《ᠰᠠᠢᠨ ᠲᠤᠷ᠎ᠠ ᠢ᠋ᠢᠨ ᠦᠢᠯᠡᠴᠢᠯᠡᠭᠡ ᠤᠮᠠᠷᠠᠲᠦ ᠬᠢᠯᠢ ᠵᠢ ᠬᠡᠷᠡᠯᠲᠦᠭᠦᠯᠬᠦ》 ᠰᠢᠷᠢᠰ ᠮᠡᠲᠡᠭᠡᠯᠡᠯ ⑥— 《ᠪᠤᠶᠠᠨᠰᠠᠭ᠋ ᠡᠵᠢ》 ᠵᠢᠨ ᠨᠢᠩᠵᠢᠨ ᠬᠠᠢᠷ᠎ᠠ ᠬᠡᠥᠭᠡᠳ᠎ᠤᠨ ᠰᠡᠳᠭᠢᠯ᠎ᠢ ᠳᠤᠯᠠᠭᠠᠴᠠᠭᠤᠯᠤᠨ᠎ᠠ
2025-10-13 10:06:45
ᠵᠣᠬᠢᠶᠠᠭ᠍ᠴᠢ᠄
​ ᠰᠠᠴᠤᠷᠠᠯ
ᠣᠩᠱᠢᠭ᠍ᠰᠠᠨ ᠣᠳᠠᠭ᠎ᠠ᠄
★★★☆☆

 — ᠦᠬᠠᠢ ᠬᠤᠲᠠ᠎ᠶᠢᠨ 《ᠪᠤᠶᠠᠨᠰᠠᠭ᠋ ᠡᠵᠢ》 ᠡᠮᠡᠭᠲᠡᠢᠴᠤᠳ᠎ᠤᠨ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ᠎ᠢ ᠲᠡᠮᠳᠡᠭᠯᠡᠪᠡ


ᠦᠬᠠᠢ ᠬᠤᠳᠠ᠎ᠶ᠋ᠢᠨ ᠡᠦ ᠬ᠍ᠦ ᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠢᠦᠢ ᠬᠣᠩ ᠨᠡᠢᠭᠡᠮ ᠲᠣᠭᠣᠷᠢᠭ᠎ᠲᠤ᠂ ᠥᠷᠯᠥᠭᠡ ᠪᠦᠷᠢ᠎ᠶ᠋ᠢᠨ 9 ᠴᠠᠭ᠎ᠤᠨ ᠦᠶ᠎ᠡ ᠪᠡᠷ᠂ ᠤᠯᠠᠭᠠᠨ ᠦᠩᠭᠡᠲᠦ ᠡᠯᠢᠭᠡᠪᠴᠢ ᠡᠮᠦᠰᠦᠭᠰᠡᠨ ᠰᠠᠢ᠌ᠨ ᠳᠤᠷ᠎ᠠ᠎ᠶ᠋ᠢᠨ ᠠᠵᠢᠯᠯᠠᠭ᠍ᠴᠢᠳ ᠴᠢᠷᠠᠢ ᠳ᠋ᠠᠭᠠᠨ ᠢᠨᠢᠶᠡᠲᠦ ᠲᠤᠳᠤᠷᠠᠭᠤᠯᠤᠨ 20 ᠭᠠᠷᠤᠶ ᠬᠡᠦᠬᠡᠳ᠎ᠢ ᠨᠡᠢᠭᠡᠮ ᠲᠣᠭᠣᠷᠢᠭ᠎ᠤᠨ ᠬᠢᠴᠢᠶᠡᠯ᠎ᠦᠨ ᠭᠡᠷ᠎ᠲᠦ ᠬᠦᠷᠭᠡᠬᠦ ᠪᠡᠷ ᠶᠠᠭᠠᠷᠠᠯᠳᠤᠵᠠᠭᠠᠨ᠎ᠠ᠃ ᠬᠡᠦᠬᠡᠳ ᠤ᠋ᠳ ᠡᠨᠳᠡ ᠳᠠᠰᠭᠠᠯ ᠳᠠᠭᠠᠭᠠᠯᠭᠠᠪᠤᠷᠢ ᠪᠠᠨ ᠪᠡᠶᠡᠯᠡᠭᠦᠯᠦᠨ᠂ ᠭᠠᠷ ᠤᠷᠠᠯᠠᠯ ᠪᠠ ᠱᠢᠲᠠᠷ᠎ᠠ᠎ᠶ᠋ᠢᠨ ᠬᠥᠳᠡᠯᠭᠡᠭᠡᠨ᠎ᠳᠦ ᠣᠷᠣᠯᠴᠠᠵᠤ᠂ ᠭᠡᠷ᠎ᠦᠨ ᠠᠬᠠᠮᠠᠳ ᠠᠵᠢᠯ᠎ᠠᠴᠠ᠎ᠪᠠᠨ ᠪᠠᠭᠤᠪᠠᠯ ᠬᠡᠥᠬᠡᠳ ᠵᠢᠡᠨ ᠲᠤᠰᠬᠤ ᠪᠡᠷ ᠢᠷᠡᠨ᠎ᠡ᠃ ᠡᠨᠡ ᠬᠦ᠌ ᠬᠠᠯᠠᠭᠤᠨ ᠳᠤᠯᠠᠭᠠᠨ ᠡᠮᠬᠢ ᠵᠢᠷᠤᠮ᠎ᠲᠠᠶ ᠠᠬᠤᠶ ᠪᠠᠢᠳᠠᠯ᠎ᠨᠢ ᠢᠦᠶ ᠬᠣᠩ ᠨᠡᠢᠭᠡᠮ ᠲᠣᠭᠣᠷᠢᠭ᠎ᠤᠨ 《ᠪᠤᠶᠠᠨᠰᠠᠭ᠋ ᠡᠵᠢ》 ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠵᠢᠨ ᠬᠤᠷᠢᠶᠠᠩᠭᠤᠢ ᠲᠦᠷᠰᠦ ᠪᠤᠯᠤᠨ᠎ᠠ᠃ 《ᠪᠤᠶᠠᠨᠰᠠᠭ ᠡᠵᠢ》ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠨᠢ ᠠᠩᠬ᠎ᠠ ᠡᠬᠢᠯᠡᠭᠡᠳ17 ᠬᠥᠮᠦᠨ ᠪᠠᠢᠭ᠍ᠰᠠᠨ᠎ᠠᠴᠠ᠎ᠪᠠᠨ ᠤᠳᠤ ᠨᠡᠮᠡᠭ᠌ᠳᠡᠭᠡᠳ 120 ᠭᠠᠷᠤᠶ ᠬᠥᠮᠦᠨ ᠲᠠᠢ ᠪᠣᠯᠵᠠᠶ᠂ ᠡᠭᠦᠨ᠎ᠳᠦ ᠬᠠᠤᠯᠢᠴᠢ᠂ ᠡᠮᠴᠢ᠂ ᠪᠠᠭ᠍ᠰᠢ ᠵᠡᠷᠭᠡ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠬᠠᠯᠠᠭᠤᠨ ᠰᠡᠳᠭᠢᠯᠲᠦ ᠰᠠᠢᠨ ᠳᠤᠷ᠎ᠠ᠎ᠶ᠋ᠢᠨ ᠠᠵᠢᠯᠯᠠᠭ᠍ᠴᠢ ᠡᠴᠡ ᠲᠤᠰᠭᠠᠶ ᠮᠡᠷᠭᠡᠵᠢᠯ ᠳ᠋ᠡᠬᠡᠨ ᠲᠦᠰᠢᠭᠯᠡᠨ ᠬᠡᠦᠬᠡᠳ᠎ᠲᠦ ᠱᠢᠯᠢᠳᠡᠭ ᠪᠦᠭᠡᠳ ᠪᠦᠬᠦ᠌ ᠲᠠᠯ᠎ᠠ᠎ᠶ᠋ᠢᠨ ᠦᠶ᠋ᠯᠡᠴᠢᠯᠡᠭᠡ ᠬᠠᠩᠭᠠᠳᠠᠭ᠃


QQ20251013-095108.png


ᠠᠷᠠᠳ᠎ᠤᠨ ᠠᠮᠢᠳᠤᠷᠠᠯ᠎ᠤᠨ ᠡᠪᠡᠷᠱᠢᠶᠡᠯ ᠴᠡᠭ᠎ᠲᠤ ᠵᠤᠷᠢᠭᠤᠯᠤᠬᠰᠠᠨ ᠬᠠᠨᠳᠤᠯᠭᠠᠳᠦ ᠦᠢᠯᠡᠴᠢᠯᠡᠬᠡ

