ᠦᠪᠦᠷ ᠮᠤᠩᠭᠤᠯ ᠳᠤᠮᠳᠠᠳᠤ ᠤᠯᠤᠰ᠎ᠤᠨ ᠬᠡᠷᠡᠭ᠌ᠯᠡᠭᠡᠨ᠎ᠦ ᠨᠠᠷᠠᠲᠤ ᠦᠢᠯᠡᠳᠬᠦᠨ ᠡᠯᠰᠡᠬᠦ᠌ ᠠᠵᠢᠯ᠎ᠢ ᠡᠬᠢᠯᠡᠭᠦᠯᠪᠡ
2025-10-13 11:31:10
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠦᠪᠦᠷ ᠮᠤᠩᠭᠤᠯ ᠎ᠦᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ 2025 ᠣᠨ᠎ᠤ ᠳᠤᠮᠳᠠᠳᠤ ᠤᠯᠤᠰ᠎ᠤᠨ ᠬᠡᠷᠡᠭ᠌ᠯᠡᠭᠡᠨ᠎ᠦ ᠨᠠᠷᠠᠲᠤ ᠦᠶ᠋ᠯᠡᠳᠬᠦᠨ᠎ᠡᠯᠰᠡᠬᠦ᠌  ᠠᠵᠢᠯ᠎ᠢ ᠵᠣᠬᠢᠶᠠᠨ ᠪᠠᠢᠭᠤᠯᠤᠨ ᠥᠷᠨᠢᠭᠦᠯᠪᠡ᠃

ᠬᠥᠩᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭ᠌ᠯᠡᠭᠡᠨ᠎ᠦ ᠵᠦᠢᠯ᠎ᠦᠨ ᠬᠦᠷᠢᠶᠡᠨ᠎ᠳᠦ ᠬᠠᠨᠳᠤᠭᠤᠯᠤᠨ᠂ ᠵᠠᠬ᠎ᠠ ᠳᠡᠯᠭᠡᠭᠦᠷ᠎ᠲᠡᠬᠢ ᠥᠷᠢᠰᠥᠯᠳᠦᠬᠦ᠌ ᠬᠦᠴᠦᠨ᠎ᠢᠶᠡᠷ ᠨᠡᠯᠢᠶᠡᠳ ᠴᠢᠩᠭ᠎ᠠ᠂ ᠦᠢᠯᠡᠳᠬᠦᠨ᠎ᠦ ᠱᠢᠨ᠎ᠡ ᠶ᠋ᠢ ᠡᠭᠦᠳᠬᠦ᠌ ᠴᠢᠳᠠᠪᠤᠷᠢ᠎ᠪᠠᠷ ᠨᠡᠯᠢᠶᠡᠳ ᠥᠨᠳᠥᠷ᠂ ᠲᠦᠷᠦᠯ ᠲᠡᠮᠳᠡᠭ᠎ᠦᠨ ᠠᠯᠳᠠᠷᠱᠢᠯ᠎ᠢᠶᠠᠷ ᠨᠡᠯᠢᠶᠡᠳ ᠶᠡᠬᠡ᠂ ᠲᠡᠦᠬᠡ ᠰᠣᠶᠣᠯ᠎ᠤᠨ ᠦᠨ᠎ᠡ ᠥᠷᠲᠡᠭ ᠪᠦᠬᠦᠢ ᠨᠢᠭᠡ ᠪᠦᠯᠦᠭ ᠠᠵᠤ ᠠᠬᠤᠢᠯᠠᠯ᠎ᠤᠨ ᠲᠦᠷᠦᠯ ᠲᠡᠮᠳᠡᠭ ᠪᠣᠯᠤᠨ ᠣᠷᠣᠨ ᠪᠦᠰᠡ ᠶ᠋ᠢᠨ ᠲᠦᠷᠦᠯ ᠲᠡᠮᠳᠡᠭ᠎ᠢ ᠡᠯᠰᠡᠵᠦ ᠪᠤᠢ᠃

