ᠥᠪᠥᠷ ᠮᠣᠩᠭᠣᠯ ᠤ᠋ᠨ ᠠᠩᠬᠠᠳᠤᠭᠠᠷ ᠬᠤᠭᠤᠴᠠᠭᠠᠨ ᠤ᠋ ᠤᠰᠤᠨ ᠭᠠᠷᠤᠯᠲᠠ ᠶ᠋ᠢᠨ ᠠᠵᠢᠯ ᠲᠥᠷᠥᠯ ᠤ᠋ᠨ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠤᠷᠤᠯᠳᠤᠭᠠᠨ ᠶᠠᠪᠤᠭᠳᠠᠪᠠ
2025-10-13 16:31:18
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠡᠴᠡ ᠤᠢᠯᠠᠭᠠᠭᠰᠠᠨ ᠶ᠋ᠢᠡᠷ᠂ 9 ᠰᠠᠷ᠎ᠠ ᠶ᠋ᠢᠨ 26 — 27 ᠤ᠋ ᠡᠳᠦᠷ ᠪᠣᠯᠲᠠᠯ᠎ᠠ ᠥᠪᠥᠷ ᠮᠣᠩᠭᠣᠯ ᠤ᠋ᠨ ᠠᠩᠬᠠᠳᠤᠭᠠᠷ ᠬᠤᠭᠤᠴᠠᠭᠠᠨ ᠤ᠋ ᠤᠰᠤᠨ ᠭᠠᠷᠤᠯᠲᠠ ᠶ᠋ᠢᠨ ᠠᠵᠢᠯ ᠲᠥᠷᠥᠯ ᠤ᠋ᠨ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠤᠷᠤᠯᠳᠤᠭᠠᠨ ᠬᠥᠬᠡᠬᠣᠲᠠ ᠳ᠋ᠤ ᠶᠠᠪᠤᠭ᠍ᠳᠠᠵᠤ᠂ 10 ᠠᠢᠮᠠᠭ ᠬᠣᠲᠠ ᠶ᠋ᠢᠨ 17 ᠲᠥᠯᠥᠭᠡᠯᠡᠭ᠌ᠴᠢᠳ ᠤ᠋ᠨ ᠠᠩᠭᠢ ᠶ᠋ᠢᠨ 49 ᠴᠢᠳᠠᠪᠤᠷᠢᠲᠠᠨ ᠤᠷᠤᠯᠳᠤᠭᠠᠨ ᠳ᠋ᠤ ᠤᠷᠤᠯᠴᠠᠪᠠ᠃

ᠤᠷᠤᠯᠳᠤᠭᠠᠨ ᠳ᠋ᠦ ᠬᠡᠯᠲᠡᠭᠡ ᠵᠢᠭᠠᠰᠤ ᠡᠴᠡ ᠴᠢᠰᠤ ᠠᠪᠬᠤ ᠪᠠ ᠲᠤᠶᠠᠴᠢᠬᠤ᠂ ᠡᠪᠡᠳᠴᠢᠨ ᠡᠭᠦᠰᠭᠡᠭ᠌ᠴᠢ ᠪᠠᠺᠲ᠋ᠧᠷᠢ ᠶ᠋ᠢ ᠰᠠᠯᠭᠠᠬᠤ᠂ ᠨᠠᠮᠤᠭ ᠤ᠋ᠨ ᠰᠠᠮ ᠬᠣᠷᠣᠬᠠᠶ ᠶ᠋ᠢ ᠲᠤᠶᠠᠴᠢᠬᠤ᠂ ᠪᠠᠺᠲ᠋ᠧᠷᠢ ᠶ᠋ᠢᠨ ᠡᠮ ᠤ᠋ᠨ ᠲᠤᠷᠱᠢᠯᠲᠠ ᠬᠢᠬᠦ᠂ ᠲᠡᠵᠢᠭᠡᠨ ᠦᠷᠡᠵᠢᠭᠦᠯᠬᠦ᠌ ᠤᠰᠤᠨ ᠴᠣᠭ᠍ᠴᠠ ᠶ᠋ᠢᠨ ᠦᠷᠭᠦᠯᠵᠢ ᠲᠣᠬᠢᠶᠠᠯᠳᠤᠳᠠᠭ ᠵᠠᠮᠠᠭ ᠤ᠋ᠨ ᠲᠥᠷᠥᠯ ᠢ᠋ ᠠᠵᠢᠭ᠍ᠯᠠᠬᠤ ᠪᠠ ᠢᠯᠭᠠᠨ ᠲᠠᠨᠢᠬᠤ ᠵᠡᠷᠭᠡ ᠤᠰᠤᠨ ᠭᠠᠷᠤᠯᠳᠠ ᠵᠢᠨ ᠦᠢᠯᠡᠳᠪᠤᠷᠢᠯᠡᠯ ᠤ᠋ᠨ ᠴᠢᠬᠤᠯᠠ ᠬᠦᠷᠢᠶᠡᠨ ᠤ᠋ ᠤᠷ᠎ᠠ ᠴᠢᠳᠠᠪᠤᠷᠢ ᠵᠢ ᠬᠠᠮᠤᠷᠴᠤ᠌᠂ ᠠᠵᠢᠯ ᠲᠥᠷᠥᠯ ᠤ᠋ᠨ ᠭᠤᠤᠯ ᠬᠡᠷᠡᠭ᠌ᠴᠡᠭᠡ ᠲᠠᠢ ᠨᠢᠭᠲᠠ ᠤᠶᠠᠯᠳᠤᠭᠤᠯᠤᠨ᠂ ᠴᠢᠳᠠᠪᠤᠷᠢᠳᠡᠨ ᠤ᠋ ᠶᠡᠷᠦᠩᠬᠡᠢᠯᠡᠭ᠌ᠰᠡᠨ ᠬᠡᠪ ᠪᠣᠯᠪᠠᠰᠤᠷᠠᠯ ᠢ᠋ ᠪᠥᠬᠥ᠌ ᠲᠠᠯ᠎ᠠ ᠪᠠᠷ ᠱᠢᠨᠵᠢᠯᠡᠨ ᠪᠠᠢᠴᠠᠭᠠᠪᠠ᠃ ᠪᠦᠳᠤᠨ 2 ᠡᠳᠦᠷ ᠤ᠋ᠨ ᠬᠤᠷᠴᠠ ᠱᠢᠷᠦᠭᠦᠨ ᠥᠷᠢᠰᠥᠯᠳᠦᠭᠡᠨ ᠵᠢᠡᠷ ᠲᠠᠮᠵᠢᠨ ᠬᠤᠪᠢ ᠬᠥᠮᠦᠨ ᠤ᠋ ᠳᠤᠭᠤᠢᠯᠠᠩ ᠤ᠋ᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤ᠋ᠨ ᠱᠠᠩᠨᠠᠯ ᠵᠢᠴᠢ ᠤᠰᠤᠨ ᠭᠠᠷᠤᠯᠳᠠ ᠵᠢᠨ ᠮᠡᠷᠭᠡᠵᠢᠯ ᠢ᠋ ᠳᠡᠯᠭᠡᠷᠡᠭᠦᠯᠦᠭᠰᠡᠨ ᠬᠤᠪᠢ ᠨᠡᠮᠡᠷᠢ ᠶ᠋ᠢᠨ ᠱᠠᠩᠨᠠᠯ ᠵᠢᠴᠢ  ᠪᠦᠯᠬᠦᠮ ᠨᠡᠢᠲᠡ ᠶ᠋ᠢᠨ ᠱᠢᠯᠢᠳᠡᠭ ᠳᠡᠰ ᠤ᠋ᠨ ᠱᠠᠩᠨᠠᠯ ᠢ᠋ ᠰᠢᠯᠭᠠᠷᠠᠭᠤᠯᠵᠤ ᠭᠠᠷᠭᠠᠪᠠ᠃

