— ᠰᠢ ᠵᠢᠨ ᠫᠢᠩ᠎ᠦᠨ ᠰᠣᠶᠣᠯ ᠤ᠋ᠨ ᠦᠵᠡᠯ ᠰᠠᠨᠠᠭ᠎ᠠ ᠵᠢᠨ ᠠᠮᠢᠳᠤᠯᠢᠭ ᠦᠶ᠋ᠯᠡᠳᠦᠯᠭᠡ᠎ᠶ᠋ᠢᠨ ᠱᠢᠷᠢᠰ ᠬᠦᠦᠷᠨᠢᠯ ᠰᠢᠬᠦᠮᠵᠢ (ᠭᠤᠷᠪᠠ)
ᠬᠤᠶᠠᠬᠳᠤ ᠲᠡᠷᠭᠡ ᠵᠢᠨ ᠵᠢᠬᠰᠠᠭᠠᠯ ᠰᠦᠷ ᠵᠢᠪᠬᠤᠭ᠎ᠠ ᠲᠠᠢ᠂ ᠱᠢᠯᠭᠠᠨ ᠦᠵᠡᠬᠦ᠌᠎ᠶ᠋ᠢ ᠬᠦᠯᠢᠶᠡᠬᠦ᠌ ᠳᠠᠷᠤᠭ᠎ᠠ ᠪᠠᠢᠯᠳᠤᠭ᠍ᠴᠢᠳ ᠢᠳᠡᠷᠡᠭᠦᠨ ᠠᠯᠬᠤᠭ᠎ᠠ᠎ᠲᠠᠢ᠂ ᠠᠷᠠᠳ ᠤᠯᠠᠨ ᠣᠮᠣᠭ ᠪᠠᠬᠠᠳᠤᠮ᠎ᠠ᠃ ᠡᠨᠡ ᠵᠢᠯ ᠦᠨ 9 ᠰᠠᠷ᠎ᠠ᠎ᠶ᠋ᠢᠨ 3 ᠤ᠋ ᠡᠳᠦᠷ᠂ ᠰᠦᠷ ᠵᠢᠪᠬᠤᠯᠠᠩᠲᠠᠶ᠂ ᠰᠦᠷ ᠳᠠᠯᠠᠢᠴᠠᠲᠠᠶ᠂ ᠬᠥᠮᠦᠰ ᠦᠨ ᠰᠡᠳᠭᠢᠯ ᠢ ᠳᠣᠭ᠍ᠳᠣᠯᠤᠭᠤᠯᠤᠮ᠎ᠠ᠂ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠶᠠᠫᠣᠨ ᠢ ᠡᠰᠡᠷᠭᠦᠴᠡᠬᠦ᠌ ᠲᠡᠢᠨ ᠢ᠋ ᠲᠤᠷᠠᠰᠬᠠᠬᠤ ᠦᠪᠡᠳᠡᠭ᠌ᠰᠢ ᠶᠣᠰᠣᠯᠠᠯ ᠨᠢ ᠬᠦᠴᠦᠷᠬᠡᠭ ᠤᠯᠤᠰ ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠢᠲᠡᠭᠡᠯ ᠵᠣᠷᠢᠭ᠎ᠢ ᠤᠯᠠᠮ ᠨᠢᠭᠡ ᠠᠯᠬᠤᠮ ᠪᠠᠲᠤᠳᠭᠠᠪᠠ᠃
ᠶᠡᠷᠦᠩᠬᠡᠢ ᠱᠦᠵᠢ ᠰᠢ ᠵᠢᠨ ᠫᠢᠩ᠂ ᠳᠤᠷᠠᠰᠭᠠᠬᠤ ᠠᠵᠢᠯᠯᠠᠭ᠎ᠠ᠎ᠶ᠋ᠢᠨ ᠬᠥᠭ᠌ᠵᠢᠭᠡᠭ᠌ᠰᠡᠨ ᠬᠦᠴᠦᠷᠬᠡᠭ ᠶᠡᠬᠡ ᠢᠳᠡᠪᠬᠢ ᠬᠦᠴᠦᠨ᠎ᠢ ᠭᠦᠢᠴᠡᠳ ᠰᠠᠢᠲᠤᠷ ᠠᠱᠢᠭ᠍ᠯᠠᠵᠤ᠂ ᠳᠤᠷᠠᠰᠭᠠᠬᠤ ᠠᠵᠢᠯᠯᠠᠭ᠎ᠠ᠎ᠶ᠋ᠢᠨ ᠡᠨᠡ ᠬᠦ᠌ ᠤᠯᠤᠰ ᠵᠢᠡᠨ ᠬᠠᠢᠷᠠᠯᠠᠬᠤ ᠦᠵᠡᠯ᠎ᠦᠨ ᠠᠮᠢᠳᠤᠯᠢᠭ ᠵᠢᠭᠠᠬᠤ ᠮᠠᠲ᠋ᠧᠷᠢᠶᠠᠯ᠎ᠢ ᠦᠷᠭᠦᠯᠵᠢᠯᠡᠨ ᠰᠠᠢᠲᠤᠷ ᠠᠱᠢᠭ᠍ᠯᠠᠵᠤ᠂ ᠠᠵᠢᠯᠯᠠᠭ᠎ᠠ᠎ᠶ᠋ᠢᠨ ᠬᠥᠭ᠌ᠵᠢᠭᠡᠭ᠌ᠰᠡᠨ ᠢᠲᠡᠭᠡᠯ ᠵᠣᠷᠢᠭ᠂ ᠣᠮᠣᠭ ᠪᠠᠬᠠᠳᠤᠯᠳᠤ ᠰᠡᠳᠭᠢᠯᠭᠡ᠂ ᠵᠣᠷᠢᠭ ᠰᠠᠨᠠᠭ᠎ᠠ᠎ᠶ᠋ᠢ ᠰᠠᠢᠲᠤᠷ ᠬᠡᠷᠡᠭ᠌ᠯᠡᠵᠦ᠍ ᠰᠠᠢᠲᠤᠷ ᠪᠠᠳᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠵᠣᠷᠢᠭ ᠰᠠᠨᠠᠭᠠᠨ᠎ᠤ ᠵᠢᠯᠣᠭᠣᠳᠤᠮᠵᠢ ᠬᠡᠷᠡᠭ᠌ᠲᠡᠢ᠂ ᠤᠯᠤᠰ ᠤᠷᠤᠨ ᠤ᠋ ᠬᠥᠭ᠌ᠵᠢᠯᠲᠡ᠎ᠳᠦ ᠦᠷᠳᠡᠭ᠎ᠦᠨ ᠵᠢᠯᠣᠭᠣᠳᠤᠮᠵᠢ ᠬᠡᠷᠡᠭ᠌ᠲᠡᠢ᠃
ᠨᠡᠢᠭᠡᠮ᠎ᠦᠨ ᠦᠵᠡᠯ ᠰᠠᠨᠠᠭ᠎ᠠ ᠣᠢᠯᠠᠭᠠᠭ᠍ᠳᠠᠬᠤᠨ ᠪᠠ ᠦᠷᠳᠡᠭ᠎ᠦᠨ ᠬᠠᠨᠳᠤᠰᠢ ᠡᠳᠦᠷ ᠢᠷᠡᠬᠦᠶ᠎ᠡ ᠬᠥᠭ᠌ᠵᠢᠶᠡᠨᠲᠡᠢ ᠪᠤᠯᠵᠤ ᠪᠠᠢᠭ᠎ᠠ ᠱᠢᠨ᠎ᠡ ᠪᠠᠢᠳᠠᠯ᠎ᠤᠨ ᠡᠮᠦᠨ᠎ᠡ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠬᠡᠷᠬᠢᠨ ᠪᠡᠬᠢᠵᠢᠭᠦᠯᠬᠦ᠌ ᠪᠤᠢ?
