠ ᠪᠤᠭᠤᠲᠦ ᠤᠷᠳᠤᠰ ᠤᠯᠠᠭᠠᠨᠴᠠᠪ ᠲᠦᠷᠪᠡᠨ ᠭᠠᠵᠠᠷ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠡᠯᠲᠡ ᠢ᠋ᠢᠨ ᠰᠠᠯᠠᠭ᠎ᠠ ᠮᠦᠴᠢᠷ ᠡᠴᠡ ᠦᠪᠡᠷᠲᠡᠭᠡᠨ ᠵᠠᠰᠠᠬᠤ ᠤᠷᠤᠨ᠎ᠤ ᠤᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠴᠢᠨᠠᠷ ᠰᠠᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠪᠤᠲᠠᠲᠠᠢ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠬᠰᠠᠨ ᠶᠠᠪᠤᠳᠠᠯ ᠪᠣᠯᠣᠨ᠎ᠠ᠃ ᠳᠥᠷᠪᠡᠨ ᠭᠠᠵᠠᠷ᠎ᠤᠨ ᠬᠢᠨ ᠬᠠᠮᠲᠤᠷᠠᠨ ᠠᠵᠢᠯ᠎ᠤᠨ ᠵᠣᠬᠢᠴᠠᠭᠤᠯᠬᠤ ᠪᠠᠢᠭᠤᠯᠤᠮᠵᠢ ᠪᠠᠢᠭᠤᠯᠵᠤ᠂ ᠪᠠᠢᠩᠭᠤ᠎ᠶᠢᠨ ᠴᠢᠨᠠᠷᠲᠠᠢ ᠨᠡᠪᠲᠡᠷᠡᠯᠴᠡᠨ ᠵᠥᠪᠳᠡᠯᠴᠡᠬᠦ᠂ ᠮᠡᠳᠡᠭᠡ ᠵᠠᠩᠭᠢ ᠵᠡᠷᠯᠠᠨ ᠮᠡᠲᠡᠭᠲᠡᠬᠦ᠂ ᠬᠠᠮᠲᠤᠷᠠᠨ ᠰᠣᠷᠢᠯᠲᠠ ᠬᠢᠬᠦ᠂ ᠬᠢᠨᠠᠨ ᠰᠢᠯᠭᠠᠵᠤ ᠦᠨᠡᠯᠡᠨ ᠵᠢᠱ᠌ᠢᠬᠦ ᠵᠡᠷᠭᠡ ᠠᠵᠢᠯ᠎ᠤᠨ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠰᠦᠷᠳᠡᠭᠦᠯᠦᠯ᠎ᠦᠨ ᠴᠢᠮᠡᠭᠡ ᠮᠡᠳᠡᠭᠡ᠎ᠶᠢ ᠬᠠᠮᠵᠢᠯᠴᠠᠭᠤᠯᠬᠤ᠂ ᠪᠠᠴᠢᠮ ᠪᠠᠢᠳᠠᠯ᠎ᠢ ᠠᠷᠭᠠᠴᠠᠭᠠᠬᠤ᠎ᠳᠤ ᠬᠠᠮᠳᠤᠷᠠᠨ ᠬᠦᠲᠡᠯᠦᠯᠴᠡᠬᠦ᠂ ᠮᠡᠷᠭᠡᠵᠢᠯ᠎ᠦᠨ ᠴᠢᠳᠠᠪᠤᠷᠢ᠎ᠪᠠᠨ ᠬᠠᠷᠢᠯᠴᠠᠨ ᠨᠥᠬᠥᠪᠦᠷᠢᠯᠡᠬᠦ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠬᠠᠮᠲᠤ ᠪᠠᠷ ᠬᠠᠮᠠᠭᠠᠯᠠᠬᠤ᠂ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠪᠠ ᠴᠢᠳᠠᠪᠤᠷᠢᠲᠠᠨ᠎ᠢ ᠬᠥᠮᠥᠵᠢᠭᠦᠯᠵᠦ ᠰᠣᠯᠢᠯᠴᠠᠬᠤ ᠵᠡᠷᠭᠡ ᠵᠠᠩᠭᠢᠯᠠᠭ᠎ᠠ᠎ᠶᠢᠨ ᠬᠦᠷᠢᠶ᠎ᠡ᠎ᠶᠢᠨ ᠲᠣᠭᠣᠷᠢᠨ᠎ᠳᠤ ᠭᠦᠨᠵᠡᠭᠡᠢ ᠬᠠᠮᠲᠤᠷᠠᠯᠴᠠᠭ᠎ᠠ᠎ᠶᠢ ᠭᠣᠣᠯᠳᠠᠯᠭ᠎ᠠ᠎ᠲᠠᠢ ᠥᠷᠨᠢᠭᠦᠯᠵᠦ᠂ ᠣᠷᠣᠨ ᠪᠦᠰᠡ᠎ᠶᠢᠨ ᠰᠦᠯᠵᠢᠶᠡᠨ᠎ᠦ ᠠᠮᠤᠷ ᠲᠦᠪᠰᠢᠨ᠎ᠦ ᠡᠬᠢ ᠪᠠᠶᠠᠯᠢᠭ᠋᠎ᠢ ᠪᠦᠲᠦᠮᠵᠢᠲᠡᠢ ᠨᠡᠢᠳᠬᠡᠵᠦ᠂ ᠪᠦᠬᠦᠯᠢ ᠴᠣᠭᠴᠠ᠎ᠶᠢᠨ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠪᠠᠷ ᠰᠦᠯᠵᠢᠶᠡᠨ᠎ᠦ ᠠᠮᠤᠷ ᠲᠦᠪᠰᠢᠨ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠢ᠂ ᠭᠦᠨᠵᠡᠭᠡᠢ᠂ ᠪᠦᠲᠦᠮᠵᠢᠲᠡᠢ ᠥᠷᠨᠢᠭᠦᠯᠬᠦ᠎ᠶᠢ ᠠᠬᠢᠭᠤᠯᠵᠤ᠂ ᠴᠡᠪᠡᠷ ᠲᠤᠩᠭᠠᠯᠠᠭ ᠰᠦᠯᠵᠢᠶᠡᠨ᠎ᠦ ᠣᠷᠣᠨ ᠵᠠᠢ᠎ᠶᠢ ᠬᠠᠮᠲᠤ ᠪᠠᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠳᠦ ᠴᠤᠬᠴᠠᠯᠠᠬᠤ᠎ᠳᠦ ᠰᠦᠯᠵᠢᠶᠡᠨ᠎ᠦ ᠮᠡᠳᠡᠭᠡ ᠵᠠᠩᠭᠢ᠎ᠶᠢᠨ ᠬᠦᠴᠦᠨ᠎ᠢ ᠨᠡᠮᠡᠷᠢᠯᠡᠬᠦ ᠪᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号