ᠮᠠᠨ ᠤ᠋ ᠤᠷᠤᠨ ᠤ᠋ 20 ᠠᠵᠤ ᠠᠬᠤᠢᠯᠠᠯ ᠬᠠᠲᠤᠨ ᠭᠤᠤᠯ᠎ᠤᠨ ᠰᠠᠪᠠ ᠭᠠᠵᠠᠷ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠵᠢ ᠬᠠᠮᠵᠢᠯᠴᠠᠨ ᠬᠥᠭ᠌ᠵᠢᠭᠦᠯᠬᠦ᠌ ᠠᠵᠢᠯᠯᠠᠭ᠎ᠠ ᠳ᠋ᠤ ᠣᠷᠣᠯᠴᠠᠪᠠ
2025-10-13 16:26:10
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 26᠎ᠡᠴᠠ 27᠎ᠤ᠋ ᠡᠳᠦᠷ ᠪᠣᠯᠲᠠᠯ᠎ᠠ᠂ ᠭᠤᠷᠪᠠᠳᠤᠭᠠᠷ ᠬᠤᠭᠤᠴᠠᠭᠠᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠵᠢ ᠬᠠᠮᠵᠢᠯᠴᠠᠨ ᠬᠥᠭ᠌ᠵᠢᠬᠦᠯᠬᠦ ᠠᠵᠢᠯᠯᠠᠭ᠎ᠠ ᠱᠠᠨ ᠰᠢ᠎ᠶ᠋ᠢᠨ ᠶᠦᠨ ᠴᠧᠩ᠎ᠳᠦ ᠶᠠᠪᠤᠭ᠍ᠳᠠᠪᠠ᠃ ᠮᠠᠨ᠎ᠤ ᠣᠷᠣᠨ ᠤ᠋ ᠷᠦᠩ ᠴᠤᠤ ᠰᠣᠶᠣᠯ᠎ᠤᠨ ᠠᠵᠤ ᠦᠢᠯᠡᠰ᠎ᠦᠨ ᠬᠢᠵᠠᠭᠠᠷᠲᠤ ᠺᠣᠮᠫᠠᠨᠢ᠂ ᠬᠢᠩᠭᠠᠨ ᠠᠢᠮᠠᠭ᠎ᠤᠨ ᠠᠬᠠᠮᠠᠳ ᠴᠡᠷᠢᠭ᠎ᠦᠨ ᠲᠠᠷᠢᠶᠠᠯᠠᠩ᠎ᠤᠨ ᠲᠡᠵᠢᠭᠡᠪᠦᠷᠢ᠎ᠶ᠋ᠢᠨ ᠲᠤᠰᠭᠠᠢ ᠬᠤᠷᠱᠢᠶ᠎ᠠ᠂ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠱᠢᠨ ᠨᠦᠸᠸ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠬᠢᠵᠠᠭᠠᠷᠲᠤ ᠺᠣᠮᠫᠠᠨᠢ ᠵᠡᠷᠭᠡ 20 ᠠᠵᠤ ᠠᠬᠤᠢᠯᠠᠯ  ᠴᠢᠨᠠᠷ ᠰᠠᠢᠲᠠᠢ ᠪᠦᠲᠦᠭᠡᠭ᠌ᠳᠡᠬᠦᠨ᠎ᠦ ᠦᠵᠡᠭᠦᠯᠭᠡ᠂ ᠡᠯᠧᠺᠲ᠋ᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠂ ᠲᠦᠷᠦᠯ ᠵᠦᠢᠯ᠎ᠢ ᠨᠡᠢᠲᠡᠯᠡᠬᠦ᠌ ᠵᠡᠷᠭᠡ ᠠᠵᠢᠯᠯᠠᠭ᠎ᠠ᠎ᠳᠤ ᠣᠷᠣᠯᠴᠠᠵᠤ᠂ ᠲᠤᠬᠠᠢ᠎ᠶ᠋ᠢᠨ ᠲᠠᠯᠠᠪᠠᠢ᠎ᠳᠤ 35 ᠡᠵᠡᠩᠨᠡᠨ ᠪᠣᠷᠣᠯᠠᠭᠤᠯᠬᠤ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠪᠠ᠃

ᠲᠣᠰ ᠤᠳᠠᠭᠠᠨ᠎ᠤ ᠠᠵᠢᠯᠯᠠᠭ᠎ᠠ᠎ᠨᠢ 《ᠣᠷᠣᠨ ᠪᠦᠰᠡ᠎ᠶ᠋ᠢᠨ ᠬᠠᠮᠳᠤᠷᠠᠯᠴᠠᠭ᠎ᠠ ᠵᠢ ᠭᠦᠨᠵᠡᠭᠡᠢᠷᠡᠬᠦᠯᠵᠦ᠂ ᠴᠡᠷᠢᠭ ᠤ᠋ᠨ ᠠᠯᠪᠠ ᠡᠴᠨ ᠬᠠᠯᠠᠬᠳᠠᠬᠰᠠᠳ ᠦᠢᠯᠡᠰ ᠪᠤᠰᠬᠠᠵᠤ ᠢᠷᠡᠭᠡᠳᠦᠶ ᠪᠠᠨ ᠭᠡᠢᠭᠦᠯᠬᠦ᠌》 ᠪᠠᠷ ᠭᠤᠤᠯ ᠰᠡᠳᠦᠪ ᠪᠣᠯᠭᠠᠵᠤ᠂ ᠲᠤᠬᠠᠶ᠎ᠶ᠋ᠢᠨ ᠲᠠᠯᠠᠪᠠᠶ᠎ᠳᠤ 9 ᠮᠤᠵᠢ᠎ᠶ᠋ᠢᠨ ᠲᠠᠰ᠎ᠤᠨ ᠦᠵᠡᠭᠦᠯᠭᠡ᠎ᠶ᠋ᠢᠨ ᠲᠢᠩᠬᠢᠮ᠂ 11 ᠬᠣᠲᠠ᠎ᠶ᠋ᠢᠨ ᠲᠠᠰ᠎ᠤᠨ ᠦᠵᠡᠭᠦᠯᠭᠡ᠎ᠶ᠋ᠢᠨ ᠲᠢᠩᠬᠢᠮ ᠭᠠᠷᠭᠠᠵᠤ᠂ ᠣᠲᠣ ᠦᠶ᠎ᠡ᠎ᠶ᠋ᠢᠨ ᠲᠠᠷᠢᠶᠠᠯᠠᠩ᠂ ᠳᠡᠭᠡᠳᠦ ᠱᠢᠨ᠎ᠡ ᠮᠡᠷᠭᠡᠵᠢᠯ᠂ ᠰᠣᠶᠣᠯ᠎ᠤᠨ ᠪᠦᠲᠦᠭᠡᠯᠴᠢ ᠰᠡᠳᠭᠢᠮᠵᠢ ᠵᠡᠷᠭᠡ ᠬᠦᠷᠢᠶ᠎ᠡ ᠴᠠᠷᠠᠭ᠎ᠠ᠎ᠶ᠋ᠢᠨ ᠱᠢᠯᠢᠳᠡᠭ ᠲᠥᠷᠥᠯ ᠵᠦᠶ᠋ᠯ ᠪᠠ ᠪᠦᠲᠦᠭᠡᠭ᠌ᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠡᠯ᠎ᠡ ᠮᠤᠵᠢ (ᠣᠷᠣᠨ) ᠶ᠋ᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠ ᠦᠶ᠋ᠯᠡᠰ ᠪᠤᠰᠬᠠᠬᠤ ᠬᠠᠯᠠᠭᠤᠨ ᠰᠡᠳᠭᠢᠯᠭᠡ᠎ᠶ᠋ᠢ ᠭᠦᠶ᠋ᠴᠡᠳ ᠢᠯᠡᠷᠡᠭᠦᠯᠪᠡ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ ᠬᠥᠬᠡᠨᠠᠭᠤᠷ᠂ ᠭᠠᠨᠰᠦ᠂ ᠨᠢᠩᠱᠢᠶᠠ᠂ ᠱᠠᠨ ᠰᠢ᠂ ᠾᠧᠨᠠᠨ᠂ ᠱᠠᠨᠳᠦ᠋ᠩ ᠵᠡᠷᠭᠡ ᠬᠠᠲᠤᠨ ᠭᠤᠤᠯ ᠳᠠᠭᠠᠤ᠎ᠶ᠋ᠢᠨ ᠮᠤᠵᠢ (ᠣᠷᠣᠨ) ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠲᠡᠶ ᠬᠠᠮᠲᠤ᠎ᠪᠠᠷ 《ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ (ᠣᠷᠣᠨ) ᠶ᠋ᠢᠨ ᠪᠡᠶ᠎ᠡ᠎ᠪᠡᠨ ᠳᠠᠭᠠᠭᠠᠵᠤ ᠠᠵᠢᠯ ᠣᠯᠤᠭ᠍ᠰᠠᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠮᠤᠵᠢ ᠠᠯᠤᠰᠯᠠᠨ ᠤᠨᠳᠤᠤ ᠭᠠᠵᠠᠷ ᠠᠵᠢᠯ ᠮᠡᠷᠭᠡᠵᠢᠯ᠎ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠭᠡᠭᠦ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠭᠡᠯᠡᠯᠴᠡᠭᠡᠷ》 ᠲᠸ᠋ ᠭᠠᠷ᠎ᠤᠨ ᠥᠰᠥᠭ ᠵᠢᠷᠤᠵᠤ᠂ ᠣᠷᠣᠨ ᠪᠦᠰᠡ᠎ᠶ᠋ᠢᠨ ᠳᠣᠲᠣᠷᠠᠬᠢ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ᠎ᠳᠤ ᠴᠢᠨᠠᠷ ᠰᠠᠢᠲᠠᠶ ᠨᠥᠬᠥᠴᠡᠯ ᠢ᠋ ᠪᠦᠷᠢᠯᠳᠦᠭᠦᠯᠵᠦ᠍ ᠥᠭ᠌ᠪᠡ᠃

ᠳᠥᠷᠪᠡᠳᠦᠭᠡᠷ ᠬᠤᠭᠤᠴᠠᠭᠠᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠵᠢ ᠬᠠᠮᠵᠢᠯᠴᠠᠨ ᠬᠥᠭ᠌ᠵᠢᠬᠦᠯᠬᠦ ᠠᠵᠢᠯᠯᠠᠭ᠎ᠠ᠎ᠶ᠋ᠢ ᠦᠪᠦᠷ ᠮᠤᠡᠭᠭᠤᠯ ᠳᠠᠭᠠᠭᠠᠴᠢᠯᠠᠨ ᠡᠷᠭᠢᠯᠡᠨ᠎ᠡ᠂ ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠰᠢᠰᠲᠸᠮ ᠨᠢ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ (ᠣᠷᠣᠨ) ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠵᠣᠯᠭᠠᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠵᠡᠷᠭᠡ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠤᠯᠠᠮ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号