ᠱᠢᠨ᠎ᠡ ᠠᠶᠠᠨ ᠳ᠋ᠤ᠂ ᠪᠢᠳᠡ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠬᠦᠲᠦᠯᠦᠨ ᠳᠠᠭᠠᠭᠤᠯᠬᠤ ᠬᠦᠴᠦᠨ᠎ᠲᠡᠶ ᠨᠡᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢ ᠪᠠᠢᠭᠤᠯᠬᠤᠯᠤᠭᠠ ᠨᠢᠭ᠍ᠲᠠ ᠤᠶᠠᠯᠳᠤᠭᠤᠯᠤᠨ᠂ ᠨᠡᠢᠭᠡᠮ ᠵᠢᠷᠤᠮ᠎ᠤᠨ ᠭᠣᠣᠯᠯᠠᠬᠤ ᠦᠷᠲᠡᠭ᠎ᠦᠨ ᠦᠵᠡᠯᠲᠡ᠎ᠪᠡᠷ ᠬᠦᠲᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠲᠡᠭ᠂ ᠳᠤᠮᠳᠠᠳᠤ ᠤᠯᠤᠰ᠎ᠤᠨ ᠬᠦᠴᠦᠨ᠎ᠢ ᠲᠠᠰᠤᠷᠠᠯᠲᠠ ᠦᠭᠡᠢ ᠪᠤᠢ ᠪᠣᠯᠭᠠᠵᠤ᠂ ᠭᠣᠣᠯ ᠦᠷᠲᠡᠭ᠂ ᠭᠣᠣᠯ ᠶᠠᠷᠢᠶ᠎ᠠ ᠬᠡᠯᠡᠯᠴᠡᠭᠡ᠂ ᠭᠣᠣᠯ ᠰᠣᠶᠣᠯ᠎ᠢ ᠬᠥᠭ᠌ᠵᠢᠭᠦᠯᠦᠨ ᠪᠤᠵᠠᠭᠠᠢᠷᠠᠭᠤᠯᠬᠤ ᠬᠡᠷᠡᠭ᠌ᠲᠡᠢ᠃
ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ᠎ᠲᠡᠶ ᠨᠡᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠶ᠋ᠢ ᠪᠠᠢᠭᠤᠯᠤᠨ᠎ᠠ
ᠡᠨᠡ ᠵᠢᠯ᠎ᠦᠨ 9 ᠰᠠᠷ᠎ᠠ᠎ᠳᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠦᠷᠢᠮ》 ᠢ᠋ ᠳᠠᠷᠤᠮᠠᠯᠯᠠᠨ ᠲᠠᠷᠬᠠᠭᠠᠪᠠ᠂ ᠡᠨᠡ ᠪᠣᠯ ᠮᠠᠨ᠎ᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠤᠬᠠᠶ ᠶᠡᠷᠦᠩᠬᠡᠢᠯᠡᠨ ᠵᠢᠯᠣᠭᠣᠳᠭᠤ ᠴᠢᠨᠠᠷᠲᠠᠶ᠂ ᠶᠡᠷᠦᠩᠬᠡᠢᠯᠡᠭ᠌ᠰᠡᠨ ᠴᠢᠨᠠᠷᠲᠠᠶ ᠰᠠᠭᠤᠷᠢ ᠭᠤᠤᠯ ᠪᠣᠯᠬᠤ ᠬᠠᠤᠯᠢ ᠲᠣᠭ᠍ᠲᠠᠭᠠᠯ ᠪᠣᠯᠤᠨ᠎ᠠ᠃
ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠲᠤᠬᠠᠢ 《ᠲᠦᠷᠢᠮ》 ᠳ᠋ᠤ᠂《ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂〈ᠭᠤᠷᠪᠠ᠎ᠶ᠋ᠢ ᠲᠥᠯᠥᠭᠡᠯᠡᠬᠦ᠌〉 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠭᠡᠷᠡᠭᠳᠠᠢ》 ᠭᠡᠵᠦ᠍ ᠴᠢᠬᠤᠯᠠᠴᠢᠯᠠᠨ᠂《ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ᠌᠎ᠪᠡᠷ ᠦᠨᠳᠦᠰᠦᠨ ᠡᠭᠦᠷᠭᠡ ᠪᠣᠯᠭᠠᠬᠤ ᠭᠡᠷᠡᠭᠳᠠᠢ》 ᠭᠡᠵᠦ᠍ ᠳᠤᠷᠠᠳᠪᠠ᠃
ᠮᠠᠷᠺᠰ ᠤᠨ ᠦᠵᠡᠯ ᠪᠣᠯ ᠮᠠᠨ᠎ᠤ ᠨᠠᠮ᠎ᠢᠶᠠᠨ ᠪᠠᠢᠭᠤᠯᠵᠤ ᠤᠯᠤᠰ᠎ᠢᠶᠠᠨ ᠮᠠᠨᠳᠤᠭᠤᠯᠬᠤ᠎ᠶ᠋ᠢᠨ ᠦᠨᠳᠦᠰᠦᠨ ᠵᠢᠯᠣᠭᠣᠳᠭᠤ ᠦᠵᠡᠯ ᠰᠠᠨᠠᠭ᠎ᠠ ᠮᠥᠨ᠂ ᠨᠡᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠲᠤᠭ ᠲᠡᠮᠳᠡᠭ ᠪᠠ ᠰᠦᠭ ᠰᠦᠨᠡᠰᠦ ᠮᠥᠨ᠃
ᠱᠢᠨ᠎ᠡ ᠴᠠᠭ ᠦᠶ᠎ᠡ᠎ᠳ᠋ᠤ ᠤᠷᠤᠬᠰᠡᠨ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠮᠠᠷᠺᠰ᠎ᠤᠨ ᠦᠵᠡᠯ᠎ᠦᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠵᠢᠯᠣᠭᠣᠳᠭᠤ ᠪᠠᠢᠷᠢ ᠰᠠᠭᠤᠷᠢ᠎ᠶ᠋ᠢᠨ ᠦᠨᠳᠦᠰᠦᠨ ᠲᠦᠷᠢᠮ᠎ᠢ ᠲᠣᠭ᠍ᠲᠠᠭᠠᠨ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠳᠠᠬᠢ ᠨᠠᠮ ᠤ᠋ᠨ ᠤᠳᠤᠷᠢᠳᠭᠤ ᠡᠷᠬᠡ᠎ᠶ᠋ᠢ ᠪᠠᠲᠤ ᠡᠵᠡᠮᠳᠡᠵᠦ᠍᠂ ᠨᠠᠮ᠎ᠤᠨ ᠱᠢᠨᠡᠡᠬᠦᠳᠤᠯᠳᠠ ᠵᠢᠨ ᠤᠨᠤᠯ᠎ᠢᠶᠠᠷ ᠪᠦᠬᠦ᠌ ᠨᠠᠮ᠎ᠢ ᠵᠡᠪᠰᠡᠭ᠌ᠯᠡᠬᠦ᠌᠂ ᠠᠷᠠᠳ ᠲᠦᠮᠡᠨ᠎ᠢ ᠬᠥᠮᠦᠵᠢᠭᠦᠯᠬᠦ᠌᠂ ᠦᠢᠯᠡᠳᠦᠯᠭᠡ᠎ᠶ᠋ᠢ ᠵᠢᠯᠣᠭᠣᠳᠭᠤ ᠠᠵᠢᠯ᠎ᠤᠨ ᠱᠢᠰᠲ᠋ᠧᠮ᠎ᠢ ᠪᠦᠷᠢᠨᠱᠢᠬᠦᠯᠵᠥ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠪᠠᠢᠳᠠᠯ᠎ᠳᠤ ᠪᠦᠬᠦ᠌ ᠲᠠᠯ᠎ᠠ᠎ᠶ᠋ᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃
ᠭᠠᠭ᠍ᠴᠠ ᠬᠦ᠌ ᠦᠵᠡᠯ ᠰᠠᠨᠠᠭ᠎ᠠ ᠤᠶᠤᠨ ᠰᠠᠨᠠᠭ᠎ᠠ ᠵᠢᠨ ᠲᠠᠯ᠎ᠠ᠎ᠪᠠᠷ ᠬᠢ ᠲᠠᠲᠠᠬᠤ ᠬᠦᠴᠦᠨ ᠪᠠ ᠨᠢᠭ᠍ᠲᠠᠷᠠᠭᠤᠯᠬᠤ ᠬᠦᠴᠦᠨ ᠪᠣᠯ ᠰᠠᠶᠢ ᠳᠣᠲᠣᠭᠠᠳᠤ᠎ᠶ᠋ᠢᠨ ᠬᠦᠴᠦᠷᠬᠡᠭ ᠶᠡᠬᠡ ᠤᠳᠠᠭᠠᠨ ᠲᠠᠭᠠᠭᠠᠮᠠᠭᠠᠢ ᠪᠠᠢᠳᠠᠭ᠃
ᠨᠠᠮ᠎ᠤᠨ ᠭᠡᠱᠢᠭᠦᠨ᠎ᠢ《ᠨᠠᠮ᠎ᠤᠨ ᠱᠢᠨᠡᠡᠬᠦᠳᠤᠯᠳᠠ ᠵᠢᠨ ᠤᠨᠤᠯ᠎ᠢ ᠰᠤᠷᠤᠯᠴᠠᠬᠤ᠂ ᠵᠢᠮ᠎ᠡ ᠶᠣᠰᠣ᠎ᠶ᠋ᠢ ᠣᠢᠯᠠᠭᠠᠬᠤ᠂ ᠴᠢᠭ᠌ᠯᠡᠯ᠎ᠢ ᠲᠣᠳᠣᠷᠬᠠᠢᠯᠠᠬᠤ᠂ ᠠᠷᠭ᠎ᠠ᠎ᠶ᠋ᠢ ᠰᠤᠷᠤᠯᠴᠠᠬᠤ᠂ ᠤᠶᠤᠨ ᠤᠬᠠᠭᠠᠨ᠎ᠢᠶᠠᠨ ᠨᠡᠮᠡᠭ᠌ᠳᠡᠭᠦᠯᠬᠦ᠌᠎ᠶ᠋ᠢ ᠪᠠᠷᠢᠮᠲᠠᠯᠠᠬᠤ》ᠵᠢ ᠤᠷᠢᠶᠠᠯᠠᠵᠤ᠂ ᠵᠠᠯᠠᠭᠤ ᠺᠠᠳ᠋ᠷᠴᠤᠳ᠎ᠲᠤ《ᠮᠠᠷᠺᠰ᠎ᠤᠨ ᠦᠵᠡᠯ᠎ᠦᠨ ᠤᠨᠤᠯ᠎ᠤᠨ ᠲᠦᠪᠱᠢᠨ ᠪᠣᠯᠤᠨ ᠬᠡᠷᠡᠭ᠌ᠯᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ》ᠭᠡᠵᠦ᠍ ᠵᠠᠬᠢᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠪᠠᠢᠭᠤᠯᠤᠯᠲᠠ᠎ᠶ᠋ᠢ《ᠨᠠᠮ᠎ᠤᠨ ᠱᠢᠨ᠎ᠡ ᠡᠬᠦᠳᠤᠯᠳᠠ ᠵᠢᠨ ᠤᠨᠤᠯ᠎ᠢᠶᠠᠷ ᠵᠡᠪᠰᠡᠭ᠌ᠯᠡᠬᠦ᠌᠎ᠲᠡᠶ ᠵᠡᠷᠭᠡ᠎ᠪᠡᠷ ᠠᠬᠢᠭᠤᠯᠬᠤ ᠬᠡᠷᠡᠭ᠌ᠲᠡᠢ》 ᠭᠡᠵᠦ᠍ ᠱᠠᠭᠠᠷᠳᠠᠪᠠ ᠁ ᠶᠡᠷᠤᠨᠭᠭᠡᠢ ᠱᠦᠵᠢ ᠰᠢ ᠵᠢᠨ ᠫᠢᠩ ᠪᠦᠬᠦ ᠨᠠᠮ ᠤ᠋ᠨ ᠤᠨᠤᠯ ᠤ᠋ᠨ ᠵᠡᠪᠰᠡᠭᠯᠡᠯ ᠵᠢᠡᠨ ᠴᠢᠨᠭᠭᠠᠳᠬᠠᠬᠤ᠂ ᠦᠵᠡᠯ ᠰᠠᠨᠠᠭᠠᠨ ᠤ᠋《ᠰᠦᠭ ᠰᠦᠨᠡᠰᠤ》ᠵᠢ ᠪᠠᠳᠤ ᠱᠤᠭᠤᠬᠤ ᠵᠢ ᠲᠠᠰᠤᠷᠠᠯᠳᠠ ᠦᠭᠡᠢ ᠬᠦᠳᠤᠯᠤᠨ ᠲᠠᠭᠠᠭᠤᠯᠪᠠ᠃
ᠨᠠᠮ᠎ᠤᠨ ᠱᠢᠨᠡᠡᠬᠦᠳᠤᠯᠳᠠ ᠵᠢᠨ ᠤᠨᠤᠯ᠎ᠤᠨ ᠰᠤᠳᠤᠯᠭᠠᠨ ᠲᠠᠢᠯᠪᠤᠷᠢᠯᠠᠯᠲᠠ᠎ᠶ᠋ᠢ ᠦᠷᠭᠦᠯᠵᠢᠯᠡᠨ ᠴᠢᠩᠭᠠᠳᠭᠠᠬᠤ᠎ᠡᠴᠡ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠲᠤᠯᠭᠠᠭᠤᠷᠢᠯᠠᠯ᠎ᠤᠨ ᠲᠣᠭ᠍ᠲᠠᠴᠠ ᠲᠠᠰᠤᠷᠠᠯᠳᠠ ᠦᠭᠡᠢ ᠴᠢᠩᠭᠠᠷᠠᠬᠤ ᠬᠦᠷᠲᠡᠯ᠎ᠡ᠂ ᠲᠠᠬᠢᠨ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ ᠬᠦᠷᠲᠡᠯ᠎ᠡ ᠁ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠨᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠭᠣᠣᠯ ᠵᠢᠬᠰᠠᠭᠠᠯ ᠤ᠋ᠨ ᠭᠠᠵᠠᠷ ᠢ᠋ ᠬᠦᠴᠦᠲᠡᠢ ᠪᠡᠬᠢᠵᠢᠭᠦᠯᠵᠡᠢ᠃
ᠦᠨᠳᠦᠰᠦᠲᠡᠨ᠎ᠦ ᠰᠡᠷᠭᠦᠨ ᠮᠠᠨᠳᠤᠯᠲᠠ ᠵᠠᠩᠭᠢᠯᠠᠭ᠎ᠠ᠎ᠶ᠋ᠢᠨ ᠱᠠᠳᠤᠨ ᠳ᠋ᠤ ᠣᠷᠣᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠦ ᠮᠥᠨ ᠯᠡ ᠴᠥᠭᠡᠨ ᠪᠤᠰᠤ ᠥᠷᠢᠰᠥᠯᠳᠦᠭᠡᠨ ᠣᠷᠣᠱᠢᠵᠤ ᠪᠠᠢᠨ᠎ᠠ᠃
ᠤᠷᠤᠭ᠍ᠰᠢᠯᠠᠯᠲᠠ᠎ᠶ᠋ᠢᠨ ᠵᠠᠮᠲᠡᠭᠡᠷᠠ᠂ ᠡᠷᠬᠡᠪᠰᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢᠨ ᠦᠨᠳᠦᠰᠦᠨ ᠲᠦᠷᠢᠮ᠎ᠢ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠭᠣᠣᠯᠯᠠᠬᠤ ᠡᠷᠬᠡ ᠪᠠ ᠦᠭᠡ ᠬᠡᠯᠡᠬᠦ᠌ ᠡᠷᠬᠡ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠬᠦᠳᠦᠯᠦᠨ ᠳᠠᠭᠠᠭᠤᠯᠬᠤ ᠬᠦᠴᠦᠨ ᠪᠦᠬᠦᠢ ᠨᠡᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ᠃
ᠨᠡᠢᠭᠡᠮ ᠵᠢᠷᠤᠮ ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠪᠡᠷ ᠰᠡᠳᠭᠢᠯ᠎ᠢ ᠨᠢᠭᠡᠳᠭᠡᠨ ᠬᠦᠴᠤ ᠪᠡᠨ ᠬᠠᠮᠳᠤᠳᠬᠠᠨ᠎ᠠ
