ᠨᠠᠮᠤᠷ᠎ᠤᠨ ᠬᠤᠷᠢᠶᠠᠯᠲᠠ ᠨᠠᠮᠤᠷ᠎ᠤᠨ ᠲᠠᠷᠢᠶᠠᠯᠠᠭ᠎ᠠ ᠵᠢᠨ 《ᠵᠠᠪᠳᠤᠬᠤ 》 ᠪᠠ 《ᠪᠠᠲᠤᠯᠠᠬᠤ》 ᠠᠵᠢᠯ᠎ᠢ ᠰᠠᠢᠲᠤᠷ ᠠᠳᠭᠤᠰᠤᠭᠠᠢ
2025-10-13 15:33:45
ᠵᠣᠬᠢᠶᠠᠭ᠍ᠴᠢ᠄
ᠸᠠᠩ ᠶᠤᠸᠠᠢ ᠶᠠᠩ ᠬᠣ᠌ ᠯᠦ᠍
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠬᠤᠭᠤᠴᠠᠭᠠᠨ᠎ᠳᠤ ᠬᠠᠲᠤᠨ ᠭᠣᠣᠯ ᠬᠤᠸᠠᠢᠾᠧ ᠭᠣᠣᠯ ᠳᠠᠭᠠᠤ ᠣᠷᠣᠨ ᠢᠯᠠᠩᠭᠤᠶ᠎ᠠ ᠾᠧᠨᠠᠨ᠂ ᠱᠠᠨᠳᠦ᠋ᠩ᠂ ᠠᠨᠾᠦ᠋ᠶ ᠵᠡᠷᠭᠡ ᠭᠠᠵᠠᠷ᠎ᠲᠤ ᠦᠷᠭᠦᠯᠵᠢᠯᠡᠭ᠌ᠰᠡᠨ ᠪᠦᠷᠬᠦᠭ ᠪᠣᠷᠣᠭᠠᠨ᠎ᠲᠠᠶ ᠴᠠᠭ ᠠᠭᠤᠷ ᠢᠯᠡᠷᠡᠵᠦ᠂ ᠵᠠᠷᠢᠮ ᠭᠠᠵᠠᠷ᠎ᠤᠨ ᠲᠠᠷᠢᠶᠠᠨ ᠭᠠᠵᠠᠷ ᠤᠰᠤᠳᠤᠵᠤ᠂ ᠲᠠᠷᠢᠶᠠᠯᠠᠩ᠎ᠤᠨ ᠮᠠᠱᠢᠨ ᠲᠠᠷᠢᠶᠠᠨ ᠎ᠳᠤ ᠪᠠᠭᠤᠵᠤ ᠠᠵᠢᠯᠯᠠᠵᠤ ᠳᠡᠢᠯᠬᠦ᠌ ᠦᠭᠡᠶ ᠪᠣᠯᠵᠤ᠂ ᠨᠠᠮᠤᠷ᠎ᠤᠨ ᠬᠤᠷᠢᠶᠠᠯᠲᠠ᠎ᠶ᠋ᠢᠨ ᠠᠬᠢᠴᠠ ᠎ᠶ᠋ᠢ ᠨᠥᠯᠥᠭᠡᠯᠡᠭᠰᠡᠨᠪᠦᠭᠡᠳ ᠨᠠᠮᠤᠷ᠎ᠤᠨ ᠲᠠᠷᠢᠶᠠᠯᠠᠭ᠎ᠠ᠎ᠳᠤ ᠵᠣᠬᠢᠬᠤ ᠬᠡᠮᠵᠢᠶᠡᠨ᠎ᠦ ᠬᠦᠴᠢᠷᠳᠡᠯ ᠤᠴᠠᠷᠠᠭᠤᠯᠤᠭ᠍ᠰᠠᠨ ᠪᠠᠢᠨ᠎ᠠ᠃ ᠪᠥᠬᠥ᠌ ᠬᠦᠴᠦᠨ᠎ᠢᠶᠡᠷ᠎ᠢᠶᠡᠨ ᠵᠠᠪᠳᠤᠨ ᠬᠤᠷᠢᠶᠠᠵᠤ ᠵᠠᠪᠳᠤᠨ ᠳᠠᠷᠢᠵᠤ᠂ ᠨᠠᠮᠤᠷ ᠎ᠤᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠵᠤ᠂ ᠲᠠᠷᠢᠶᠠᠯᠠᠬᠤ ᠴᠠᠭ ᠎ᠢ ᠵᠠᠪᠳᠤᠨ ᠨᠠᠮᠤᠷ ᠎ᠤᠨ ᠲᠠᠷᠢᠶᠠᠯᠠᠭ᠎ᠠ ᠬᠢᠬᠦ ᠵᠢ ᠦᠨᠡᠨ ᠬᠦ᠌ ᠪᠠᠲᠤᠯᠠᠬᠤ ᠨᠢ ᠣᠳᠣᠬᠠᠨ᠎ᠤ  ᠨᠠᠮᠤᠷ ᠤ᠋ᠨ ᠦᠶ᠋ᠯᠡᠳᠪᠦᠷᠢᠯᠡᠯ᠎ᠦᠨ ᠬᠠᠮᠤᠭ᠎ᠤᠨ ᠲᠤᠯᠭᠠᠮ ᠡᠭᠦᠷᠭᠡ ᠪᠣᠯᠵᠠᠶ᠃

ᠲᠠᠷᠢᠮᠠᠯ ᠎ᠤᠨ ᠤᠷᠭᠤᠯᠲᠠ ᠴᠤ᠌ ᠭᠡᠰᠡᠨ᠂ ᠠᠮᠤ ᠪᠤᠳᠠᠭᠠᠨ᠎ᠤ ᠬᠤᠷᠢᠶᠠᠯᠲᠠ᠂ ᠨᠦᠬᠡᠴᠡᠯᠡᠯᠲᠡ ᠴᠤ᠌ ᠭᠡᠰᠡᠨ᠂ ᠠᠮᠤ ᠪᠤᠳᠠᠭᠠᠨ᠎ᠤ ᠠᠮᠤᠷ ᠲᠦᠪᠱᠢᠨ᠎ᠦ ᠬᠥᠪᠴᠢ᠎ᠶ᠋ᠢ ᠴᠠᠭ ᠢᠮᠠᠭ᠍ᠲᠠ ᠴᠢᠩᠭᠠᠯᠠᠬᠤ ᠬᠡᠷᠡᠭ᠌ᠲᠡᠶ᠃ ᠡᠨᠡ ᠵᠢᠯ ᠎ᠡᠴᠡ ᠨᠠᠭᠠᠰᠢ᠂ ᠪᠢᠳᠡ ᠭᠠᠩ ᠬᠠᠭ᠍ᠰᠠᠷᠠᠭᠠᠨ᠂ ᠦᠶᠡᠷ ᠤᠰᠤᠲᠤᠯ ᠵᠡᠷᠭᠡ ᠪᠠᠢᠭᠠᠯᠢ᠎ᠶ᠋ᠢᠨ ᠭᠠᠮᠱᠢᠭ ᠎ᠤᠨ ᠨᠥᠯᠥᠭᠡ᠎ᠶ᠋ᠢ ᠢᠯᠠᠨ ᠳᠠᠪᠠᠵᠤ᠂ ᠵᠤᠨ᠎ᠤ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠭᠤᠨ ᠪᠠᠢᠯᠭᠠᠬᠤ᠂ ᠡᠷᠲᠡ᠎ᠶ᠋ᠢᠨ ᠲᠤᠲᠤᠷᠭ᠎ᠠ᠎ᠶ᠋ᠢᠨ ᠤᠨᠠᠯᠲᠠ᠎ᠶ᠋ᠢ ᠨᠡᠮᠡᠭ᠌ᠳᠡᠭᠦᠯᠬᠦ᠌ ᠵᠢ ᠪᠡᠶᠡᠯᠡᠭᠦᠯᠵᠦ᠂ ᠨᠠᠮᠤᠷ᠎ᠤᠨ ᠠᠮᠤ ᠪᠤᠳᠠᠭᠠᠨ᠎ᠤ ᠤᠷᠭᠤᠴᠠ ᠰᠠᠢᠨ ᠪᠠᠢᠨ᠎ᠠ᠃ ᠦᠷᠭᠦᠯᠵᠢᠯᠡᠭ᠌ᠰᠡᠨ ᠪᠦᠷᠬᠦᠭ ᠪᠣᠷᠣᠭᠠᠨ᠎ᠲᠠᠶ ᠴᠠᠭ ᠠᠭᠤᠷ᠎ᠤᠨ ᠨᠥᠯᠥᠭᠡ᠎ᠶ᠋ᠢ ᠪᠦᠲᠦᠮᠵᠢᠲᠡᠶ ᠠᠷᠭᠠᠴᠠᠭᠠᠵᠤ᠂ ᠨᠠᠮᠤᠷ᠎ᠤᠨ ᠬᠤᠷᠢᠶᠠᠯᠲᠠ ᠨᠠᠮᠤᠷ ᠎ᠤᠨ ᠲᠠᠷᠢᠶᠠᠯᠠᠭ᠎ᠠ᠎ᠶ᠋ᠢᠨ ᠦᠶ᠋ᠯᠡᠴᠢᠯᠡᠭᠡ ᠪᠠᠲᠤᠯᠠᠭ᠎ᠠ᠎ᠶ᠋ᠢ ᠰᠠᠢᠲᠤᠷ ᠠᠳᠭᠤᠬᠤ ᠪᠣᠯ ᠡᠨᠡ ᠵᠢᠯ ᠎ᠦᠨ ᠨᠠᠮᠤᠷ᠎ᠤᠨ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶ᠋ᠢ ᠪᠠᠲᠤᠯᠠᠵᠤ᠂ ᠢᠷᠡᠬᠦ᠌ ᠵᠢᠯ ᠎ᠦᠨ ᠵᠣᠨ ᠎ᠤ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠰᠠᠭᠤᠷᠢ᠎ᠶ᠋ᠢ ᠰᠠᠢᠲᠤᠷ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ ᠬᠡᠷᠡᠭ᠌ᠲᠡᠶ᠃

ᠬᠠᠮᠳᠤ ᠤᠯᠠᠨ᠎ᠢᠶᠡᠷ᠎ᠢᠶᠡᠨ ᠰᠡᠳᠭᠢᠯ ᠨᠢᠭᠡᠳᠪᠡᠰᠦ ᠬᠦᠴᠦᠷᠭᠡᠭ ᠶᠡᠬᠡ ᠬᠦᠴᠦᠨ᠎ᠢ ᠪᠠᠳᠠᠷᠠᠭᠤᠯᠵᠤ ᠴᠢᠳᠠᠮᠤᠢ᠃ ᠦᠷᠭᠦᠯᠵᠢᠯᠡᠭᠰᠡᠨ ᠪᠦᠷᠬᠦᠭ ᠪᠣᠷᠣᠭᠠᠨ᠎ᠢ ᠠᠷᠭᠠᠴᠠᠭᠠᠬᠤ᠎ᠶ᠋ᠢᠨ ᠲᠥᠯᠥᠭᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠢᠳᠡᠪᠬᠢᠲᠡᠢ ᠠᠵᠢᠯᠯᠠᠭ᠎ᠠ ᠠᠪᠴᠤ᠌ ᠪᠠᠢᠨ᠎ᠠ᠃ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠠᠵᠢᠯ᠎ᠤᠨ ᠲᠤᠰᠭᠠᠶ ᠠᠩᠭᠢ ᠪᠠᠢᠭᠤᠯᠵᠤ᠂ ᠮᠤᠵᠢ ᠠᠯᠤᠰᠯᠠᠨ ᠭᠢᠨᠵᠢᠲᠦ ᠬᠠᠳᠤᠵᠤ ᠬᠤᠷᠢᠶᠠᠬᠤ ᠮᠠᠱᠢᠨ᠂ ᠬᠠᠭ᠍ᠰᠠᠭᠠᠵᠤ ᠬᠠᠳᠠᠭᠠᠬᠤ ᠮᠠᠱᠢᠨ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠮᠠᠱᠢᠨ ᠪᠠᠭᠠᠵᠢ᠎ᠶ᠋ᠢ ᠲᠣᠬᠢᠷᠠᠭᠤᠯᠤᠨ ᠰᠢᠯᠵᠢᠬᠦᠯᠬᠦ᠎ᠶ᠋ᠢᠨ ᠬᠠᠮᠲᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠯᠦᠭᠡ ᠭᠠᠮᠱᠢᠭ ᠡᠴᠡ ᠠᠪᠤᠷᠬᠠᠸ᠋ ᠮᠠᠱᠢᠨ ᠪᠠᠭᠠᠵᠢ᠎ᠶ᠋ᠢᠨ ᠨᠥᠬᠥᠪᠥᠷᠢ᠎ᠶ᠋ᠢᠨ ᠵᠦᠶ᠋ᠯᠡᠰ᠎ᠢ ᠤᠯᠠᠮ ᠨᠢᠭᠡ ᠠᠯᠬᠤᠮ ᠲᠣᠳᠣᠷᠬᠠᠢᠯᠠᠪᠠ᠃ ᠭᠠᠮᠱᠢᠭ᠍ᠳᠠᠭ᠍ᠰᠠᠨ ᠭᠠᠵᠠᠷ ᠣᠷᠣᠨ ᠪᠣᠷᠣᠭᠠᠨ᠎ᠤ ᠵᠠᠪᠰᠠᠷ᠎ᠢ ᠠᠱᠢᠭ᠍ᠯᠠᠨ ᠬᠥᠮᠦᠨ ᠪᠠ ᠮᠠᠰᠢᠨ᠎ᠢ ᠵᠤᠬᠢᠶᠠᠨ ᠪᠠᠢᠭᠤᠯᠤᠨ ᠡᠭᠡᠯᠵᠢᠯᠡᠭᠦᠯᠵᠦ᠂ ᠡᠳᠦᠷ ᠰᠥᠨᠢ ᠵᠣᠭ᠍ᠰᠣᠯ ᠦᠭᠡᠶ ᠠᠵᠢᠯᠯᠠᠵᠤ᠂ 《ᠬᠤᠷᠢᠶᠠᠵᠤ ᠳᠡᠢᠯᠪᠡᠯ ᠪᠦᠬᠦᠨ᠎ᠢ ᠬᠤᠷᠢᠶᠠᠵᠤ᠂ ᠪᠤᠰᠢᠭᠤ ᠠᠮᠵᠢᠨ ᠳᠦᠷᠭᠡᠨ ᠬᠤᠷᠢᠶᠠᠵᠤ》᠂ ᠲᠠᠷᠢᠶᠠᠨ ᠭᠠᠵᠠᠷ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠪᠠ᠃ ᠵᠠᠷᠢᠮ ᠭᠠᠵᠠᠷ ᠣᠷᠣᠨ᠎ᠤ ᠬᠢᠨ ᠪᠠᠰᠠ ᠪᠠᠴᠢᠮ ᠪᠠᠢᠳᠠᠯ᠎ᠢ ᠠᠷᠭᠠᠴᠠᠭᠠᠬᠤ ᠮᠠᠱᠢᠨ ᠪᠠᠭᠠᠵᠢ᠎ᠶ᠋ᠢ ᠬᠠᠨᠳᠤᠯᠭᠠᠲᠤ ᠴᠢᠨᠠᠷᠲᠠᠶ᠎ᠪᠠᠷ ᠥᠭᠡᠷᠡᠴᠢᠯᠡᠨ ᠲᠠᠰ ᠳᠡᠪᠱᠢᠭᠦᠯᠵᠦ᠍᠂ ᠨᠤᠭᠤ ᠭᠠᠵᠠᠷ᠎ᠢᠶᠠᠷ ᠥᠩᠭᠡᠷᠡᠬᠦ᠌᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠪᠠᠢᠨ᠎ᠠ᠃ ᠠᠷᠭᠠᠴᠠᠭᠠᠬᠤ ᠠᠷᠭ᠎ᠠ ᠬᠡᠮᠵᠢᠶ᠎ᠡ ᠨᠢ ᠣᠢᠷ᠎ᠠ᠎ᠶ᠋ᠢᠨ ᠵᠢᠯ᠎ᠦᠳ᠎ᠲᠦ ᠮᠠᠨ᠎ᠤ ᠤᠯᠤᠰ᠎ᠤᠨ 《ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠪᠠᠳᠤᠯᠠᠵᠤ᠂ ᠮᠡᠷᠭᠡᠵᠢᠯ᠎ᠢᠶᠡᠷ ᠠᠮᠤ ᠪᠤᠳᠠᠭᠠᠨ ᠎ᠤ ᠤᠨᠠᠯᠲᠠ᠎ᠶ᠋ᠢ ᠨᠡᠮᠡᠭ᠌ᠳᠡᠭᠦᠯᠬᠦ》 ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠦᠭ᠌ᠰᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠎ᠪᠠᠷ ᠣᠳᠣᠬᠠᠨ᠎ᠤ ᠭᠠᠮᠱᠢᠭ᠎ᠲᠠᠶ ᠲᠡᠮᠡᠴᠡᠵᠦ᠍ ᠡᠯᠪᠡᠭ ᠬᠤᠷᠢᠶᠠᠯᠲᠠ᠎ᠶ᠋ᠢ ᠲᠡᠮᠡᠴᠡᠨ ᠤᠯᠬᠤ ᠪᠠᠳᠤ ᠢᠲᠡᠭᠡᠯ ᠵᠣᠷᠢᠭ᠎ᠢ ᠪᠣᠶ ᠪᠣᠯᠭᠠᠵᠠᠶ᠃

ᠣᠳᠣᠬᠠᠨ᠎ᠳᠤ ᠪᠦᠬᠦ᠌ ᠤᠯᠤᠰ᠎ᠤᠨ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ ᠲᠠᠪᠤᠨ ᠬᠤᠪᠢ᠎ᠶ᠋ᠢ ᠳᠠᠪᠠᠵᠠᠶ᠃ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠪᠠ ᠳᠤᠮᠳᠠᠳᠤ ᠤᠯᠤᠰ᠎ᠤᠨ ᠴᠠᠭ ᠠᠭᠤᠷ᠎ᠤᠨ ᠲᠤᠪᠴᠢᠶ᠎ᠠ᠎ᠶ᠋ᠢᠨ ᠬᠠᠮᠲᠤᠷᠠᠨ ᠨᠡᠢᠲᠡᠯᠡᠭ᠌ᠰᠡᠨ ᠪᠦᠷᠬᠦᠭ ᠪᠣᠷᠣᠭᠠᠨ ᠪᠠ ᠲᠠᠷᠢᠶᠠᠨ ᠭᠠᠵᠠᠷ᠎ᠤᠨ ᠤᠰᠤᠲᠤᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢᠨ ᠰᠡᠷᠡᠮᠵᠢᠯᠡᠭᠦᠯᠦᠯ᠎ᠢ ᠦᠨᠳᠦᠰᠦᠯᠡᠪᠡᠯ᠂ ᠰᠡᠭᠦᠯᠴᠢ᠎ᠶ᠋ᠢᠨ ᠬᠤᠭᠤᠴᠠᠭᠠᠨ᠎ᠳᠤ ᠬᠡᠰᠡᠭ ᠭᠠᠵᠠᠷ ᠣᠷᠣᠨ᠎ᠳᠤ ᠪᠦᠷᠬᠦᠭ ᠪᠣᠷᠣᠭᠠᠨ ᠪᠠ ᠲᠠᠷᠢᠶᠠᠨ ᠭᠠᠵᠠᠷ᠎ᠤᠨ ᠤᠰᠤᠲᠤᠯ᠎ᠤᠨ ᠠᠶᠤᠯ ᠲᠦᠭ᠌ᠰᠢᠭᠦᠷᠢ ᠦᠷᠭᠦᠯᠵᠢᠯᠡᠨ ᠣᠷᠣᠱᠢᠬᠤ ᠪᠤᠯᠤᠨ᠎ᠠ᠃ ᠨᠠᠮᠤᠷ᠎ᠤᠨ ᠠᠮᠤ ᠪᠤᠳᠠᠭ᠎ᠠ᠎ᠶ᠋ᠢ ᠵᠠᠪᠳᠤᠨ ᠬᠤᠷᠢᠶᠠᠵᠤ ᠵᠠᠪᠳᠤᠨ ᠬᠠᠳᠠᠭᠠᠬᠤ 《ᠬᠠᠮᠠᠭᠠᠯᠠᠬᠤ ᠳᠠᠢᠯᠠᠯᠳᠤᠭᠠᠨ》 ᠢ᠋ ᠰᠠᠢᠲᠤᠷ ᠬᠢᠬᠦ᠌᠎ᠳᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠠᠰᠠ ᠰᠣᠨᠣᠷ ᠰᠡᠷᠡᠮᠵᠢ᠎ᠪᠡᠨ ᠳᠡᠭᠡᠭ᠌ᠰᠢᠯᠡᠭᠦᠯᠵᠦ᠍᠂ ᠲᠦᠷᠦ᠍᠎ᠶ᠋ᠢᠨ ᠪᠤᠳᠤᠯᠭ᠎ᠠ᠎ᠪᠠᠨ ᠨᠠᠷᠢᠯᠢᠬ᠍ᠵᠢᠭᠤᠯᠵᠤ᠂ ᠴᠠᠭ ᠠᠭᠤᠷ᠎ᠤᠨ ᠰᠡᠷᠡᠮᠵᠢᠯᠡᠭᠦᠯᠦᠯ᠂ ᠲᠠᠷᠢᠶᠠᠨ ᠭᠠᠵᠠᠷ᠎ᠲᠦ ᠵᠠᠪᠳᠤᠨ ᠬᠤᠷᠢᠶᠠᠬᠤ᠂ ᠪᠤᠭᠤᠳᠠᠢ ᠲᠠᠷᠢᠬᠤ᠎ᠳᠦ ᠪᠡᠯᠡᠳᠬᠡᠬᠦ ᠡᠴᠡ ᠨᠠᠮᠤᠷ᠎ᠤᠨ ᠠᠮᠤ ᠪᠤᠳᠠᠭ᠎ᠠ ᠵᠢ ᠬᠤᠷᠢᠶᠠᠵᠤ ᠨᠥᠭᠡᠴᠡᠯᠡᠬᠦ᠌ ᠬᠦᠷᠲᠡᠯ᠎ᠡ ᠪᠦᠬᠦ᠌ ᠲᠠᠯ᠎ᠠ᠎ᠪᠠᠷ ᠬᠦᠴᠦᠯᠡᠬᠦ᠌ ᠬᠡᠷᠡᠭ᠌ᠲᠡᠢ᠃

《ᠵᠠᠪᠳᠤᠬᠤ》ᠠᠵᠢᠯ᠎ᠢ ᠰᠠᠢᠲᠤᠷ ᠠᠳᠭᠤᠬᠤ ᠬᠡᠷᠡᠭ᠌ᠲᠡᠢ᠃ ᠴᠠᠭ ᠠᠭᠤᠷ᠎ᠤᠨ ᠤᠷᠢᠳᠴᠢᠯᠠᠭ᠍ᠰᠠᠨ ᠮᠡᠳᠡᠭᠡ᠎ᠶ᠋ᠢ ᠴᠢᠩᠭ᠎ᠠ ᠠᠩᠬᠠᠷᠴᠤ᠌᠂ ᠬᠤᠷᠢᠶᠠᠵᠤ ᠬᠠᠳᠠᠭᠠᠯᠠᠬᠤ ᠱᠢᠵᠢᠷ ᠠᠯᠲᠠᠨ ᠴᠣᠩᠬᠣᠪᠴᠢ ᠪᠦᠷᠢ᠎ᠶ᠋ᠢ ᠰᠠᠢᠲᠤᠷ ᠠᠳᠭᠤᠬᠤ ᠬᠡᠷᠡᠭ᠌ᠲᠡᠶ᠃ ᠪᠠᠴᠢᠮ ᠪᠠᠢᠳᠠᠯ᠎ᠢ ᠠᠷᠭᠠᠴᠡᠭᠠᠬᠤ ᠮᠠᠱᠢᠨ ᠪᠠᠭᠠᠵᠢ ᠬᠤᠳᠠᠯᠳᠤᠨ ᠠᠪᠬᠤ᠂ ᠥᠭᠡᠷᠡᠴᠢᠯᠡᠨ ᠤᠭ᠍ᠰᠠᠷᠠᠬᠤ᠂ ᠠᠵᠢᠯᠯᠠᠬᠤ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠲᠠᠷᠢᠶᠠᠯᠠᠩ᠎ᠤᠨ ᠮᠠᠱᠢᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠮᠡᠳᠡᠭᠡ ᠵᠠᠩᠭᠢ ᠨᠡᠢᠲᠡᠯᠡᠬᠦ᠌᠂ ᠰᠠᠭᠠᠳ ᠥᠬᠡᠶ ᠨᠡᠪᠲᠡᠷᠡᠬᠦ᠌᠂ ᠠᠵᠢᠯᠯᠠᠬᠤ᠎ᠳᠤ ᠬᠡᠷᠡᠭᠯᠡᠬᠦ ᠲᠣᠰᠣ ᠵᠡᠷᠭᠡ ᠦᠶ᠋ᠯᠡᠴᠢᠯᠡᠭᠡ᠎ᠶ᠋ᠢ ᠴᠢᠩᠭᠠᠳᠭᠠᠨ᠂ ᠮᠠᠱᠢᠨ ᠪᠠᠭᠠᠵᠢ᠎ᠶ᠋ᠢᠨ ᠪᠠᠲᠤᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠴᠢᠩᠭᠠᠷᠠᠭᠤᠯᠵᠤ᠂ ᠨᠠᠮᠤᠷ᠎ᠤᠨ ᠬᠤᠷᠢᠶᠠᠯᠲᠠ᠎ᠶ᠋ᠢᠨ ᠠᠬᠢᠴᠠ᠎ᠶ᠋ᠢ ᠲᠦᠷᠭᠡᠳᠭᠡᠬᠦ ᠬᠡᠷᠡᠭᠲᠡᠢ᠃

《ᠪᠠᠲᠤᠯᠠᠬᠤ》 ᠠᠵᠢᠯ᠎ᠢ ᠳᠣᠪᠣᠢᠯᠭᠠᠬᠤ ᠬᠡᠷᠡᠭ᠌ᠲᠡᠶ᠃ ᠠᠮᠤ ᠪᠤᠳᠠᠭ᠎ᠠ ᠬᠤᠳᠠᠯᠳᠤᠨ ᠠᠪᠬᠤ᠂ ᠳᠠᠭᠠᠳᠭᠠᠯ᠎ᠤᠨ ᠲᠥᠯᠥᠪᠦᠷᠢ ᠥᠭ᠌ᠬᠦ ᠵᠡᠷᠭᠡ ᠠᠵᠢᠯ᠎ᠢ ᠵᠣᠬᠢᠴᠠᠭᠤᠯᠤᠨ ᠰᠠᠢᠲᠤᠷ ᠬᠢᠵᠦ᠍᠂ ᠨᠠᠮᠤᠷ᠎ᠤᠨ ᠠᠮᠤ ᠪᠤᠳᠠᠭᠠᠨ᠎ᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠵᠦᠢ ᠵᠣᠬᠢᠰᠲᠠᠢ ᠠᠱᠢᠭ ᠣᠷᠣᠯᠭ᠎ᠠ᠎ᠶ᠋ᠢ ᠪᠠᠲᠤᠯᠠᠬᠤ ᠬᠡᠷᠡᠭᠲᠡᠢ᠃ ᠡᠪᠦᠯ᠎ᠦᠨ ᠪᠣᠭᠣᠳᠠᠶ ᠳᠠᠷᠢᠬᠤ᠎ᠶ᠋ᠢ ᠡᠷᠲᠡᠬᠡᠨ ᠲᠥᠯᠥᠪᠵᠢᠭᠦᠯᠵᠦ᠍᠂ ᠦᠷ᠎ᠡ᠂ ᠪᠣᠷᠲᠣᠭᠣᠷ ᠵᠡᠷᠭᠡ ᠡᠳ᠋ ᠪᠣᠳᠠᠰ᠎ᠤᠨ ᠬᠠᠩᠭᠠᠯᠭ᠎ᠠ᠎ᠶ᠋ᠢ ᠴᠢᠩᠭᠠᠳᠭᠠᠵᠤ᠂ ᠲᠠᠷᠢᠶᠠᠴᠢᠳ᠎ᠢ ᠵᠢᠯᠣᠭᠣᠳᠤᠨ ᠴᠢᠭᠢᠭ᠎ᠢ ᠳᠠᠭᠠᠭᠠᠬᠤ ᠣᠷᠣᠶ ᠳᠠᠷᠢᠬᠤ ᠮᠡᠷᠭᠡᠵᠢᠯ ᠎ᠦᠨ ᠠᠷᠭ᠎ᠠ ᠬᠡᠮᠵᠢᠶ᠎ᠡ ᠶ᠋ᠢ ᠰᠠᠢᠲᠤᠷ ᠨᠠᠢᠳᠠᠪᠤᠷᠢᠵᠢᠭᠤᠯᠵᠤ᠂ ᠳᠠᠷᠢᠬᠤ ᠲᠠᠯᠠᠪᠠᠶ᠎ᠶ᠋ᠢ ᠲᠣᠭ᠍ᠲᠠᠪᠤᠷᠢᠵᠢᠭᠤᠯᠵᠤ᠂ ᠳᠠᠷᠢᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃

ᠠᠯᠤᠰ ᠬᠡᠳᠦ᠍᠎ᠶ᠋ᠢ ᠪᠣᠳᠣᠯᠬᠢᠯᠠᠵᠤ᠂ ᠪᠠᠰᠠ ᠲᠠᠷᠢᠶᠠᠯᠠᠩ᠎ᠤᠨ ᠭᠠᠮᠱᠢᠭ᠎ᠢ ᠰᠡᠷᠭᠡᠢᠯᠡᠬᠦ᠌ ᠭᠠᠮᠱᠢᠭ ᠎ᠢ ᠪᠠᠭᠠᠰᠭᠠᠬᠤ ᠭᠠᠮᠱᠢᠭ᠎ᠡᠴᠡ ᠠᠪᠤᠷᠠᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠢ᠃ ᠡᠨᠡ ᠤᠳᠠᠭ᠎ᠠ᠎ᠵᠢᠨ ᠵᠦᠰᠡ ᠪᠣᠷᠣᠭᠠᠨ᠎ᠢ ᠠᠷᠭᠠᠴᠡᠭᠠᠭ᠍ᠰᠠᠨ᠎ᠨᠢ ᠵᠠᠷᠢᠮ ᠭᠠᠵᠠᠷ ᠣᠷᠣᠨ᠎ᠤ ᠠᠮᠤ ᠪᠤᠳᠠᠭ᠎ᠠ᠎ᠶ᠋ᠢ ᠬᠠᠳᠠᠭᠠᠬᠤ᠂ ᠬᠥᠮᠥᠷᠭᠡᠯᠡᠨ ᠬᠠᠳᠠᠭᠠᠯᠠᠬᠤ ᠵᠡᠷᠭᠡ ᠲᠠᠯ᠎ᠠ᠎ᠶ᠋ᠢᠨ ᠳᠤᠲᠠᠭᠤᠳᠠᠯ᠎ᠢ ᠢᠯᠡᠷᠡᠭᠦᠯᠵᠡᠶ᠃ ᠬᠠᠴᠢᠨ ᠠᠭᠤᠷ ᠠᠮᠢᠰᠭᠤᠯ ᠤᠯᠠᠨ ᠡᠭᠦᠰᠭᠦ ᠪᠠ ᠪᠠᠢᠨ ᠳᠠᠬᠢᠨ ᠡᠭᠦᠰᠭᠦ ᠬᠠᠨᠳᠤᠰᠢ᠎ᠳᠤ ᠴᠢᠭᠯᠡᠭᠦᠯᠦᠨ᠂ ᠭᠤᠤ ᠰᠤᠪᠠᠭ᠎ᠢ ᠨᠡᠪᠲᠡᠷᠡᠭᠦᠯᠬᠦ᠌᠂ ᠬᠠᠳᠠᠭᠠᠵᠤ ᠬᠥᠮᠥᠷᠭᠡᠯᠡᠨ ᠬᠠᠳᠠᠭᠠᠯᠠᠬᠤ ᠵᠡᠷᠭᠡ ᠳᠤᠲᠠᠭᠤᠳᠠᠯ ᠎ᠢ ᠲᠦᠷᠭᠡᠨ ᠨᠥᠬᠥᠪᠥᠷᠢᠯᠡᠵᠦ᠍᠂ ᠲᠠᠷᠢᠶᠠᠯᠠᠩ᠎ᠤᠨ ᠶᠠᠪᠤᠳᠠᠯ ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ ᠎ᠦ ᠲᠥᠪ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠤᠨᠠᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ ᠎ᠶ᠋ᠢ ᠪᠠᠲᠤᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号