ᠲᠣᠰ ᠤᠳᠠᠭᠠᠨ᠎ᠤ ᠡᠯᠰᠡᠨ ᠴᠤᠭ᠍ᠯᠠᠭᠤᠯᠬᠤ ᠠᠵᠢᠯ᠎ᠳᠤ ᠨᠠᠰᠤᠵᠢᠯ᠎ᠳᠤ ᠳᠣᠭᠢᠷᠠᠬᠤ ᠦᠶ᠋ᠯᠡᠳᠬᠦᠨ᠂ ᠵᠡᠮᠳᠡᠭ᠎ᠢ ᠲᠤᠰᠠᠯᠠᠬᠤ ᠦᠶ᠋ᠯᠡᠳᠬᠦᠨ᠂ ᠡᠬᠡ ᠨᠢᠯᠬᠠᠰ᠎ᠤᠨ ᠦᠶ᠋ᠯᠡᠳᠬᠦᠨ ᠵᠡᠷᠭᠡ ᠲᠥᠷᠥᠯ ᠢᠯᠭᠠᠯ᠎ᠢ ᠪᠠᠭ᠍ᠲᠠᠭᠠᠭ᠍ᠰᠠᠨ ᠣᠨᠴᠠ ᠲᠣᠭ᠍ᠲᠠᠭ᠍ᠰᠠᠨ ᠬᠥᠮᠦᠰ᠎ᠦᠨ ᠬᠡᠷᠡᠭ᠌ᠯᠡᠭᠡᠨ᠎ᠦ ᠦᠶ᠋ᠯᠡᠳᠬᠦᠨ᠎ᠦ ᠲᠥᠷᠥᠯ ᠲᠡᠮᠳᠡᠭ᠌ᠲᠦ᠍ ᠶ᠋ᠢ ᠭᠤᠤᠯᠳᠠᠯᠭ᠎ᠠ᠎ᠲᠠᠶ ᠳᠡᠮᠵᠢᠬᠦ᠌ ᠶ᠋ᠢᠨ ᠬᠠᠮᠲᠤ ᠦᠶ᠋ᠯᠡᠳᠬᠦᠨ᠎ᠦ ᠴᠢᠳᠠᠮᠵᠢ ᠶ᠋ᠢᠨ ᠱᠢᠨ᠎ᠡ ᠶ᠋ᠢ ᠡᠭᠦᠳᠬᠦ᠌ ᠴᠢᠨᠠᠷ ᠪᠠ ᠬᠡᠷᠡᠭ᠌ᠯᠡᠭᠡᠨ᠎ᠦ ᠴᠢᠨᠠᠷ᠎ᠢ ᠨᠢ ᠦᠨᠳᠦᠰᠦᠯᠡᠨ ᠦᠨᠡᠯᠡᠬᠦ᠌ ᠪᠠᠷᠢᠮᠵᠢᠶ᠎ᠠ ᠲᠣᠭ᠍ᠲᠠᠭᠠᠨ᠎ᠠ᠃ ᠡᠯᠰᠡᠬᠦ᠌ ᠴᠢᠭ᠌ᠯᠡᠯ᠎ᠳᠦ ᠠᠵᠤ ᠠᠬᠤᠢᠯᠠᠯ᠎ᠤᠨ ᠲᠥᠷᠥᠯ ᠲᠡᠮᠳᠡᠭ᠌ᠲᠦ ᠪᠠ ᠣᠷᠣᠨ ᠪᠦᠰᠡ ᠶ᠋ᠢᠨ ᠲᠥᠷᠥᠯ ᠲᠡᠮᠳᠡᠭ᠌ᠲᠦ᠍ ᠶ᠋ᠢ ᠪᠠᠭ᠍ᠲᠠᠭᠠᠨ᠎ᠠ᠃ ᠮᠡᠳᠡᠭ᠌ᠳᠡᠯ᠎ᠳᠦ᠂ ᠡᠯ᠎ᠡ ᠠᠢᠮᠠᠭ ᠬᠣᠲᠠ ᠶ᠋ᠢᠨ ᠬᠢᠨ ᠬᠡᠷᠡᠭ᠌ᠯᠡᠭᠡᠨ᠎ᠦ ᠵᠦᠶ᠋ᠯ᠎ᠦᠨ ᠠᠵᠤ ᠦᠶ᠋ᠯᠡᠰ᠎ᠦᠨ ᠥᠪᠡᠷᠮᠢᠴᠡ ᠳᠠᠪᠠᠭᠤᠯᠢᠭ᠎ᠢ ᠭᠦᠶ᠋ᠴᠡᠳ ᠠᠭᠤᠳᠠᠯᠵᠤ᠂ ᠥᠪᠡᠷᠮᠢᠴᠡ ᠰᠣᠶᠣᠯ᠎ᠤᠨ ᠠᠭᠤᠯᠤᠭ᠍ᠳᠠᠬᠤᠨ᠎ᠲᠠᠶ᠂ ᠵᠠᠬ᠎ᠠ ᠳᠡᠯᠭᠡᠭᠦᠷ᠎ᠦᠨ ᠨᠡᠷ᠎ᠡ ᠬᠦᠨᠳᠦ᠍ ᠶ᠋ᠢ ᠲᠣᠭ᠍ᠲᠠᠪᠤᠷᠢᠵᠢᠭᠤᠯᠬᠤ ᠵᠢᠴᠢ ᠬᠣᠱᠢᠭᠤᠷᠠᠯ ᠱᠢᠨ᠎ᠡ ᠶ᠋ᠢ ᠡᠭᠦᠳᠬᠦ᠌ ᠴᠢᠳᠠᠪᠤᠷᠢ ᠪᠦᠬᠦᠢ ᠠᠵᠤ ᠠᠬᠤᠢᠯᠠᠯ᠎ᠢ ᠭᠤᠤᠯᠳᠠᠯᠭ᠎ᠠ᠎ᠲᠠᠶ ᠱᠢᠯᠢᠨ ᠰᠣᠩᠭᠣᠵᠤ᠂ ᠠᠢᠮᠠᠭ ᠬᠣᠲᠠ ᠶ᠋ᠢᠨ ᠱᠠᠲᠤᠨ᠎ᠤ ᠬᠡᠷᠡᠭ᠌ᠯᠡᠭᠡᠨ᠎ᠦ ᠨᠠᠷᠠᠲᠤ ᠦᠶ᠋ᠯᠡᠳᠬᠦᠨ᠎ᠦ ᠨᠡᠷᠡᠰ᠎ᠦᠨ ᠵᠢᠭ᠍ᠰᠠᠭᠠᠯᠲᠠ ᠶ᠋ᠢ ᠰᠦᠪᠡᠭ᠌ᠴᠢᠯᠡᠨ ᠪᠠᠢᠭᠤᠯᠬᠤ  ᠬᠡᠷᠡᠭ᠌ᠲᠡᠶ  ᠭᠡᠵᠦ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号