ᠨᠡᠢᠭᠡᠮ ᠳᠠᠶᠠᠭᠠᠷ᠎ᠢᠶᠠᠨ ᠬᠠᠮᠲᠤ᠎ᠪᠠᠷ ᠮᠡᠳᠡᠷᠡᠵᠦ᠍ ᠪᠠᠢᠭ᠎ᠠ ᠭᠣᠣᠯᠯᠠᠬᠴᠢ ᠥᠷᠲᠡᠭ᠎ᠦᠨ ᠦᠵᠡᠯᠲᠡ ᠪᠣᠯ ᠦᠵᠡᠯ ᠤᠬᠠᠮᠰᠠᠷ᠎ᠤᠨ ᠬᠡᠯᠪᠡᠷᠢ᠎ᠶ᠋ᠢᠨ ᠳᠣᠲᠣᠷᠠᠬᠢ ᠬᠠᠮᠤᠭ᠎ᠤᠨ ᠤᠳᠠᠭᠠᠨ ᠳᠠᠭᠠᠭᠠᠮᠠᠭᠠᠶ᠂ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠦᠴᠦᠨ ᠮᠥᠨ᠃
ᠤᠢ᠍ᠢᠷ᠎ᠠ᠎ᠶ᠋ᠢᠨ ᠵᠢᠯ᠎ᠳ᠋ᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠣᠢᠵᠢᠭᠤᠯᠤᠨ ᠦᠢᠯᠡᠳᠦᠯᠭᠡᠵᠢᠭᠦᠯᠬᠦ᠌᠎ᠶ᠋ᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠱᠠᠭᠠᠷᠳᠠᠯᠭ᠎ᠠ ᠳᠤᠷᠠᠳᠴᠠᠢ᠄ ᠱᠠᠨᠳᠦ᠋ᠩ᠎ᠳᠦ ᠱᠢᠨᠵᠢᠯᠡᠨ ᠪᠠᠢᠴᠠᠭᠠᠬᠤ᠎ᠳᠠᠭᠠᠨ《ᠤᠳᠤ ᠦᠶ᠎ᠡ᠎ᠶ᠋ᠢᠨ ᠪᠣᠯᠪᠠᠰᠤᠨ᠎ᠤ ᠤᠢ᠍ᠢᠯᠠᠭᠠᠭ᠍ᠳᠠᠬᠤᠨ᠎ᠢ ᠬᠥᠳᠡᠭᠡ ᠲᠣᠰᠭᠣᠨ᠎ᠳᠤ ᠭᠦᠨ ᠦᠨᠳᠦᠰᠦᠯᠡᠭᠦᠯᠬᠦ᠌ ᠬᠡᠷᠡᠭ᠌ᠲᠡᠢ》ᠭᠡᠵᠦ᠍ ᠴᠢᠬᠤᠯᠠᠴᠢᠯᠠᠵᠤ᠂ ᠾᠧᠨᠠᠨ᠎ᠳᠤ ᠱᠢᠨᠵᠢᠯᠡᠨ ᠪᠠᠢᠴᠠᠭᠠᠬᠤ᠎ᠳᠠᠭᠠᠨ《ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢ᠂ ᠠᠵᠤ ᠠᠬᠤᠢᠯᠠᠯ᠎ᠤᠨ ᠦᠨᠡᠨᠴᠢ ᠢᠲᠡᠭᠡᠮᠵᠢ᠂ ᠨᠡᠢᠭᠡᠮ᠎ᠦᠨ ᠦᠨᠡᠨᠴᠢ ᠢᠲᠡᠭᠡᠮᠵᠢ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ》ᠭᠡᠵᠦ᠍ ᠱᠠᠭᠠᠷᠳᠠᠪᠠ;《ᠦᠨᠳᠦᠰᠦᠲᠡᠨ ᠨᠤᠭᠦᠳ ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠤᠯᠤᠰ ᠣᠷᠣᠨ᠎ᠤ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠣᠶ ᠪᠣᠯᠭᠠᠬᠤ》ᠵᠢ ᠲᠤᠳᠤᠷᠬᠠᠢᠯᠠᠵᠤ᠂ 《ᠤᠯᠤᠰ ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠣᠣᠮᠧᠨ᠎ᠢᠶᠡᠨ ᠬᠠᠢᠷᠠᠯᠠᠬᠤ ᠭᠤᠤᠯᠯᠠᠭ᠍ᠴᠢ ᠥᠷᠲᠡᠭ᠎ᠢ ᠤᠯᠠᠮᠵᠢᠯᠠᠨ ᠵᠠᠯᠭᠠᠮᠵᠢᠯᠠᠬᠤ ᠭᠡᠷᠡᠭᠳᠠᠢ》 ᠭᠡᠵᠤ ᠲᠤᠷᠠᠳᠪᠠ ᠁
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠣᠯᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ ᠡᠳᠦᠷ ᠢᠷᠡᠬᠦᠶ᠎ᠡ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠴᠢᠬᠤᠯᠠ ᠲᠣᠭ᠍ᠲᠠᠪᠤᠷᠢᠵᠢᠭᠤᠯᠤᠭ᠍ᠴᠢ ᠪᠣᠯᠪᠠ᠃
ᠡᠨᠡ ᠵᠢᠯ᠎ᠦᠨ 9 ᠰᠠᠷ᠎ᠠ᠎ᠶ᠋ᠢᠨ 30 ᠤ᠋ ᠡᠳᠦᠷ᠂ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠡᠳᠦᠷ ᠠᠷᠠᠳ᠎ᠤᠨ ᠪᠠᠭᠠᠲᠤᠷᠴᠤᠳ᠎ᠲᠤ ᠰᠠᠭᠰᠤᠳᠤ ᠴᠡᠴᠡᠭ ᠬᠦᠷᠭᠡᠬᠦ᠌ ᠶᠣᠰᠣᠯᠠᠯ ᠪᠡᠭᠡᠵᠢᠩ᠎ᠳᠦ ᠦᠪᠡᠳᠡᠭ᠌ᠰᠢ ᠶᠡᠬᠡᠪᠡᠷ ᠶᠠᠪᠤᠭ᠍ᠳᠠᠪᠠ᠃ 2014 ᠣᠨ᠎ᠡᠴᠡ ᠡᠬᠢᠯᠡᠨ᠂ ᠡᠨᠡ ᠡᠳᠦᠷ ᠪᠣᠯᠬᠤ ᠪᠦᠷᠢ᠂ ᠶᠡᠷᠦᠩᠬᠡᠢ ᠱᠦᠵᠢ ᠰᠢ ᠵᠢᠨ ᠫᠢᠩ ᠴᠥᠮ ᠠᠷᠠᠳ᠎ᠤᠨ ᠪᠠᠭᠠᠲᠤᠷᠴᠤᠳ᠎ᠲᠤ ᠰᠠᠭᠰᠤᠳᠤ ᠴᠡᠴᠡᠭ ᠬᠦᠷᠭᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠵᠠᠯᠭᠠᠮᠵᠢᠯᠠᠬᠤ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ ᠳᠤᠮᠳᠠ᠂ ᠪᠦᠬᠦ᠌ ᠨᠡᠢᠭᠡᠮ᠎ᠦᠨ ᠡᠷᠡᠮᠡᠬᠡᠢᠯᠡᠨ ᠤᠷᠤᠭ᠍ᠰᠢᠯᠠᠬᠤ ᠬᠦᠴᠦᠨ᠎ᠢ ᠨᠢᠭ᠍ᠲᠠᠷᠠᠭᠤᠯᠪᠠ᠃
ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ ᠨᠢ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶ᠋ᠢ ᠲᠥᠪᠯᠡᠷᠡᠩᠭᠦᠢ ᠢᠯᠡᠷᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠦᠷᠳᠡᠭ᠎ᠦᠨ ᠬᠥᠭᠡᠭᠡᠴᠡᠯᠳᠦᠯ᠎ᠢ ᠨᠢᠭ᠍ᠲᠠᠷᠠᠭᠤᠯᠵᠤ ᠪᠠᠢᠳᠠᠭ᠃ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠣᠢᠵᠢᠭᠤᠯᠤᠨ ᠦᠢᠯᠡᠳᠦᠯᠭᠡᠵᠢᠭᠦᠯᠬᠦ᠌᠎ᠳᠦ᠂ ᠬᠦᠰᠡᠯᠡᠩ ᠢᠲᠡᠭᠡᠯ ᠪᠢᠱᠢᠷᠡᠯ᠎ᠢᠶᠡᠷ ᠭᠣᠣᠯ ᠪᠣᠯᠭᠠᠭ᠍ᠰᠠᠨ ᠴᠢᠬᠤᠯᠠ ᠵᠠᠷᠴᠢᠮ᠎ᠢ ᠪᠠᠷᠢᠮᠲᠠᠯᠠᠵᠤ᠂ ᠬᠠᠮᠲᠤ᠎ᠶ᠋ᠢᠨ ᠬᠦᠰᠡᠯᠡᠩ ᠢᠲᠡᠭᠡᠯ ᠪᠢᠱᠢᠷᠡᠯ᠎ᠢᠶᠡᠷ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠬᠥᠭ᠌ᠵᠢᠭᠡᠬᠦ᠌ ᠬᠡᠷᠡᠭ᠌ᠲᠡᠢ᠃