ᠲᠣᠰ ᠤᠳᠠᠭ᠎ᠠ ᠵᠢᠨ ᠤᠷᠤᠯᠳᠤᠭᠠᠨ ᠨᠢ ᠮᠠᠨ ᠤ᠋ ᠤᠷᠤᠨ ᠤ᠋ ᠤᠰᠤᠨ ᠭᠠᠷᠤᠯᠲᠠ ᠶ᠋ᠢᠨ ᠠᠵᠢᠯ ᠲᠥᠷᠥᠯ ᠤ᠋ᠨ ᠠᠮᠢᠵᠢᠷᠠᠯ ᠤ᠋ᠨ ᠬᠦᠴᠦᠨ ᠪᠠ ᠮᠡᠷᠭᠡᠵᠢᠯ ᠤ᠋ᠨ ᠳᠠᠯᠳᠠ ᠬᠦᠴᠦᠨ ᠢ᠋ ᠢᠯᠡᠷᠡᠭᠦᠯᠦᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠥᠨᠳᠥᠷ ᠬᠡᠪ ᠪᠤᠯᠪᠠᠰᠤᠷᠠᠯ ᠪᠥᠬᠥᠶ ᠤᠰᠤᠨ ᠭᠠᠷᠤᠯᠲᠠ ᠶ᠋ᠢᠨ ᠲᠤᠰᠭᠠᠶ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠵᠦ᠍᠂ ᠤᠰᠤᠨ ᠭᠠᠷᠤᠯᠳᠠ ᠵᠢᠨ ᠠᠵᠤ ᠦᠶ᠋ᠯᠡᠰ ᠢ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠲᠡᠢᠰᠢ ᠬᠡᠯᠪᠡᠷᠢ ᠪᠡᠨ ᠬᠤᠪᠢᠷᠠᠭᠤᠯᠵᠤ ᠲᠠᠰ ᠳᠡᠪᠱᠢᠭᠦᠯᠬᠦ᠌ ᠵᠢ ᠠᠬᠢᠭᠤᠯᠬᠤ ᠳ᠋ᠤ ᠪᠠᠲᠤ ᠰᠠᠭᠤᠷᠢ ᠵᠢ ᠲᠠᠯᠪᠢᠭ᠍ᠰᠠᠨ ᠪᠠᠢᠨ᠎ᠠ᠃ ᠣᠢᠷ᠎ᠠ ᠶ᠋ᠢᠨ ᠵᠢᠯ ᠤ᠋ᠨ ᠲᠤᠷᠰᠢ᠂ ᠮᠠᠨ ᠤ᠋ ᠤᠷᠤᠨ ᠠᠮᠢ ᠠᠬᠤᠶ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠪᠡᠷ ᠤᠳᠤᠷᠢᠳᠤᠮᠵᠢ ᠪᠤᠯᠭᠠᠨ᠂ ᠭᠠᠵᠠᠷ ᠣᠷᠣᠨ ᠤ᠋ ᠣᠨᠴᠠᠯᠢᠭ ᠲᠦ᠍ ᠳᠣᠭᠢᠷᠠᠭ᠍ᠰᠠᠨ ᠤᠰᠤᠨ ᠭᠠᠷᠤᠯᠲᠠ ᠶ᠋ᠢᠨ ᠲᠡᠵᠢᠭᠡᠨ ᠦᠷᠡᠵᠢᠭᠦᠯᠬᠦ᠌ ᠱᠢᠨ᠎ᠡ ᠵᠠᠭ᠍ᠪᠤᠷ ᠢ᠋ ᠢᠳᠡᠪᠬᠢᠲᠡᠢ ᠰᠦᠪᠡᠭ᠌ᠴᠢᠯᠡᠵᠦ᠍᠂ ᠬᠤᠵᠢᠷᠯᠢᠭ ᠤᠰᠤᠨ ᠤ᠋ ᠴᠠᠷᠠᠭ᠎ᠠ ᠵᠢᠨ ᠲᠡᠵᠢᠭᠡᠨ ᠦᠷᠡᠵᠢᠭᠦᠯᠬᠦ᠌ ᠣᠷᠣᠨ᠂ ᠤᠰᠤᠨ ᠲᠤᠲᠤᠷᠭ᠎ᠠ ᠵᠢᠭᠠᠰᠤᠨ ᠤ᠋ ᠶᠡᠷᠦᠩᠬᠡᠢᠯᠡᠭ᠌ᠰᠡᠨ ᠳᠠᠷᠢᠵᠤ ᠲᠡᠵᠢᠭᠡᠬᠦ᠌ ᠣᠷᠣᠨ᠂ ᠬᠦᠶ᠋ᠲᠡᠨ ᠤᠰᠤᠨ ᠤ᠋ ᠡᠬᠢ ᠰᠤᠷᠪᠤᠯᠵᠢ ᠶ᠋ᠢᠨ ᠲᠡᠵᠢᠭᠡᠨ ᠦᠷᠡᠵᠢᠭᠦᠯᠬᠦ᠌ ᠣᠷᠣᠨ᠂ ᠠᠮᠢ ᠠᠬᠤᠶ ᠵᠢ ᠰᠠᠢᠵᠢᠷᠠᠭᠤᠯᠬᠤ ᠲᠡᠵᠢᠭᠡᠨ ᠦᠷᠡᠵᠢᠭᠦᠯᠬᠦ᠌ ᠣᠷᠣᠨ ᠵᠡᠷᠭᠡ 4 ᠶᠡᠬᠡ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠴᠢᠳᠠᠮᠵᠢᠲᠤ ᠣᠷᠣᠨ ᠢ᠋ ᠪᠠᠢᠭᠤᠯᠤᠨ᠂ ᠬᠠᠲᠤᠨ ᠭᠤᠤᠯ ᠪᠠ ᠪᠠᠷᠠᠭᠤᠨ ᠯᠢᠶᠣᠤᠾᠧ ᠭᠤᠤᠯ ᠤ᠋ᠨ ᠵᠡᠭᠦᠨ ᠪᠠᠷᠠᠭᠤᠨ ᠪᠠᠶ᠎ᠠ ᠵᠢᠨ ᠬᠣᠶᠠᠷ ᠬᠤᠵᠢᠷᠯᠢᠭ ᠤᠰᠤᠨ ᠤ᠋ ᠴᠠᠷᠠᠭ᠎ᠠ ᠵᠢᠨ ᠲᠡᠵᠢᠭᠡᠨ ᠦᠷᠡᠵᠢᠭᠦᠯᠬᠦ᠌ ᠪᠦᠰᠡ ᠵᠢ ᠪᠦᠷᠢᠯᠳᠦᠭᠦᠯᠵᠦ᠍᠂ ᠤᠰᠤᠨ ᠤ᠋ ᠴᠠᠷᠠᠭ᠎ᠠ ᠵᠢᠨ ᠠᠮᠢ ᠠᠬᠤᠶ ᠣᠷᠴᠢᠨ ᠲᠣᠭᠣᠷᠢᠨ ᠢ᠋ ᠲᠠᠰᠤᠷᠠᠯᠲᠠ ᠥᠬᠡᠶ ᠰᠠᠢᠵᠢᠷᠠᠭᠤᠯᠤᠭᠰᠠᠨ ᠮᠦᠷᠳᠡᠬᠡᠨ ᠤᠰᠤᠨ ᠭᠠᠷᠤᠯᠳᠠ ᠵᠢᠨ ᠠᠵᠤ ᠠᠬᠤᠶ ᠵᠢ ᠲᠦᠷᠭᠡᠨ ᠬᠥᠭ᠌ᠵᠢᠯᠲᠡ ᠵᠠᠮ ᠳ᠋ᠤ ᠣᠷᠣᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号