ᠬᠥᠬᠡᠬᠣᠲᠠ᠎ᠶ᠋ᠢᠨ ᠰᠤᠷᠭᠠᠭᠤᠯᠢ ᠪᠠ ᠣᠷᠣᠨ ᠨᠤᠲᠤᠭ ᠬᠣᠯᠪᠣᠭᠠᠯᠠᠨ ᠬᠥᠳᠡᠯᠦᠯᠴᠡᠵᠦ᠍ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠠᠵᠢᠯ ᠤᠯᠭᠤᠯᠳᠠ ᠵᠢ ᠠᠬᠢᠭᠤᠯᠵᠦ ᠪᠤᠢ
2025-10-13 11:32:20
ᠵᠣᠬᠢᠶᠠᠭ᠍ᠴᠢ᠄
​ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠲᠦᠷᠦᠬᠦᠬᠡᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠬᠦᠷᠴᠦ᠍ 15 ᠳ᠋ᠤᠭᠠᠷ ᠤᠳᠠᠭᠠᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠲᠣᠭᠣᠷᠢᠨ ᠤᠷᠢᠵᠤ ᠡᠯᠰᠡᠬᠦ᠌ ᠴᠤᠭ᠍ᠯᠠᠭᠠᠨ ᠡᠷᠭᠢᠯᠡᠵᠦ᠍᠂ 《ᠲᠤᠬᠠᠶ᠎ᠶ᠋ᠢᠨ ᠲᠠᠯᠠᠪᠠᠢ᠎ᠳᠦ ᠤᠷᠢᠵᠤ ᠡᠯᠰᠡᠬᠦ᠌ + ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠵᠢ ᠬᠦᠲᠤᠯᠤᠨ ᠳᠠᠭᠠᠭᠤᠯᠬᠤ + ᠣᠨᠴᠠᠯᠢᠭ᠍ᠲᠤ ᠲᠤᠰᠭᠠᠶ ᠣᠷᠣᠨ + ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ》 ᠵᠢᠨ ᠬᠠᠮᠲᠤᠷᠠᠨ ᠬᠥᠳᠡᠯᠦᠯᠴᠡᠬᠦ᠌ ᠵᠠᠭ᠍ᠪᠤᠷ᠎ᠢ ᠪᠣᠶ ᠪᠣᠯᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠠᠵᠢᠯ ᠣᠯᠭᠣᠯᠲᠠ ᠵᠢᠨ ᠲᠦᠬᠦᠮ ᠦᠶ᠋ᠯᠡᠴᠢᠯᠡᠭᠡ ᠬᠠᠡᠭᠭᠠᠵᠤ᠂ 2000 ᠭᠠᠷᠤᠶ ᠲᠡᠭᠦᠰᠭᠦ ᠤᠶᠤᠲᠠᠳ ᠲᠤᠬᠠᠶ᠎ᠶ᠋ᠢᠨ ᠲᠠᠯᠠᠪᠠᠢ᠎ᠳᠦ ᠬᠦᠷᠴᠦ᠍ ᠠᠵᠢᠯ ᠡᠷᠢᠵᠦ᠍᠂ 1520 ᠬᠤᠪᠢ ᠲᠤᠪᠴᠢ ᠨᠠᠮᠲᠠᠷ  ᠳᠡᠪᠰᠢᠬᠦᠯᠵᠠᠢ᠃

ᠤᠢᠯᠠᠭᠠᠭᠰᠠᠨ᠎ᠢᠶᠡᠷ᠂ ᠲᠣᠰ ᠤᠳᠠᠭᠠᠨ᠎ᠤ ᠤᠷᠢᠵᠤ ᠡᠯᠰᠡᠬᠦ᠌ ᠴᠤᠭᠯᠠᠭᠠᠨ ᠨᠢ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭᠠᠨ᠎ᠤ ᠣᠨᠴᠠᠯᠢᠭ᠎ᠲᠠᠶ ᠨᠠᠷᠢᠯᠢᠭ ᠤᠨᠤᠴᠠᠲᠠᠢ ᠵᠣᠯᠭᠠᠭᠤᠯᠵᠤ᠂ ᠠᠬᠤᠶ ᠲᠠᠯᠠᠪᠠᠶ᠎ᠶ᠋ᠢᠨ 60 ᠭᠠᠷᠤᠶ ᠠᠵᠤ ᠠᠬᠤᠢᠯᠠᠯ᠎ᠤᠨ ᠳᠣᠲᠣᠷ᠎ᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠂ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠲᠥᠷᠥᠯ᠎ᠦᠨ ᠠᠵᠤ ᠠᠬᠤᠢᠯᠠᠯ ᠬᠢᠭᠡᠳ ᠰᠤᠷᠭᠠᠭᠤᠯᠢ᠎ᠶ᠋ᠢᠨ ᠲᠠᠷᠢᠶᠠᠯᠠᠩ ᠣᠶ  ᠱᠢᠭᠤᠶ᠎ᠪᠠᠷ ᠭᠤᠤᠯ ᠪᠣᠯᠭᠠᠭ᠍ᠰᠠᠨ᠂ ᠨᠤᠲᠤᠭ ᠪᠠᠯᠴᠢᠬᠡᠷ ᠮᠠᠯ ᠠᠵᠤ ᠠᠬᠤᠶ᠎ᠪᠠᠷ ᠣᠨᠴᠠᠯᠢᠭ ᠪᠣᠯᠭᠠᠭ᠍ᠰᠠᠨ ᠱᠢᠨᠵᠢᠯᠡᠭᠡᠨ᠎ᠦ ᠰᠠᠯᠠᠭ᠎ᠠ᠎ᠲᠠᠶ ᠳᠡᠭᠡᠳᠦ ᠬᠡᠮᠵᠢᠶ᠎ᠡ᠎ᠪᠡᠷ ᠳᠣᠭᠢᠷᠠᠯᠴᠠᠪᠠ᠃  ᠰᠦᠯᠵᠢᠶᠡᠨ ᠳᠡᠭᠡᠷ᠎ᠡ ᠪᠠ ᠪᠤᠲᠠᠲᠤ ᠴᠤᠭᠴᠠ ᠳ᠋ᠤ ᠵᠡᠷᠭᠡ᠎ᠪᠡᠷ ᠬᠦᠴᠦᠯᠡᠵᠦ᠍᠂ 100 ᠠᠵᠤ ᠠᠬᠤᠢᠯᠠᠯ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠵᠢ  ᠬᠦᠲᠤᠯᠤᠨ ᠳᠠᠭᠠᠭᠤᠯᠵᠤ᠂ 《ᠰᠦᠯᠵᠢᠶᠡᠨ ᠳᠡᠭᠡᠷᠡᠬᠢ + ᠪᠤᠲᠠᠲᠤ ᠴᠤᠭᠴᠠ》᠂ 《ᠰᠤᠷᠭᠠᠭᠤᠯᠢ᠎ᠶ᠋ᠢᠨ ᠳᠣᠲᠣᠷ᠎ᠠ + ᠰᠤᠷᠭᠠᠭᠤᠯᠢ᠎ᠶ᠋ᠢᠨ ᠭᠠᠳᠠᠨ᠎ᠠ》 ᠵᠡᠷᠭᠡ ᠣᠯᠠᠨ ᠲᠠᠯ᠎ᠠ᠎ᠶ᠋ᠢᠨ ᠦᠶ᠋ᠯᠡᠴᠢᠯᠡᠭᠡ᠎ᠪᠡᠷ ᠳᠡᠮᠵᠢᠨ ᠲᠡᠭᠦᠰᠭᠦ ᠰᠤᠷᠤᠭ᠍ᠴᠢᠳ᠎ᠤᠨ ᠠᠵᠢᠯ ᠡᠷᠢᠬᠦ᠌ ᠬᠡᠷᠡᠭ᠌ᠴᠡᠭᠡ᠎ᠶ᠋ᠢ ᠬᠠᠩᠭᠠᠵᠠᠢ᠃

《ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ》 ᠶ᠋ᠢᠨ ᠲᠤᠰᠭᠠᠶ ᠲᠣᠭᠣᠷᠢᠭ᠎ᠲᠤ ᠦᠪᠠᠷᠲᠠᠬᠡᠨ ᠵᠠᠰᠠᠬᠤ ᠤᠷᠤᠨ ᠤ᠋ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠲᠤᠰᠭᠠᠶ ᠬᠠᠷᠢᠭᠤᠴᠠᠯᠭᠠᠲᠠᠨ ᠡᠴᠠ ᠠᠵᠢᠯ ᠣᠯᠭᠣᠯᠲᠠ᠎ᠶ᠋ᠢᠨ ᠳᠠᠳᠤᠯᠭ᠎ᠠ᠂ ᠦᠶ᠋ᠯᠡᠰ ᠪᠤᠰᠬᠠᠬᠤ ᠨᠥᠬᠥᠪᠥᠷᠢ᠂ ᠬᠡᠷ ᠪᠠᠢᠱᠢᠩ ᠲᠦᠷᠢᠶᠡᠰᠦᠯᠡᠬᠦ᠌ ᠪᠠ ᠬᠤᠳᠠᠯᠳᠤᠨ ᠠᠪᠬᠤ ᠨᠥᠬᠥᠪᠥᠷᠢ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠲᠠᠢᠯᠪᠤᠷᠢᠯᠠᠵᠤ᠂ 1500 ᠬᠤᠪᠢ ᠤᠬᠠᠭᠤᠯᠭ᠎ᠠ᠎ᠶ᠋ᠢᠨ ᠳᠡᠪᠲᠡᠷ ᠲᠠᠷᠬᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号