ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠠᠷᠠᠯᠵᠢᠶᠠᠨ ᠤ᠋ ᠲᠥᠪ ᠤ᠋ᠨ ᠰᠦᠯᠵᠢᠶᠡᠨ ᠲᠠᠪᠴᠠᠩ ᠤ᠋ᠨ ᠠᠷᠠᠯᠵᠢᠶ᠎ᠠ ᠵᠢᠨ ᠬᠡᠮᠵᠢᠶ᠎ᠠ 20 ᠳ᠋ᠦᠩᠱᠢᠭᠤᠷ ᠲᠥᠭᠥᠷᠢᠭ ᠢ᠋ ᠳᠠᠪᠠᠪᠠ
2025-10-13 11:01:50
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠠᠷᠠᠯᠵᠢᠶᠠᠨ ᠤ᠋ ᠲᠥᠪ ᠤ᠋ᠨ ᠰᠦᠯᠵᠢᠶᠡᠨ ᠲᠠᠪᠴᠠᠩ  2024 ᠣᠨ ᠤ᠋ 5 ᠰᠠᠷ᠎ᠠ ᠡᠴᠡ ᠡᠬᠢᠯᠡᠨ ᠠᠵᠢᠯᠯᠠᠭ᠍ᠰᠠᠨ ᠡᠴᠡ ᠨᠠᠭᠠᠰᠢ ᠲᠡᠵᠢᠭᠡᠯ ᠡᠪᠡᠰᠦ ᠪᠣᠷᠳᠣᠭ᠎ᠠ᠂ ᠦᠬᠡᠷ ᠬᠣᠨᠢᠨ ᠮᠢᠬ᠎ᠠ ᠵᠡᠷᠭᠡ 13 ᠲᠥᠷᠥᠯ ᠤ᠋ᠨ ᠲᠠᠸᠠᠷ ᠢ᠋ ᠰᠦᠯᠵᠢᠶ᠎ᠡ ᠪᠡᠷ ᠪᠤᠷᠤᠯᠠᠭᠤᠯᠵᠤ᠂ ᠠᠷᠠᠯᠵᠢᠶ᠎ᠠ ᠪᠦᠳᠦᠭᠰᠡᠨ ᠶᠡᠷᠤᠩᠬᠡᠢ ᠬᠡᠮᠵᠢᠶ᠎ᠠ ᠨᠢ ᠨᠢᠬᠡᠨᠳᠡ 20 ᠳ᠋ᠦᠩᠱᠢᠭᠤᠷ ᠲᠥᠭᠥᠷᠢᠭ ᠢ᠋ ᠳᠠᠪᠠᠪᠠ᠃

ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠠᠷᠠᠯᠵᠢᠶᠠᠨ ᠤ᠋ ᠲᠥᠪ ᠤ᠋ᠨ ᠢᠵᠢ ᠪᠦᠷᠢᠳᠦᠬᠦᠯᠬᠦ ᠲᠥᠷᠥᠯ ᠵᠦᠶ᠋ᠯ ᠤ᠋ᠨ ᠪᠦᠳᠤᠬᠡᠨ ᠪᠠᠢᠭᠤᠯᠤᠯᠳᠠ ᠵᠢᠨ ᠠᠬᠢᠴᠠ ᠲᠦᠷᠬᠡᠳᠤᠨ ᠱᠦᠨ ᠹᠧᠩ᠂ ᠵᠢᠩ ᠳ᠋ᠦᠩ ᠵᠡᠷᠭᠡ ᠠᠵᠤ ᠠᠬᠤᠢᠯᠠᠯ ᠲᠠᠢ ᠢᠨᠲ᠋ᠧᠷ ᠰᠦᠯᠵᠢᠶᠡᠨ ᠤ᠋ ᠰᠠᠩ ᠬᠥᠮᠥᠷᠭᠡ᠂ ᠡᠯᠧᠺᠲ᠋ᠷᠣᠨ ᠬᠤᠳᠠᠯᠳᠤᠭᠠᠨ ᠤ᠋ ᠥᠪᠡᠷ ᠵᠢᠡᠨ ᠡᠵᠡᠩᠨᠡᠬᠦ᠌ ᠲᠠᠯ᠎ᠠ ᠶ᠋ᠢᠨ ᠬᠠᠮᠲᠤᠷᠠᠯᠴᠠᠭᠠᠨ ᠤ᠋ ᠰᠠᠨᠠᠮᠵᠢ ᠶ᠋ᠢᠨ ᠭᠡᠷ᠎ᠡ ᠲᠣᠬᠢᠷᠠᠯᠴᠠᠪᠠ᠃ ᠲᠤᠰ ᠲᠥᠪ ᠡᠯᠧᠺᠲ᠋ᠷᠣᠨ ᠬᠤᠳᠠᠯᠳᠤᠭᠠᠨ ᠤ᠋ ᠣᠷᠳᠣᠨ ᠳ᠋ᠠᠭᠠᠨ ᠪᠦᠬᠦ ᠣᠷᠣᠨ ᠤ᠋ 300 ᠭᠠᠷᠤᠶ ᠠᠵᠤ ᠠᠬᠤᠢᠯᠠᠯ ᠢ᠋ ᠳᠠᠳᠠᠨ ᠤᠷᠤᠭᠤᠯᠵᠤ᠂ ᠪᠥᠬᠥ᠌ ᠦᠵᠡᠮᠵᠢ ᠶ᠋ᠢᠨ ᠱᠢᠭᠤᠳ ᠨᠡᠪᠲᠡᠷᠡᠭᠦᠯᠭᠡ ᠶ᠋ᠢᠨ ᠰᠠᠭᠤᠷᠢᠨ ᠢ᠋ ᠪᠠᠢᠭᠤᠯᠪᠠ᠃ ᠤᠳᠤ ᠶᠠᠭ ᠲᠤᠨᠤᠭ ᠲᠦᠬᠦᠭᠡᠷᠦᠮᠵᠢ ᠪᠠᠨ ᠲᠤᠬᠢᠷᠠᠭᠤᠯᠤᠨ ᠰᠢᠭᠤᠤᠨ ᠨᠡᠪᠲᠡᠷᠡᠭᠦᠯᠭᠡ ᠳ᠋ᠦ ᠪᠡᠯᠡᠳᠭᠡᠯ ᠬᠢᠵᠤ᠂ ᠡᠯᠧᠺᠲ᠋ᠷᠣᠨ ᠬᠤᠳᠠᠯᠳᠤᠭ᠎ᠠ ᠪᠡᠷ ᠲᠠᠮᠵᠢᠨ ᠦᠪᠤᠷ ᠮᠤᠩᠭᠤᠯ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ᠎ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠳᠡᠯᠭᠡᠨ ᠪᠤᠷᠤᠯᠠᠭᠤᠯᠬᠤ ᠪᠡᠷ ᠪᠤᠢ᠃ ᠡᠬᠦᠨ ᠤ᠋ ᠬᠠᠮᠳᠤ ᠪᠠᠰᠠ ᠲᠠᠸᠠᠷ ᠤ᠋ᠨ ᠬᠠᠩᠭᠠᠯᠭ᠎ᠠ᠂ ᠡᠯᠧᠺᠲ᠋ᠷᠣᠨ ᠬᠤᠳᠠᠯᠳᠤᠭᠠᠨ ᠤ᠋ ᠪᠤᠯᠪᠠᠰᠤᠷᠠᠯ᠂ ᠬᠠᠩᠭᠠᠯᠭ᠎ᠠ ᠶ᠋ᠢᠨ ᠬᠡᠯᠬᠢᠶ᠎ᠡ ᠶ᠋ᠢᠨ ᠮᠥᠩᠭᠥᠨ ᠭᠦᠶ᠋ᠯᠭᠡᠭᠡᠨ ᠤ᠋ ᠳᠡᠮᠵᠢᠯᠭᠡ᠂ ᠡᠭᠦᠯᠡᠨ ᠬᠥᠮᠥᠷᠭᠡ ᠶ᠋ᠢᠨ ᠦᠶ᠋ᠯᠡᠴᠢᠯᠡᠭᠡ᠎ᠳᠦ ᠴᠢᠭ᠌ᠯᠡᠭᠦᠯᠵᠤ ᠨᠢᠭᠡ ᠴᠣᠭ᠍ᠴᠠᠵᠢᠭᠤᠯᠤᠭ᠍ᠰᠠᠨ ᠦᠶ᠋ᠯᠡᠴᠢᠯᠡᠭᠡᠨ ᠤ᠋ ᠲᠤᠯᠭᠠᠭᠤᠷᠢᠯᠠᠯ ᠢ᠋ ᠪᠦᠷᠢᠯᠳᠦᠭᠦᠯᠪᠡ᠃

ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠠᠷᠠᠯᠵᠢᠶᠠᠨ ᠤ᠋ ᠲᠥᠪ ᠪᠤᠯ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠶ ᠲᠥᠷᠥᠯ ᠵᠦᠶ᠋ᠯ ᠪᠠᠢᠵᠤ᠂ ᠪᠥᠲᠥᠭᠡᠨ ᠪᠠᠢᠭᠤᠯᠤᠯᠲᠠ ᠶ᠋ᠢᠨ ᠶᠡᠷᠤᠩᠬᠡᠢ ᠬᠡᠪᠴᠢᠶ᠎ᠡ ᠨᠢ 12.5 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠦ᠂ ᠠᠷᠠᠯᠵᠢᠶᠠᠨ ᠤ᠋ ᠲᠥᠪ ᠤ᠋ᠨ ᠴᠢᠳᠠᠮᠵᠢ ᠶ᠋ᠢᠨ ᠪᠠᠢᠷᠢᠱᠢᠭᠤᠯᠤᠯᠲᠠ ᠨᠢ ᠰᠦᠯᠵᠢᠶᠡᠨ ᠳᠡᠭᠡᠷᠡᠬᠢ ᠠᠷᠠᠯᠵᠢᠶᠠᠨ ᠤ᠋ ᠱᠢᠰᠲ᠋ᠧᠮ᠂ ᠪᠣᠳᠠᠲᠤ ᠴᠣᠭ᠍ᠴᠠ ᠶ᠋ᠢᠨ ᠠᠷᠠᠯᠵᠢᠶᠠᠨ ᠤ᠋ ᠤᠷᠳᠤᠨ᠂ ᠬᠥᠬᠡᠬᠣᠲᠠ ᠶ᠋ᠢᠨ ᠴᠠᠭᠠᠨ ᠢᠳᠡᠭᠡᠨ ᠤ᠋ ᠦᠶ᠋ᠯᠡᠰ ᠤ᠋ᠨ ᠠᠷᠠᠯᠵᠢᠶᠠᠨ ᠤ᠋ ᠲᠥᠪ ᠪᠣᠯᠤᠨ ᠡᠯᠧᠺᠲ᠋ᠷᠣᠨ ᠬᠤᠳᠠᠯᠳᠤᠭᠠᠨ ᠤ᠋ ᠲᠥᠪᠯᠡᠷᠡᠭᠦᠯᠦᠨ ᠲᠣᠬᠢᠷᠠᠭᠤᠯᠬᠤ ᠲᠥᠪ ᠵᠡᠷᠭᠡ ᠣᠯᠠᠨ ᠬᠡᠰᠡᠭ ᠢ᠋ ᠬᠠᠮᠤᠷᠴᠤ᠌᠂ 《ᠰᠦᠯᠵᠢᠶᠡᠨ ᠳᠡᠭᠡᠷᠡᠬᠢ ᠠᠷᠠᠯᠵᠢᠶ᠎ᠠ + ᠠᠬᠤᠢ ᠲᠠᠯᠠᠪᠠᠢ ᠶ᠋ᠢᠨ ᠡᠵᠡᠩᠨᠡᠯᠲᠡ + ᠡᠯᠧᠺᠲ᠋ᠷᠣᠨ ᠬᠤᠳᠠᠯᠳᠤᠭᠠᠨ ᠤ᠋ ᠦᠶ᠋ᠯᠡᠴᠢᠯᠡᠭᠡ》 ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠡᠵᠡᠩᠨᠡᠯᠲᠡ ᠶ᠋ᠢᠨ ᠵᠠᠭ᠍ᠪᠤᠷ ᠢ᠋ ᠪᠠᠢᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢ ᠠᠭᠤᠰᠤᠯᠴᠠᠭᠤᠯᠵᠤ᠂ ᠠᠵᠤ ᠦᠶ᠋ᠯᠡᠰ ᠤ᠋ᠨ ᠬᠡᠯᠬᠢᠶ᠎ᠡ ᠶ᠋ᠢ ᠵᠣᠬᠢᠴᠠᠯᠳᠤᠭᠤᠯᠤᠨ ᠬᠥᠭ᠌ᠵᠢᠭᠦᠯᠦᠭ᠌ᠰᠡᠨ ᠪᠠᠢᠷᠢᠱᠢᠯ ᠢ᠋ ᠠᠩᠬ᠎ᠠ ᠠᠯᠬᠤᠮ ᠪᠣᠶ ᠪᠣᠯᠭᠠᠪᠠ᠃ ᠤᠳᠤ ᠰᠦᠯᠵᠢᠶᠡᠨ ᠳᠡᠭᠡᠷᠡᠬᠢ ᠪᠠᠢᠭᠤᠯᠤᠯᠲᠠ ᠨᠢ ᠶᠠᠭ AI + ᠠᠷᠠᠯᠵᠢᠶᠠᠨ ᠤ᠋ ᠲᠠᠪᠴᠠᠩ᠂ ᠮᠦᠷᠳᠡᠯᠳᠡ ᠵᠢᠨ ᠱᠢᠰᠲ᠋ᠧᠮ᠂ ᠠᠯᠤᠰ ᠡᠴᠡ ᠬᠤᠳᠠᠯᠳᠤᠨ ᠠᠪᠬᠤ ᠵᠡᠷᠭᠡ ᠲᠤᠬᠠᠢᠯᠠᠭ᠍ᠰᠠᠨ ᠠᠵᠢᠯ ᠤ᠋ᠨ ᠠᠭᠤᠯᠭ᠎ᠠ ᠶ᠋ᠢ ᠪᠥᠬᠥ᠌ ᠲᠠᠯ᠎ᠠ ᠪᠠᠷ ᠲᠠᠰ ᠳᠡᠪᠱᠢᠭᠦᠯᠵᠦ᠍ ᠪᠤᠢ᠃ ᠵᠢᠱ᠌ᠢᠯᠳᠡ ᠪᠡᠷ ᠲᠤᠰ ᠲᠥᠷᠥᠯ ᠵᠦᠶ᠋ᠯ ᠪᠣᠯᠪᠠᠰᠤᠷᠠᠩᠭᠤᠶ ᠪᠣᠯᠤᠭ᠍ᠰᠠᠨ ᠤ᠋ ᠳᠠᠷᠠᠭ᠎ᠠ ᠵᠢᠯ ᠪᠦᠷᠢ 3500 ᠬᠥᠮᠦᠨ ᠤ᠋ ᠠᠵᠢᠯ ᠣᠯᠭᠣᠯᠲᠠ ᠶ᠋ᠢ ᠳᠠᠢᠴᠢᠯᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号