《ᠦᠵᠡᠰᠭᠦᠯᠡᠩᠲᠦ ᠰᠠᠢᠬᠠᠨ ᠠᠭᠤᠯᠠ ᠤᠰᠤ᠎ᠪᠠᠨ ᠢᠮᠠᠬᠤ᠎ᠶ᠋ᠢᠨ ᠲᠡᠳᠦᠢ ᠴᠦ᠍ ᠨᠠᠢᠷ ᠲᠠᠯᠪᠢᠬᠤ ᠦᠭᠡᠢ!》 1937 ᠣᠨ᠎ᠤ ᠨᠠᠨᠵᠢᠩ᠎ᠤᠨ ᠶᠡᠬᠡ ᠬᠢᠳᠤᠯᠭ᠎ᠠ᠎ᠶ᠋ᠢᠨ ᠬᠤᠭᠤᠴᠠᠭᠠᠨ᠎ᠳᠤ ᠳᠤᠮᠳᠠᠳᠤ ᠤᠯᠤᠰ ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ ᠦᠨᠡᠨ ᠪᠣᠳᠠᠲᠤ ᠶᠠᠯ᠎ᠠ᠎ᠶ᠋ᠢᠨ ᠭᠡᠷᠡᠴᠢ ᠰᠡᠭᠦᠳᠡᠷ᠎ᠢᠶᠡᠷ ᠰᠡᠳᠦᠪᠯᠡᠭ᠌ᠰᠡᠨ ᠺᠢᠨᠣ᠋《ᠨᠠᠨᠵᠢᠩ᠎ᠤᠨ ᠬᠡᠷᠡᠯ ᠵᠢᠷᠤᠭ᠎ᠤᠨ ᠣᠷᠳᠣᠨ》 ᠨᠢ ᠡᠨᠡ ᠵᠢᠯ᠎ᠦᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠦ ᠬᠦᠮᠦᠰ᠎ᠤᠨ ᠤᠯᠤᠰ᠎ᠢᠶᠠᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠬᠥᠭ᠌ᠵᠢᠭᠡᠪᠡ᠃
ᠯᠠᠪᠳᠠᠭᠤᠨ ᠴᠢᠬᠢᠮᠡᠢ᠂ ᠡᠯᠪᠡᠭ ᠪᠠᠶᠠᠯᠢᠭ ᠰᠣᠶᠣᠯ᠎ᠤᠨ ᠦᠢᠯᠡᠳᠭᠦᠨ ᠪᠣᠯ ᠴᠠᠭ ᠦᠶ᠎ᠡ᠎ᠶ᠋ᠢᠨ ᠰᠣᠶᠣᠯ᠎ᠤᠨ ᠳᠡᠭᠡᠳᠦ ᠬᠡᠮᠵᠢᠶᠡᠨ᠎ᠦ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ᠎ᠶ᠋ᠢ ᠱᠤᠭᠤᠬᠤ᠂ ᠤᠶᠤᠨ ᠪᠢᠯᠢᠭ᠎ᠢ ᠰᠡᠩᠬᠡᠷᠡᠭᠦᠯᠬᠦ᠌ ᠰᠡᠳᠭᠢᠯ᠎ᠢ ᠤᠮᠳᠠᠯᠠᠬᠤ ᠴᠢᠬᠤᠯᠠ ᠦᠢᠯᠡᠳᠦᠯ᠎ᠢ ᠪᠠᠳᠠᠷᠠᠭᠤᠯᠵᠤ ᠪᠠᠢᠨ᠎ᠠ᠃
《ᠰᠠᠢ᠌ᠨ ᠳᠤᠷ᠎ᠠ᠎ᠶ᠋ᠢᠨ ᠴᠡᠷᠢᠭ᠄ᠴᠢᠰᠤᠲᠤ ᠪᠠᠢᠯᠳᠤᠭᠠᠨ ᠵᠢᠡᠷ ᠡᠩᠬᠡ ᠲᠠᠢᠪᠤᠩ᠎ᠢ ᠲᠡᠮᠡᠴᠡᠨ ᠤᠯᠪᠠ》᠂《ᠭᠤᠳᠤᠮᠵᠢᠨ ᠳ᠋ᠡᠬᠢ ᠠᠢᠯ》᠂《ᠠᠭᠤᠯᠠᠨ ᠴᠡᠴᠡᠭ ᠪᠠᠳᠠᠷᠠᠨ ᠳᠡᠯᠭᠡᠷᠡᠬᠦ᠌ ᠴᠠᠭ ᠵᠢᠡᠷ》ᠵᠡᠷᠭᠡ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠠᠳᠠᠷᠠᠭᠤᠯᠤᠭ᠍ᠰᠠᠨ ᠱᠢᠯᠢᠳᠡᠭ ᠤᠳᠭ᠎ᠠ ᠤᠷᠠᠯᠢᠭ᠎ᠤᠨ ᠪᠦᠲᠦᠭᠡᠯ ᠲᠠᠰᠤᠷᠠᠯᠳᠠ ᠦᠬᠡᠢ ᠴᠣᠯᠭᠣᠷᠠᠨ ᠭᠠᠷᠴᠤ᠌᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠷᠠᠰᠭᠠᠯ᠎ᠤᠨ ᠣᠷᠳᠣᠨ ᠵᠡᠷᠭᠡ ᠬᠤᠪᠢᠰᠭᠠᠯ᠎ᠤᠨ ᠲᠠᠯᠠᠪᠠᠢ ᠲᠠᠯᠠᠪᠤᠷᠵᠢᠡᠷ ᠬᠦᠮᠦᠨ ᠤ ᠲᠠᠯᠠᠢ ᠪᠤᠴᠠᠯᠤᠨ᠎ᠠ ᠁ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ ᠨᠢ ᠰᠣᠶᠣᠯ᠎ᠤᠨ ᠦᠢᠯᠡᠳᠭᠦᠨ᠎ᠢ ᠵᠣᠬᠢᠶᠠᠨ ᠪᠦᠲᠦᠭᠡᠵᠦ᠍ ᠦᠢᠯᠡᠳᠬᠦ ᠪᠦᠬᠦ᠌ ᠶᠠᠪᠤᠴᠠ ᠪᠣᠯᠤᠨ ᠰᠣᠶᠣᠯ᠎ᠤᠨ ᠦᠢᠯᠡᠴᠢᠯᠡᠭᠡᠨ᠎ᠦ ᠪᠦᠬᠦ᠌ ᠬᠡᠯᠬᠢᠶ᠎ᠡ᠎ᠳᠦ ᠠᠭᠤᠰᠪᠠ᠃
ᠡᠨᠡ ᠵᠢᠯ᠎ᠦᠨ 8 ᠰᠠᠷ᠎ᠠ᠎ᠳᠤ᠂《ᠱᠢᠨ᠎ᠡ ᠴᠠᠭ ᠦᠶ᠎ᠡ᠎ᠶ᠋ᠢᠨ ᠠᠵᠢᠯ ᠮᠡᠷᠭᠡᠵᠢᠯ᠎ᠦᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢᠨ ᠲᠥᠪ ᠶᠣᠰᠣ᠎ᠶ᠋ᠢ ᠰᠠᠬᠢᠵᠤ ᠱᠢᠨ᠎ᠡ᠎ᠶ᠋ᠢ ᠡᠭᠦᠳᠬᠦ᠌》ᠰᠡᠳᠦᠪᠪᠦᠬᠦᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠨᠠᠨᠵᠢᠩ᠎ᠳᠤ ᠶᠠᠪᠤᠭ᠍ᠳᠠᠵᠤ᠂ ᠤᠯᠠᠨ᠎ᠤ ᠠᠵᠢᠯ ᠦᠢᠯᠡᠰ᠎ᠢᠶᠡᠨ ᠳᠡᠭᠡᠳᠦᠯᠡᠵᠦ᠍᠂ ᠨᠢᠭ᠍ᠲᠠ᠎ᠡᠴᠡ ᠨᠢᠭ᠍ᠲᠠ ᠪᠠᠢᠬᠤ᠎ᠶ᠋ᠢ ᠵᠣᠷᠢᠭ᠍ᠵᠢᠭᠤᠯᠪᠠ᠃
ᠡᠨᠡ ᠪᠣᠯ《ᠭᠤᠤᠯᠯᠠᠭᠴᠢ ᠥᠷᠲᠡᠭ᠎ᠦᠨ ᠦᠵᠡᠯᠲᠡ᠎ᠶ᠋ᠢᠨ ᠰᠢᠷᠢᠰ ᠶᠠᠷᠢᠶᠠᠨ᠎ᠤ ᠲᠠᠪᠴᠠᠩ》 ᠤ᠋ᠨ 161 ᠳ᠋ᠤᠭᠡᠷ ᠲᠠᠯᠠᠪᠠᠶ ᠠᠵᠢᠯᠯᠠᠭ᠎ᠠ ᠪᠣᠯᠤᠨ᠎ᠠ᠃ ᠤᠯᠠᠨ ᠵᠢᠯ᠎ᠦᠨ ᠲᠤᠷᠰᠢ ᠡᠨᠡ ᠬᠦ᠌ ᠲᠦᠷᠦᠯ ᠲᠡᠮᠳᠡᠭ᠎ᠦᠨ ᠠᠵᠢᠯᠯᠠᠭ᠎ᠠ ᠨᠢ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠥᠷᠭᠡᠨ᠎ᠢᠶᠡᠷ ᠳᠠᠮᠵᠢᠭᠤᠯᠵᠤ᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠬᠦᠴᠦᠲᠡᠢ ᠠᠬᠢᠭᠤᠯᠪᠠ᠃
ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ ᠦᠨ ᠦᠵᠡᠯᠲᠡ᠎ᠶ᠋ᠢ ᠪᠣᠢᠵᠢᠭᠤᠯᠤᠨ ᠦᠢᠯᠡᠳᠦᠯᠭᠡᠵᠢᠭᠦᠯᠬᠦ᠌᠎ᠳᠦ ᠠᠭᠠᠷ ᠰᠢᠭ᠋ ᠭᠠᠵᠠᠷ ᠪᠣᠯᠭᠠᠨ᠎ᠳᠤ ᠴᠠᠭ ᠢᠮᠠᠭ᠍ᠲᠠ ᠪᠠᠢᠯᠭᠠᠵᠤ᠂ ᠠᠷᠠᠳ ᠤᠯᠠᠨ᠎ᠤ ᠡᠳᠦᠷ ᠲᠤᠳᠤᠮ᠎ᠤᠨ ᠬᠡᠷᠡᠭ᠌ᠯᠡᠭᠡᠨ᠎ᠦ ᠤᠬᠠᠮᠰᠠᠷᠳᠤ ᠠᠵᠢᠯᠯᠠᠭ᠎ᠠ᠎ᠶ᠋ᠢᠨ ᠪᠠᠷᠢᠮᠵᠢᠶ᠎ᠠ ᠪᠣᠯᠭᠠᠬᠤ ᠬᠡᠷᠡᠭ᠌ᠲᠡᠢ᠃
ᠬᠣᠲᠠ᠎ᠶ᠋ᠢᠨ ᠠᠷᠠᠳ᠎ᠤᠨ ᠨᠡᠢᠲᠡ᠎ᠶ᠋ᠢᠨ ᠭᠡᠷ᠎ᠡ᠂ ᠰᠤᠷᠤᠭ᠍ᠴᠢᠳ᠎ᠤᠨ ᠰᠠᠬᠢᠯᠭ᠎ᠠ ᠲᠦᠷᠢᠮ ᠵᠡᠷᠭᠡ ᠦᠶ᠋ᠯᠡ ᠠᠵᠢᠯᠯᠠᠭ᠎ᠠ᠎ᠶ᠋ᠢᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠨᠤᠲᠤᠭ᠎ᠤᠨ ᠰᠤᠷᠲᠠᠯ᠎ᠤᠨ ᠪᠣᠯᠪᠠᠰᠤᠨ ᠪᠠ ᠬᠡᠷ ᠪᠦᠯᠢ ᠶ᠋ᠢᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠰᠠᠢᠨ ᠳᠤᠷ᠎ᠠ ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠂ ᠪᠥᠬᠥ᠌ ᠠᠷᠠᠳ᠎ᠢᠶᠠᠷ᠎ᠢᠶᠠᠨ ᠠᠷᠪᠢᠯᠠᠨ ᠭᠠᠮᠨᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠪᠠ᠁ ᠳᠤᠮᠳᠠᠳᠤ᠎ᠶ᠋ᠢᠨ ᠡᠬᠡ ᠭᠠᠵᠠᠷ᠎ᠲᠤ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢᠨ ᠦᠨᠳᠦᠰᠦ ᠭᠦᠨ ᠨᠠᠪᠴᠢ ᠰᠠᠬᠤᠯᠢᠭ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠨ᠎ᠠ᠃
ᠨᠠᠷᠢᠨ ᠨᠢᠮᠪᠠᠢ ᠨᠠᠢᠳᠠᠪᠤᠷᠢᠵᠢᠭᠤᠯᠬᠤ᠂ ᠭᠦᠢᠴᠡᠳ ᠨᠠᠢᠳᠠᠪᠤᠷᠢᠵᠢᠭᠤᠯᠬᠤ᠂ ᠪᠤᠳᠠᠳᠠᠢ ᠨᠠᠢᠳᠠᠪᠤᠷᠢᠵᠢᠭᠤᠯᠬᠤ ᠶ᠋ᠢ ᠴᠢᠬᠤᠯᠠᠴᠢᠯᠠᠵᠤ᠂ ᠠᠷᠠᠳ ᠢᠷᠭᠡᠳ ᠦᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠬᠠᠤᠯᠢ ᠪᠡᠷ ᠵᠠᠰᠠᠬᠤ ᠪᠠᠢᠭᠤᠯᠤᠯᠲᠠ᠎ᠳᠤ ᠠᠭᠤᠰᠤᠯᠴᠠᠭᠤᠯᠵᠤ᠂ ᠨᠡᠢᠭᠡᠮ᠎ᠦᠨ ᠬᠥᠭ᠌ᠵᠢᠯᠲᠡ᠎ᠳᠦ ᠠᠭᠤᠰᠤᠯᠴᠠᠭᠤᠯᠵᠤ᠂ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠬᠤ ᠬᠡᠷᠡᠭ᠌ᠲᠡᠢ᠃
ᠰᠦᠯᠵᠢᠶᠡᠨ ᠲᠡᠭᠡᠷᠡᠬᠢ ᠪᠠ ᠪᠤᠳᠠᠳᠤ ᠠᠬᠤᠢ ᠵᠢᠨ ᠢᠵᠢᠯ ᠲᠥᠪ᠎ᠲᠦ ᠲᠣᠭᠣᠷᠢᠭ ᠲᠦ᠍ ᠴᠤᠭᠯᠠᠷᠠᠭᠤᠯᠤᠨ᠎ᠠ
2024 ᠣᠨ᠎ᠤ 10 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠲᠥᠪ᠎ᠦᠨ ᠤᠯᠤᠰ ᠲᠦᠷᠦ᠍᠎ᠶ᠋ᠢᠨ ᠲᠣᠪᠴᠢᠶ᠎ᠡ ᠵᠢᠨ ᠠᠷᠪᠠᠨ ᠳᠣᠯᠣᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ᠄《ᠡᠷᠬᠡᠪᠰᠢ ᠨᠠᠮ᠎ᠡᠴᠡ ᠤᠬᠠᠭᠤᠯᠭ᠎ᠠ᠎ᠶ᠋ᠢ ᠬᠠᠮᠢᠶᠠᠷᠬᠤ᠂ ᠨᠠᠮ᠎ᠡᠴᠡ ᠦᠵᠡᠯ ᠤᠬᠠᠮᠰᠠᠷ᠎ᠤᠨ ᠬᠡᠯᠪᠡᠷᠢ᠎ᠶ᠋ᠢ ᠬᠠᠮᠢᠶᠠᠷᠬᠤ᠂ ᠨᠠᠮ᠎ᠡᠴᠡ ᠵᠠᠭᠤᠴᠢᠯᠠᠭᠤᠷ᠎ᠢ ᠬᠠᠮᠢᠶᠠᠷᠬᠤ᠂ ᠨᠠᠮ᠎ᠡᠴᠡ ᠢᠨᠲᠸᠷ ᠰᠦᠯᠵᠢᠢ᠎ᠡ᠎ᠶ᠋ᠢ ᠬᠠᠮᠢᠶᠠᠷᠬᠤ ᠵᠠᠷᠴᠢᠮ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ᠎ᠶ᠋ᠢᠨ ᠨᠥᠬᠥᠴᠡᠯ ᠳᠣᠣᠷᠠᠬᠢ ᠰᠣᠶᠣᠯ᠎ᠤᠨ ᠬᠦᠷᠢᠶᠡᠨ᠎ᠦ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ᠎ᠤᠨ ᠲᠠᠯ᠎ᠠ᠎ᠪᠠᠷ ᠨᠠᠮ᠎ᠤᠨ ᠲᠦᠷᠦ᠍ ᠪᠠᠷᠢᠬᠤ ᠰᠠᠭᠤᠷᠢ ᠪᠠ ᠤᠯᠠᠨ ᠲᠦᠮᠡᠨ᠎ᠦ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ》 ᠭᠡᠵᠦ ᠴᠢᠬᠤᠯᠠᠴᠢᠯᠠᠪᠠ᠃
ᠣᠳᠣᠬᠠᠨ᠎ᠳᠤ᠂ ᠲᠣᠭᠠᠴᠢᠯᠠᠯᠲᠠ᠂ ᠤᠶᠤᠨᠴᠢᠯᠠᠯᠲᠠ ᠦᠳᠲᠡᠷ ᠲᠦᠷᠭᠡᠨ ᠬᠥᠭ᠌ᠵᠢᠵᠦ᠍᠂ ᠮᠡᠳᠡᠭᠡ ᠵᠠᠩᠭᠢᠵᠢᠯᠲᠠ᠎ᠶ᠋ᠢᠨ ᠨᠥᠬᠥᠴᠡᠯ ᠳᠣᠣᠷᠠᠬᠢ ᠰᠣᠶᠣᠯ᠎ᠤᠨ ᠬᠦᠷᠢᠶᠡᠨ᠎ᠦ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠨᠢ ᠨᠢᠭᠡᠨ ᠲᠤᠯᠭᠠᠮ ᠡᠭᠦᠷᠭᠡ ᠪᠣᠯᠪᠠ᠃
ᠮᠢᠩᠭᠠᠨ ᠣᠨ᠎ᠤ ᠡᠷᠲᠡᠨ᠎ᠦ ᠨᠡᠢᠰᠯᠡᠯ᠎ᠡᠴᠡ ᠱᠢᠨᠵᠢᠯᠡᠬᠦ᠌ ᠤᠬᠠᠭᠠᠨ᠎ᠤ ᠬᠤᠳᠠ ᠬᠦᠷᠲᠡᠯ᠎ᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠎ᠡᠴᠡ ᠤᠶᠤᠨᠴᠢ ᠦᠢᠯᠡᠳᠭᠡᠯ ᠬᠦᠷᠲᠡᠯ᠎ᠡ ᠁ 2025 ᠣᠨ᠎ᠤ《ᠠᠮᠢᠵᠢᠷᠠᠯ᠎ᠤᠨ ᠬᠦᠴᠦᠨ᠎ᠲᠡᠶ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶ᠋ᠢᠨ ᠠᠶᠠᠯᠠᠯ》 ᠭᠣᠣᠯ ᠰᠡᠳᠦᠪᠲᠦ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠳᠤᠮᠳᠠ ᠰᠣᠨᠢᠨ ᠮᠡᠳᠡᠭᠡᠨ᠎ᠦ ᠹᠷᠣᠨᠲ᠎ᠤᠨ ᠬᠢᠨ ᠭᠣᠣᠯᠳᠠᠯᠭ᠎ᠠ᠎ᠲᠠᠶ ᠣᠷᠣᠨ ᠪᠦᠰᠡ ᠪᠣᠯᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠭᠦᠨᠴᠡ᠎ᠲᠡᠶ᠂ ᠪᠦᠲᠦᠭᠡᠯᠴᠢ ᠴᠢᠨᠠᠷ ᠪᠦᠬᠦᠢ ᠠᠭᠤᠰᠤᠯᠴᠠᠭ᠍ᠰᠠᠨ ᠮᠡᠳᠡᠭᠡᠯᠡᠯ ᠭᠠᠷᠭᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ ᠵᠢᠨ《ᠢᠲᠡᠭᠡᠯ ᠵᠣᠷᠢᠭ᠎ᠢ ᠴᠢᠩᠭᠠᠳᠭᠠᠬᠤ》 ᠭᠣᠣᠯ ᠬᠦᠭ ᠠᠶᠠᠰ᠎ᠢ ᠬᠠᠩᠭᠢᠨᠠᠭᠤᠯᠪᠠ᠃
ᠮᠡᠳᠡᠭᠡ ᠵᠠᠩᠭᠢᠵᠢᠯᠲᠠ᠎ᠶ᠋ᠢᠨ ᠠᠪᠴᠢᠷᠠᠭ᠍ᠰᠠᠨ ᠣᠯᠳᠠᠬᠤᠶ᠎ᠠ ᠪᠡᠷᠬᠡ ᠠᠵᠠ ᠲᠣᠬᠢᠶᠠᠯ᠎ᠢ ᠠᠮᠵᠢᠵᠤ᠂ ᠮᠡᠳᠡᠭᠡ ᠵᠠᠩᠭᠢ᠎ᠶ᠋ᠢᠨ ᠬᠤᠪᠢᠰᠭᠠᠯ᠎ᠤᠨ ᠦᠷ᠎ᠡ ᠪᠦᠲᠦᠭᠡᠯ᠎ᠢ ᠠᠱᠢᠭ᠍ᠯᠠᠵᠤ᠂ ᠭᠣᠣᠯ ᠦᠷᠲᠡᠭ᠎ᠦᠨ ᠨᠥᠯᠥᠭᠡᠯᠡᠬᠦ᠌ ᠬᠦᠴᠦᠨ᠎ᠢ ᠥᠷᠭᠡᠳᠭᠡᠪᠡᠯ ᠨᠠᠮ᠎ᠤᠨ ᠳᠠᠭᠤᠨ ᠨᠡᠩ ᠬᠦᠨᠭᠭᠢᠨᠡᠮᠡ᠂ ᠨᠡᠩ ᠦᠷᠭᠡᠨ ᠲᠡᠯᠭᠡᠷ᠂ ᠨᠡᠩ ᠭᠦᠨᠵᠡᠭᠡᠢ ᠤᠯᠠᠮᠵᠢᠯᠠᠭ᠍ᠳᠠᠬᠤ ᠪᠣᠯᠤᠨ᠎ᠠ᠃
《ᠵᠠᠯᠠᠭᠤᠴᠤᠳ᠎ᠢᠶᠠᠷ ᠬᠠᠷᠢᠭᠤᠴᠠᠯᠭ᠎ᠠ ᠡᠭᠦᠷᠭᠡᠯᠡᠭᠦᠯᠵᠦ᠍᠂ ᠨᠡᠢᠭᠡᠮ᠎ᠦᠨ ᠬᠡᠪ ᠰᠤᠷᠲᠠᠯ᠎ᠢ ᠳᠠᠭᠠᠭᠤᠯᠤᠨ᠎ᠠ ᠴᠢᠩ ᠦᠨᠡᠨᠴᠢ ᠵᠠᠯᠠᠭᠤ ᠨᠠᠰᠤ᠎ᠪᠠᠷ᠎ᠢᠶᠠᠨ ᠴᠠᠭ ᠦᠶ᠎ᠡ᠎ᠶ᠋ᠢᠨ ᠬᠠᠭᠤᠳᠠᠰᠤ᠎ᠶ᠋ᠢ ᠵᠢᠷᠤᠭ᠍ᠯᠠᠶ᠎ᠠ!》 ᠭᠡᠬᠦ 2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠦ ᠪᠣᠯᠪᠠᠰᠤᠨ᠎ᠤ ᠶᠡᠬᠡ ᠬᠤᠷᠠᠯ᠎ᠤᠨ ᠭᠣᠣᠯ ᠶᠠᠷᠢᠶᠠᠨ᠎ᠤ ᠲᠠᠪᠴᠠᠩ ᠳᠡᠭᠡᠷ᠎ᠡ᠂ ᠵᠠᠯᠠᠭᠤᠴᠤᠳ᠎ᠤᠨ ᠲᠥᠯᠥᠭᠡᠯᠡᠭ᠌ᠴᠢᠳ ᠵᠠᠯᠠᠭᠤᠴᠤᠳ᠎ᠤᠨ ᠰᠦᠯᠵᠢᠶᠡᠨ᠎ᠦ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠲᠤᠷᠠᠳᠴᠤ᠂ ᠰᠦᠯᠵᠢᠶᠡᠨ ᠳᠡᠭᠡᠷᠡᠬᠢ ᠰᠠᠢ᠌ᠨ ᠰᠠᠢᠬᠠᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠵᠠᠯᠠᠭᠤ ᠨᠠᠰᠤᠨ᠎ᠤ ᠬᠦᠴᠦᠨ᠎ᠢ ᠨᠢᠭ᠍ᠲᠠᠷᠠᠭᠤᠯᠪᠠ᠃
ᠣᠳᠣᠬᠠᠨ᠎ᠳᠤ᠂ ᠮᠠᠨ᠎ᠤ ᠤᠯᠤᠰ᠎ᠤᠨ ᠰᠦᠯᠵᠢᠶᠡᠴᠢᠳ᠎ᠤᠨ ᠲᠣᠭ᠎ᠠ 11 ᠳ᠋ᠦᠩᠱᠢᠭᠤᠷ᠎ᠢ ᠳᠠᠪᠠᠵᠤ ᠪᠠᠢᠨ᠎ᠠ᠃ ᠰᠦᠯᠵᠢᠶᠡᠨ᠎ᠦ ᠣᠷᠣᠨ ᠵᠠᠢ ᠨᠢ ᠨᠢᠭᠡᠨᠲᠡ ᠬᠥᠮᠦᠰ᠎ᠦᠨ ᠦᠢᠯᠡᠳᠪᠦᠷᠢᠯᠡᠯ ᠠᠮᠢᠳᠤᠷᠠᠯ᠎ᠤᠨ ᠱᠢᠨ᠎ᠡ ᠣᠷᠣᠨ ᠵᠠᠢ ᠪᠣᠯᠤᠭ᠍ᠰᠠᠨ ᠪᠥᠭᠡᠳ ᠰᠣᠶᠣᠯ᠎ᠤᠨ ᠪᠠᠢᠭᠤᠯᠤᠯᠲᠠ᠎ᠶ᠋ᠢᠨ ᠱᠢᠨ᠎ᠡ ᠣᠷᠣᠨ ᠵᠠᠢ ᠪᠣᠯᠬᠤ ᠶᠣᠰᠣᠲᠠᠢ᠃
ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠂ ᠳᠡᠯᠡᠬᠡᠶ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ᠎ᠤᠨ ᠦᠵᠸᠨᠳᠡᠬᠢ ᠲᠦᠷᠦᠭᠦᠴᠦᠳ᠎ᠦᠨ ᠬᠤᠷᠠᠯ᠎ᠢ ᠵᠠᠯᠭᠠᠭ᠎ᠠ᠎ᠪᠠᠷ ᠡᠷᠭᠢᠯᠡᠵᠦ᠍᠂《ᠴᠡᠪᠡᠷ ᠲᠤᠩᠭᠠᠯᠠᠭ》᠂ 《ᠴᠡᠪᠡᠷ ᠰᠦᠯᠵᠢᠶ᠎ᠡ》ᠵᠡᠷᠭᠡ ᠲᠤᠰᠭᠠᠶ ᠠᠵᠢᠯᠯᠠᠭ᠎ᠠ ᠥᠷᠨᠢᠭᠦᠯᠦᠨ ᠰᠦᠯᠵᠢᠶᠡᠨ᠎ᠦ ᠬᠦᠷᠢᠶᠡᠨ᠎ᠳᠡᠬᠢ ᠰᠠᠮᠠᠭᠤᠨ ᠦᠵᠡᠭ᠌ᠳᠡᠯ᠎ᠢ ᠴᠡᠭ᠌ᠴᠡᠯᠡᠨ ᠵᠠᠰᠠᠵᠤ᠂ ᠢᠳᠡᠪᠬᠢᠲᠡᠶ ᠪᠥᠭᠡᠳ ᠡᠷᠡᠭᠦᠯ᠂ ᠥᠭᠡᠳᠡᠷᠬᠡᠭ ᠴᠠᠢᠯᠭᠠᠨ ᠰᠦᠯᠵᠢᠶᠡᠨ᠎ᠦ ᠰᠣᠶᠣᠯ᠎ᠢ ᠬᠦᠴᠦᠯᠡᠨ ᠪᠣᠢᠵᠢᠭᠤᠯᠵᠤ᠂ ᠰᠦᠯᠵᠢᠶᠡᠨ᠎ᠦ ᠠᠮᠢ ᠠᠬᠤᠶ᠎ᠶ᠋ᠢᠨ ᠵᠠᠰᠠᠯᠲᠠ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠥᠯᠤᠨ᠂ ᠰᠦᠯᠵᠢᠶᠡᠨ᠎ᠦ ᠣᠷᠣᠨ ᠵᠠᠶ᠎ᠶ᠋ᠢ ᠡᠳᠦᠷ ᠢᠷᠡᠬᠦᠶ᠎ᠡ ᠦᠨ᠎ᠡ ᠥᠷᠲᠡᠭ᠎ᠲᠡᠶ᠎ᠪᠡᠷ ᠮᠡᠳᠡᠷᠡᠬᠦ᠌᠂ ᠬᠥᠮᠦᠨᠴᠢ ᠬᠠᠯᠠᠮᠵᠢᠯᠠᠯ᠎ᠲᠠᠶ᠂ ᠬᠠᠢᠷ᠎ᠠ ᠰᠡᠳᠭᠢᠯᠭᠡ᠎ᠲᠡᠶ ᠰᠠᠢᠨ ᠰᠠᠢᠬᠠᠨ ᠣᠶᠤᠨ ᠰᠠᠨᠠᠭᠠᠨ᠎ᠤ ᠬᠡᠷ ᠣᠷᠣᠨ ᠪᠣᠯᠭᠠᠪᠠ᠃
《ᠤᠯᠤᠰ᠎ᠤᠨ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠮᠡᠳᠡᠭᠦᠯᠦᠯᠲᠡ(2024 ᠣᠨ)》 ᠳ᠋ᠤ ᠬᠠᠷᠠᠭᠤᠯᠤᠭᠰᠠᠨ᠎ᠢᠶᠡᠷ᠂ ᠮᠠᠨ᠎ᠤ ᠤᠯᠤᠰ᠎ᠤᠨ ᠲᠣᠭᠠᠴᠢᠯᠠᠭ᠍ᠰᠠᠨ ᠰᠣᠶᠣᠯ᠎ᠤᠨ ᠬᠥᠳᠡᠯᠭᠡᠬᠦ᠌ ᠴᠢᠳᠠᠪᠤᠷᠢ ᠨᠠᠩ ᠡᠷᠴᠢᠮᠲᠡᠶ ᠪᠣᠯᠵᠣ᠂ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠰᠣᠶᠣᠯ᠎ᠤᠨ ᠠᠭᠤᠰᠤᠯᠴᠠᠨ ᠬᠥᠭ᠌ᠵᠢᠬᠦ᠌ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠰᠣᠶᠣᠯ᠎ᠤᠨ ᠢᠳᠡᠪᠬᠢ ᠬᠦᠴᠦᠨ ᠲᠠᠰᠤᠷᠠᠯᠲᠠ ᠥᠬᠡᠶ ᠪᠠᠳᠠᠷᠠᠵᠤ ᠪᠠᠢᠨ᠎ᠠ᠃
ᠰᠣᠶᠣᠯ᠎ᠤᠨ ᠲᠣᠭᠠᠴᠢᠯᠠᠯᠲᠠ᠎ᠶ᠋ᠢ ᠤᠯᠤᠰ᠎ᠤᠨ ᠪᠠᠢᠯᠳᠤᠬᠤ ᠪᠤᠳᠤᠯᠭ᠎ᠠ ᠪᠣᠯᠭᠠᠬᠤ᠎ᠡᠴᠡ ᠤᠶᠤᠨᠲᠤ ᠨᠣᠮ᠎ᠤᠨ ᠰᠠᠩ᠂ ᠡᠭᠦᠯᠡᠨ ᠲᠠᠪᠴᠠᠩ᠎ᠦᠨ ᠮᠦᠽᠧᠢ ᠵᠡᠷᠭᠡ ᠲᠣᠭᠠᠴᠢᠯᠠᠭ᠍ᠰᠠᠨ ᠦᠢᠯᠡᠴᠢᠯᠡᠭᠡ᠎ᠶ᠋ᠢ ᠪᠦᠬᠦ᠌ ᠠᠷᠠᠳ ᠬᠠᠮᠲᠤ᠎ᠪᠠᠷ ᠡᠳ᠋ᠯᠡᠬᠦ᠌ ᠬᠦᠷᠲᠡᠯ᠎ᠡ ᠁ ᠲᠣᠭᠠᠴᠢᠯᠠᠭ᠍ᠰᠠᠨ ᠴᠠᠭ ᠦᠶ᠎ᠡ᠎ᠶ᠋ᠢᠨ ᠠᠯᠬᠤᠭ᠎ᠠ᠎ᠶ᠋ᠢ ᠰᠠᠯᠤᠯ ᠦᠭᠡᠢ ᠲᠠᠭᠠᠵᠤ᠂ ᠰᠣᠶᠣᠯ᠎ᠤᠨ ᠦᠢᠯᠡᠰ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠪᠡ᠃
ᠢᠷᠡᠭᠡᠳᠦᠢ᠎ᠶ᠋ᠢ ᠪᠠᠷᠠᠯᠠᠬᠤᠶ᠎ᠠ᠂ ᠰᠣᠶᠣᠯ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠰᠣᠶᠣᠯ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠭᠦᠨᠵᠡᠭᠡᠢ ᠠᠭᠤᠰᠤᠯᠴᠠᠯ ᠢ ᠲᠦᠷᠭᠡᠳᠭᠡᠨ ᠠᠬᠢᠭᠤᠯᠵᠤ᠂ ᠲᠡᠷᠢᠭᠦᠨ᠎ᠦ ᠬᠡᠷᠡᠭ᠌ᠯᠡᠭᠡᠨ᠎ᠦ ᠮᠡᠷᠭᠡᠵᠢᠯ᠎ᠢᠶᠡᠷ ᠨᠡᠢᠭᠡᠮ ᠵᠢᠷᠤᠮ ᠤᠨ ᠲᠡᠷᠢᠭᠦᠨ᠎ᠦ ᠰᠣᠶᠣᠯ᠎ᠢ ᠨᠡᠩ ᠰᠠᠢᠲᠤᠷ ᠪᠠᠢᠭᠤᠯᠵᠤ᠂ ᠰᠣᠶᠣᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠡᠵᠡᠯᠡᠬᠦ᠌ ᠬᠡᠷᠡᠭ᠌ᠲᠡᠢ᠃
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠠᠷᠠᠳ ᠲᠦᠮᠡᠨ᠎ᠢ ᠬᠦᠰᠡᠯᠡᠩ ᠢᠲᠡᠭᠡᠯ ᠪᠢᠱᠢᠷᠡᠯ᠂ ᠦᠷᠳᠡᠭ᠎ᠦᠨ ᠣᠢᠯᠠᠭᠠᠭ᠍ᠳᠠᠬᠤᠨ᠂ ᠶᠣᠰᠣ ᠰᠤᠷᠲᠠᠬᠤᠨ᠎ᠤ ᠦᠵᠡᠯᠲᠡ᠎ᠶ᠋ᠢᠨ ᠲᠠᠯ᠎ᠠ᠎ᠪᠠᠷ ᠨᠢᠭ᠍ᠲᠠ ᠪᠦᠯᠬᠦᠮᠳᠡᠭᠦᠯᠵᠦ᠍᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢᠶᠡᠷ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ᠎ᠪᠠᠷ ᠬᠦᠴᠦᠯᠡᠨ ᠴᠢᠷᠮᠠᠢᠬᠤ ᠬᠡᠷᠡᠭ᠌ᠲᠡᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)