《ᠠᠮᠠᠷᠠᠯᠲᠠ᠎ᠶ᠋ᠢᠨ ᠬᠤᠭᠤᠴᠠᠭᠠᠨ᠎ᠳᠤ ᠬᠡᠦᠬᠡᠳ ᠵᠢᠡᠨ ᠶᠠᠭᠠᠬᠢᠵᠦ ᠬᠠᠷᠠᠭᠠᠯᠵᠠᠬᠤ ᠪᠢᠯᠡ? ᠡᠨᠡ ᠬᠦ᠌ ᠳᠥᠭᠥᠮᠬᠡᠨ ᠠᠰᠠᠭᠤᠳᠠᠯ ᠨᠢ ᠬᠣᠲᠠ᠎ᠶ᠋ᠢᠨ ᠬᠣᠣᠰ ᠠᠵᠢᠯᠲᠠᠨ ᠠᠵᠢᠯᠴᠢᠨ᠎ᠳᠠᠢ ᠭᠡᠷ ᠪᠦᠯᠢ᠎ᠶ᠋ᠢ ᠤᠷᠲᠤ ᠬᠤᠭᠤᠴᠠᠭ᠎ᠠ᠎ᠪᠠᠷ ᠭᠠᠴᠢᠭ᠍ᠳᠠᠭᠤᠯᠵᠤ ᠪᠠᠢᠳᠠᠭ᠂ ᠠᠪᠤ ᠡᠵᠢ᠎ᠶ᠋ᠢᠨ ᠬᠢᠨᠢ ᠠᠵᠢᠯ ᠶᠠᠭᠠᠷᠠᠦ ᠡᠴᠡ ᠪᠤᠯᠵᠦ ᠬᠡᠦᠬᠡᠳ ᠤ᠋ᠳ ᠦᠷᠬᠦᠯᠵᠢ ᠭᠠᠭ᠍ᠴᠠᠭᠠᠷ᠎ᠢᠶᠠᠨ ᠭᠡᠷ᠎ᠲᠡᠭᠡᠨ ᠬᠤᠴᠤᠷᠤᠨ ᠲᠧᠯᠸᠢᠰ ᠪᠤᠶᠤ ᠭᠠᠷ ᠤᠲᠠᠰᠤᠨ᠎ᠳᠤ ᠱᠢᠨᠤᠬᠤ ᠨᠢ ᠨᠡᠢᠳᠡᠮ ᠤᠷᠤᠰᠢᠬᠤ ᠠᠰᠠᠭᠤᠳᠠᠯ ᠪᠤᠯᠵᠠᠢ᠃ ᠡᠨᠡ ᠨᠢ ᠭᠡᠷ᠎ᠦᠨ ᠠᠬᠠᠮᠠᠳ᠎ᠤᠨ ᠰᠡᠳᠭᠢᠯ᠎ᠢ ᠵᠣᠪᠠᠭᠠᠬᠤ᠎ᠪᠠᠷ ᠦᠯᠦ ᠪᠠᠷᠠᠮ ᠬᠡᠦᠬᠡᠳ᠎ᠦᠨ ᠡᠷᠡᠭᠦᠯ ᠦᠰᠦᠨ ᠪᠣᠢᠵᠢᠯᠲᠠ᠎ᠳᠤ ᠴᠤ᠌ ᠠᠱᠢᠭ ᠦᠭᠡᠢ ᠪᠠᠢᠳᠠᠭ᠃ ᠡᠯᠧᠺᠲ᠋ᠷᠣᠨ ᠳᠡᠯᠭᠡᠴᠡ᠎ᠶ᠋ᠢ ᠣᠷᠳᠣ ᠬᠤᠭᠤᠴᠠᠭ᠎ᠠ᠎ᠪᠠᠷ ᠰᠢᠷᠲᠡᠬᠦ ᠨᠢ ᠬᠡᠥᠭᠡᠳ᠎ᠤᠨ ᠬᠠᠷᠠᠭ᠎ᠠ᠎ᠶ᠋ᠢ ᠨᠥᠯᠥᠭᠡᠯᠡᠬᠦ ᠪᠡᠷ ᠪᠠᠷᠠᠬᠤ ᠦᠬᠡᠢ ᠬᠡᠦᠬᠡᠳ᠎ᠦᠨ ᠨᠡᠢᠭᠡᠮ᠎ᠦᠨ ᠬᠠᠷᠢᠯᠴᠠᠭ᠎ᠠ ᠬᠢᠭᠡᠳ ᠡᠭᠦᠳᠦᠨ ᠪᠦᠲᠦᠭᠡᠬᠦ᠌ ᠴᠢᠳᠠᠪᠤᠷᠢ᠎ᠶᠢ ᠴᠦ᠍ ᠨᠦᠯᠦᠭᠡᠯᠡᠳᠡᠭ᠃


QQ20251013-095118.png


ᠢᠦᠶ ᠬᠣᠩ ᠨᠡᠢᠭᠡᠮ ᠲᠣᠭᠣᠷᠢᠭ ᠡᠨᠡ᠎ᠬᠦ᠌ ᠨᠡᠢᠭᠡᠮ᠎ᠦᠨ ᠡᠮᠵᠡᠭ ᠭᠠᠵᠠᠷ᠎ᠢ ᠰᠡᠷᠭᠡᠭ᠎ᠢᠶᠡᠷ ᠲᠠᠨᠢᠨ ᠤᠯᠵᠦ᠂ ᠤᠤᠯ᠎ᠤᠨ《ᠪᠤᠶᠠᠨᠰᠠᠭ᠋ ᠡᠵᠢ》ᠵᠢᠨ ᠡᠩᠨᠡᠭᠡ᠎ᠪᠡᠷ ᠲᠤᠯᠭᠠᠭᠤᠷᠢᠯᠡᠯ ᠪᠣᠯᠭᠠᠨ᠂《ᠪᠤᠶᠠᠨᠰᠠᠭ ᠡᠵᠢ》ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠵᠠᠬᠪᠤᠷ᠎ᠤᠨ ᠱᠢᠨ᠎ᠡ᠎ᠶ᠋ᠢ ᠡᠭᠦᠳᠪᠡ᠃ ᠲᠣᠰ ᠦᠶ᠋ᠯᠡᠴᠢᠯᠡᠭᠡᠨ᠎ᠦ ᠵᠣᠷᠢᠯᠭ᠎ᠠ ᠨᠢ ᠬᠠᠷᠢᠶᠠᠲᠤ ᠣᠷᠣᠨ᠎ᠤ ᠬᠡᠦᠬᠡᠳ᠎ᠲᠦ ᠬᠢᠴᠢᠶᠡᠯ᠎ᠦᠨ ᠳᠠᠷᠠᠭᠠᠬᠢ ᠨᠠᠢᠳᠠᠨ ᠬᠠᠮᠢᠶᠠᠷᠤᠯᠲᠠ ᠵᠢᠴᠢ ᠳᠤᠷ᠎ᠠ ᠰᠣᠨᠢᠷᠬᠠᠯᠳᠦ ᠠᠵᠢᠯᠯᠠᠭ᠎ᠠ᠎ᠶ᠋ᠢᠨ ᠳᠡᠮᠵᠢᠯᠭᠡ ᠬᠠᠩᠭᠠᠵᠤ᠂ ᠬᠡᠷ᠎ᠦᠨ ᠠᠬᠠᠮᠠᠳ᠎ᠤᠨ ᠵᠣᠪᠠᠨᠢᠯ᠎ᠢ ᠱᠢᠶ᠋ᠳᠪᠦᠷᠢᠯᠡᠬᠦ᠌᠎ᠶᠠᠪᠤᠳᠠᠯ ᠪᠤᠯᠤᠨ᠎ᠠ᠃ ᠡᠳᠦᠷ ᠲᠤᠲᠤᠮ᠎ᠤᠨ ᠦᠶ᠋ᠯᠡᠴᠢᠯᠡᠭᠡ ᠳᠤᠮᠳᠠ᠂ 《ᠪᠤᠶᠠᠨᠰᠠᠭ ᠡᠵᠢ》 ᠨᠢ ᠲᠣᠭ᠍ᠲᠠᠭ᠍ᠰᠠᠨ ᠴᠠᠭ᠎ᠲᠠᠭᠠᠨ ᠬᠡᠦᠬᠡᠳ᠎ᠢ ᠲᠤᠰᠴᠦ᠍ ᠬᠦᠷᠭᠡᠨ᠂ ᠬᠢᠴᠢᠶᠡᠯ ᠰᠤᠷᠤᠯᠭ᠎ᠠ ᠵᠢ ᠨᠢ ᠵᠢᠯᠣᠭᠣᠳᠬᠤ᠎ᠶᠢᠨ ᠬᠠᠮᠳᠦ ᠪᠠᠰᠠ ᠬᠡᠦᠬᠡᠳ᠎ᠢ ᠳᠠᠭᠠᠭᠤᠯᠤᠨ ᠭᠠᠷ ᠤᠷᠠᠯᠠᠯ᠎ᠤᠨ ᠲᠤᠬᠯᠠᠭᠠᠮ᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠵᠣᠬᠢᠶᠠᠨ ᠪᠠᠢᠭᠤᠯᠳᠠᠭ᠃ ᠰᠠᠭᠤᠭᠠᠯᠢ ᠠᠷᠠᠳ ᠮᠢ ᠯᠢ ᠱᠢᠶᠠ᠄ 《ᠥᠩᠭᠡᠷᠡᠭ᠌ᠰᠡᠨ᠎ᠳᠦ᠂ ᠠᠮᠠᠷᠠᠯᠲᠠ ᠪᠤᠯᠤᠬᠰᠠᠭᠠᠷ ᠯᠡ ᠬᠡᠦᠬᠡᠳ ᠤ᠋ᠳ ᠭᠡᠷ ᠲᠡᠭᠡᠨ ᠲᠧᠯᠸᠢᠰ ᠦᠵᠡᠬᠦ ᠪᠤᠶᠤ ᠭᠠᠷ ᠤᠲᠠᠰᠤ ᠨᠠᠭᠠᠳᠤᠨ᠎ᠠ ᠁ ᠣᠳᠣ ᠨᠡᠢᠭᠡᠮ ᠲᠣᠭᠣᠷᠢᠭ᠎ᠲᠤ ᠬᠦᠷᠭᠡᠭᠰᠡᠨ᠎ᠤ ᠬᠤᠢᠨ᠎ᠠ᠂ ᠳᠡᠳᠡ ᠦᠳᠡ᠎ᠶᠢᠨ ᠡᠮᠦᠨ᠎ᠡ ᠳᠠᠰᠭᠠᠯ ᠳᠠᠭᠠᠭᠠᠯᠭᠠᠪᠤᠷᠢ ᠪᠠᠨ ᠬᠢᠵᠦ᠂ ᠦᠳᠡ᠎ᠶᠢᠨ ᠬᠣᠢᠨ᠎ᠠ ᠤᠷᠠᠨ ᠪᠢᠴᠢᠯᠭᠡ ᠰᠤᠷᠴᠤ᠌᠂ ᠭᠠᠷ ᠤᠷᠠᠯᠠᠯ ᠤᠷᠤᠯᠳᠤᠨ᠂ ᠪᠢᠴᠢᠬᠠᠨ ᠨᠠᠢᠵᠠ᠎ᠨᠠᠷ ᠲᠠᠶ᠎ᠪᠠᠨ ᠬᠠᠮᠳᠦ ᠨᠠᠭᠠᠳᠤᠨ ᠲᠤᠬᠯᠠᠵᠦ᠂ ᠬᠡᠦᠬᠡᠳ ᠤ᠋ᠳ ᠪᠠᠶᠠᠷ ᠬᠦᠷ ᠲᠠᠢ ᠪᠦᠭᠡᠳ ᠪᠢᠳᠡ ᠪᠠᠰᠠ ᠰᠠᠨᠠᠭ᠎ᠠ ᠠᠮᠤᠷ ᠪᠤᠯᠵᠠᠢ》 ᠭᠡᠵᠦ ᠰᠡᠳᠭᠢᠯ ᠳᠣᠭ᠍ᠳᠣᠯᠤᠨ ᠬᠡᠯᠡᠨ᠎ᠡ᠃

ᠬᠡᠥᠬᠡᠳ᠎ᠤᠨ ᠡᠷᠡᠬᠦᠯ ᠴᠢᠬᠢᠷᠠᠭ ᠦᠰᠦᠨ ᠪᠣᠢᠵᠢᠯᠲᠠ ᠳ᠋ᠤ ᠵᠤᠷᠢᠭᠤᠯᠤᠬᠰᠠᠨ ᠪᠦᠲᠦᠮᠵᠢᠲᠡᠢ ᠦᠢᠯᠡᠴᠢᠯᠡᠭᠡ

2020 ᠣᠨ᠎ᠳᠤ ᠂ ᠢᠦᠢ ᠬᠣᠩ ᠨᠡᠢᠭᠡᠮ ᠲᠣᠭᠣᠷᠢᠭ᠎ᠤᠨ ᠬᠢᠨ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠦᠳᠦᠯᠥᠨ ᠳᠠᠭᠠᠭᠤᠯᠬᠤ ᠤᠷᠢᠶᠠᠯᠠᠭ᠎ᠠ᠎ᠶ᠋ᠢ ᠢᠳᠡᠪᠬᠢᠲᠡᠢ ᠴᠤᠤᠷᠢᠶᠠᠲᠤᠨ ᠳᠠᠭᠠᠵᠦ᠂《ᠭᠠᠯᠲᠤ ᠬᠣᠷᠣᠬᠠᠢ᠎ᠶ᠋ᠢᠨ ᠲᠥᠯᠥᠪᠯᠡᠭᠡ》 ᠭᠡᠬᠦ ᠨᠠᠮ᠎ᠤᠨ ᠪᠠᠢᠭᠤᠯᠤᠯᠲᠠ᠎ᠶ᠋ᠢᠨ ᠲᠦᠷᠦᠯ ᠲᠡᠮᠳᠡᠭ᠎ᠢ ᠨᠠᠷᠢᠯᠢᠭ ᠴᠣᠭ᠍ᠴᠠᠯᠠᠪᠠ᠃ ᠡᠨᠡ ᠬᠦ᠌ ᠨᠠᠷᠠᠲᠤ ᠲᠡᠮᠳᠡᠭ ᠨᠢ ᠬᠠᠷᠢᠶᠠᠲᠤ ᠣᠷᠣᠨ᠎ᠤ ᠣᠨᠴᠠᠭᠠᠶ ᠬᠡᠷ ᠪᠦᠯᠢ᠎ᠶ᠋ᠢᠨ ᠦᠷ᠎ᠡ ᠬᠡᠦᠬᠡᠳ᠎ᠦᠨ ᠦᠰᠦᠨ ᠪᠣᠢᠵᠢᠯᠲᠠ᠎ᠶᠢᠨ ᠵᠠᠮ᠎ᠢ ᠭᠡᠷᠡᠯᠲᠦᠭᠦᠯᠪᠡ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢᠭᠡᠮ ᠲᠣᠭᠣᠷᠢᠭ᠂ ᠬᠠᠮᠲᠤ᠎ᠪᠠᠷ ᠪᠠᠢᠭᠤᠯᠬᠤ ᠨᠢᠭᠡᠴᠢ ᠵᠢᠴᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠤ᠋ᠳ ᠭᠠᠷ ᠬᠣᠯᠪᠣᠯᠴᠠᠨ ᠬᠠᠮᠲᠤᠷᠠᠯᠴᠠᠵᠤ᠂ ᠬᠠᠢᠷ᠎ᠠ ᠬᠠᠯᠠᠮᠵᠢ ᠬᠠᠨᠳᠢᠪᠯᠠᠬᠤ᠂ ᠲᠥᠷᠥᠯ ᠰᠠᠳᠤᠨ ᠮᠠᠳᠦ ᠬᠠᠨᠢ ᠪᠣᠯᠬᠤ᠂ ᠥᠪᠡᠷ᠎ᠢ᠎ᠪᠡᠨ ᠬᠠᠮᠠᠭᠠᠯᠠᠬᠤ ᠬᠥᠮᠦᠵᠢᠯ᠂ ᠰᠤᠷᠤᠯᠭ᠎ᠠ᠎ᠶ᠋ᠢ ᠲᠡᠳᠬᠦᠬᠦ᠌ ᠦᠶ᠋ᠯᠡᠴᠢᠯᠡᠭᠡ ᠵᠡᠷᠭᠡ ᠪᠠᠶᠠᠯᠢᠭ ᠰᠠᠢᠬᠠᠨ ᠠᠵᠢᠯᠯᠠᠭ᠎ᠠ ᠥᠷᠨᠢᠭᠦᠯᠵᠦ᠍᠂ ᠬᠡᠦᠬᠡᠳ᠎ᠲᠦ ᠬᠠᠢᠷ᠎ᠠ ᠬᠠᠯᠠᠮᠵᠢ ᠬᠦᠷᠲᠡᠭᠡᠪᠡ᠃ ᠡᠭᠦᠨ᠎ᠦ ᠬᠠᠮᠲᠤ᠂ ᠰᠤᠷᠭᠠᠭᠤᠯᠢ᠂ ᠬᠡᠷ ᠪᠦᠯᠢ᠂ ᠨᠡᠢᠭᠡᠮ 《ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ》 ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠱᠢᠰᠲ᠋ᠧᠮ᠎ᠢ ᠴᠢᠷᠮᠠᠢᠨ ᠪᠠᠢᠭᠤᠯᠵᠤ᠂ ᠠᠮᠤᠷ ᠲᠦᠪᠱᠢᠨ᠂ ᠡᠷᠡᠭᠦᠯ ᠮᠡᠨᠳᠦ᠂ ᠪᠠᠶᠠᠷ ᠪᠠᠶᠠᠰᠤᠯ᠎ᠲᠠᠶ ᠦᠰᠦᠨ ᠪᠣᠢᠵᠢᠬᠤ ᠣᠷᠴᠢᠨ ᠨᠥᠬᠥᠴᠡᠯ᠎ᠢ ᠪᠣᠶ ᠪᠤᠯᠭᠠᠪᠠ᠃


QQ20251013-095124.png


ᠡᠳᠦᠷ ᠲᠤᠲᠤᠮ᠎ᠤᠨ ᠦᠶ᠋ᠯᠡᠴᠢᠯᠡᠭᠡᠨ᠎ᠦ ᠳᠤᠮᠳᠠ᠂ ᠠᠵᠢᠯᠲᠠᠳ ᠨᠠᠷᠢᠨ ᠠᠵᠢᠭ᠍ᠯᠠᠬᠤ ᠪᠠ ᠭᠦᠨᠵᠡᠭᠡᠶ ᠰᠤᠷᠪᠤᠯᠵᠢᠯᠠᠬᠤ᠎ᠪᠠᠷ ᠳᠠᠮᠵᠢᠨ᠂ ᠨᠢᠭᠡᠨ ᠪᠦᠯᠦᠭ ᠣᠨᠴᠠᠭᠠᠶ ᠨᠠᠰᠤᠨ᠎ᠳᠤ ᠥᠯᠥ᠍ ᠭᠦᠷᠦᠭ᠌ᠰᠡᠳ᠎ᠢ ᠤᠯᠵᠦ ᠮᠡᠳᠡᠪᠡ᠃ ᠲᠡᠳᠡ ᠡᠯ᠎ᠡ ᠵᠦᠶ᠋ᠯ᠎ᠦᠨ ᠱᠢᠯᠲᠠᠭᠠᠨ᠎ᠠᠴᠠ ᠪᠣᠯᠵᠤ ᠂ ᠭᠡᠷ᠎ᠦᠨ ᠬᠥᠮᠦᠰ᠎ᠦᠨ ᠵᠢᠡᠨ ᠬᠠᠢᠷ᠎ᠠ ᠬᠠᠯᠠᠮᠵᠢᠯᠠᠯ᠎ᠢ ᠬᠦᠷᠲᠡᠵᠦ ᠲᠡᠢᠯᠬᠦ ᠦᠬᠡᠢ ᠪᠠᠢᠵᠦ᠂ ᠦᠷᠬᠦᠯᠵᠢ ᠭᠠᠭ᠍ᠴᠠᠭᠠᠷᠳᠠᠵᠦ ᠲᠦᠪᠡᠭᠳᠡᠳᠡᠭ᠃ ᠡᠲᠡᠭᠡᠷ ᠬᠡᠦᠬᠡᠳ᠎ᠲᠦ ᠨᠠᠩ ᠣᠯᠠᠨ ᠬᠠᠢᠷ᠎ᠠ ᠬᠠᠯᠠᠮᠵᠢ ᠬᠦᠷᠲᠡᠭᠡᠬᠦ᠌᠎ᠶ᠋ᠢᠨ ᠲᠥᠯᠥᠭᠡ᠂ 2021 ᠣᠨ᠎ᠤ 3 ᠰᠠᠷ᠎ᠠ᠎ᠳᠤ᠂ ᠢᠦᠶ ᠬᠣᠩ ᠨᠡᠢᠭᠡᠮ ᠲᠣᠭᠣᠷᠢᠭ᠎ᠤᠨ᠎ᠬᠢᠨ ᠲᠣᠰ ᠪᠦᠯᠦᠭ ᠬᠡᠥᠬᠡᠳ᠎ᠲᠤ ᠴᠢᠭ᠌ᠯᠡᠭᠦᠯᠦᠨ᠂ 《ᠭᠠᠯᠲᠤ ᠬᠣᠷᠣᠬᠠᠶ᠎ᠶ᠋ᠢᠨ ᠲᠥᠯᠥᠪᠯᠡᠭᠡ》 ᠶ᠋ᠢᠨ ᠦᠷᠭᠦᠯᠵᠢᠯᠡᠭ᠌ᠰᠡᠨ ᠴᠢᠨᠠᠷᠲᠠᠢ ᠦᠶ᠋ᠯᠡᠴᠢᠯᠡᠭᠡ ᠪᠤᠯᠬᠤ 《ᠪᠤᠶᠠᠨᠰᠠᠭ᠋ ᠡᠵᠢ》ᠶ᠋ᠢᠨ ᠲᠥᠷᠥᠯ ᠵᠦᠶ᠋ᠯ᠎ᠢ ᠨᠠᠷᠢᠨ ᠨᠢᠮᠪᠠᠶ ᠡᠬᠦᠰᠭᠡᠨ ᠴᠣᠭ᠍ᠴᠠᠯᠠᠪᠠ᠃

ᠲᠤᠰ ᠲᠦᠷᠦᠯ ᠵᠦᠢᠯ᠎ᠳᠦ᠂ 《ᠪᠤᠶᠠᠨᠰᠠᠭ᠋ ᠡᠵᠢ》 ᠨᠠᠷ ᠨᠡᠢᠭᠡᠮ ᠲᠣᠭᠣᠷᠢᠭ᠎ᠤᠨ ᠶᠠᠳᠠᠭᠤ ᠬᠦᠴᠢᠷᠳᠡᠯᠲᠡᠢ ᠬᠡᠦᠬᠡᠳ᠎ᠢ ᠬᠠᠢᠷᠠᠯᠠᠨ ᠬᠠᠯᠠᠮᠵᠢᠯᠠᠵᠤ᠂ ᠭᠡᠷ ᠪᠦᠯᠢ ᠲᠦᠷᠦᠯ ᠰᠠᠳᠤᠨ᠎ᠤ ᠬᠠᠢᠷ᠎ᠠ ᠬᠠᠯᠠᠮᠵᠢ᠎ᠪᠠᠷ ᠳᠤᠲᠠᠮᠠᠭ ᠬᠡᠦᠬᠡᠳ ᠵᠢᠴᠢ ᠵᠠᠯᠠᠭᠤᠴᠤᠳ ᠪᠠᠭᠠᠴᠤᠳ᠎ᠲᠤ ᠳᠣᠲᠣᠨᠣ ᠬᠠᠨᠢ ᠪᠤᠯᠵᠦ᠂ 《ᠰᠡᠳᠭᠢᠯ᠎ᠢ ᠨᠢ ᠳᠤᠯᠠᠭᠠᠴᠠᠭᠤᠯᠬᠤ ᠡᠵᠢ》 ᠪᠣᠯᠪᠠ᠃ ᠲᠡᠳᠡ ᠡᠶᠡᠯᠳᠡᠭ ᠵᠥᠭᠡᠯᠡᠨ ᠦᠭᠡ ᠶᠠᠷᠢᠶ᠎ᠠ᠎ᠪᠠᠷ ᠬᠡᠦᠬᠡᠳ ᠤ᠋ᠳ᠎ᠲᠦ ᠭᠡᠷ ᠪᠦᠯᠢ᠎ᠶ᠋ᠢᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃ 《ᠪᠤᠶᠠᠨᠰᠠᠭ᠋ ᠡᠵᠢ》 ᠸᠠᠩ ᠷᠦᠩ ᠯᠠᠨ ᠪᠣᠯ ᠡᠲᠡᠭᠡᠷ 《ᠡᠵᠢ》 ᠵᠢᠨ ᠳᠤᠳᠤᠷᠠᠬᠢ ᠭᠠᠷᠮᠠᠭᠠᠢ ᠲᠥᠯᠥᠭᠡᠯᠡᠭ᠌ᠴᠢ ᠮᠥᠨ᠂ ᠲᠡᠷᠡ ᠭᠦᠨ ᠰᠡᠳᠭᠢᠯᠭᠡ᠎ᠲᠡᠶ᠎ᠪᠡᠷ᠄ 《ᠬᠡᠦᠬᠡᠳ᠎ᠢᠶᠡᠨ ᠬᠠᠪᠰᠤᠷᠤᠨ᠎ᠠ᠂ ᠡᠬᠦᠨ᠎ᠳᠤ ᠳᠠᠰᠭᠠᠯ᠎ᠢ ᠨᠢ ᠬᠠᠪᠰᠤᠷᠤᠨ ᠵᠢᠯᠣᠭᠣᠳᠭᠤ ᠲᠡᠳᠦᠢ ᠪᠢᠰᠢ᠂ ᠬᠠᠮᠲᠤ᠎ᠪᠠᠷ ᠨᠣᠮ ᠤᠩᠱᠢᠬᠤ ᠲᠡᠳᠦᠢ ᠪᠢᠰᠢ᠂ ᠨᠡᠩ ᠴᠤ᠌ ᠲᠡᠳᠡᠨ᠎ᠦ ᠤᠶᠤᠨ ᠰᠠᠨᠠᠭᠠᠨ᠎ᠤ ᠵᠠᠮᠴᠢᠯᠠᠭ᠍ᠴᠢ᠂ ᠠᠮᠢᠳᠤᠷᠠᠯ᠎ᠤᠨ ᠬᠢᠨᠢ ᠰᠠᠢ᠌ᠨ ᠨᠠᠢᠵᠠ ᠪᠤᠯᠤᠨ᠎ᠠ᠂ ᠪᠢ ᠡᠨᠡ ᠶᠠᠪᠤᠳᠠᠯ᠎ᠢ ᠰᠠᠢᠳᠦᠷ ᠬᠢᠨ᠎ᠡ》 ᠭᠡᠬᠦ ᠦᠨᠡᠨᠴᠢ ᠪᠣᠷᠣᠭ᠍ᠵᠢᠭᠤᠨ ᠦᠭᠡ ᠶᠠᠷᠢᠶ᠎ᠠ ᠨᠢ 《ᠪᠤᠶᠠᠨᠰᠠᠭ ᠡᠵᠢ》 ᠵᠢᠨ ᠬᠠᠷᠢᠭᠤᠴᠠᠯᠭ᠎ᠠ ᠪᠠ ᠡᠭᠦᠷᠭᠡᠯᠡᠯ᠎ᠢ ᠢᠯᠡᠷᠡᠭᠦᠯᠦᠨ᠎ᠡ᠃

ᠣᠯᠠᠨ ᠲᠠᠯ᠎ᠠ ᠬᠣᠯᠪᠣᠭᠠᠯᠠᠨ ᠬᠥᠳᠡᠯᠦᠯᠴᠡᠭᠰᠡᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ

ᠢᠦᠶ ᠬᠣᠩ ᠨᠡᠢᠭᠡᠮ ᠲᠣᠭᠣᠷᠢᠭ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠶ ᠰᠦᠪᠡᠭ᠌ᠴᠢᠯᠡᠵᠦ᠍᠂《ᠨᠡᠢᠭᠡᠮ ᠲᠣᠭᠣᠷᠢᠭ + ᠨᠡᠢᠭᠡᠮ᠎ᠦᠨ ᠵᠣᠬᠢᠶᠠᠨ ᠪᠠᠢᠭᠤᠯᠤᠯᠲᠠ + ᠰᠠᠢᠨ ᠳᠤᠷᠠᠴᠤᠳ + ᠨᠡᠢᠭᠡᠮ᠎ᠦᠨ ᠡᠬᠢ ᠪᠠᠶᠠᠯᠢᠭ》 ᠣᠯᠠᠨ ᠲᠠᠯ᠎ᠠ ᠬᠣᠯᠪᠣᠭᠠᠯᠠᠨ ᠬᠥᠳᠡᠯᠦᠯᠴᠡᠭᠰᠡᠨ ᠵᠠᠯᠠᠭᠤᠴᠤᠳ ᠪᠠᠭᠠᠴᠤᠳ᠂ ᠬᠡᠦᠬᠡᠳ᠎ᠢ ᠬᠠᠪᠰᠤᠷᠬᠤ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠪᠠ᠃ ᠡᠨᠡ ᠬᠦ᠌ ᠱᠢᠰᠲ᠋ᠧᠮ ᠨᠢ ᠬᠦᠴᠦᠷᠬᠡᠭ ᠶᠡᠬᠡ ᠬᠥᠳᠡᠯᠭᠡᠭᠦᠷ ᠮᠡᠲᠦ᠍᠎ᠪᠡᠷ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠬᠡᠦᠬᠡᠳ ᠤ᠋ᠳ᠎ᠲᠦ ᠪᠦᠬᠦ᠌ ᠲᠠᠯ᠎ᠠ᠎ᠶ᠋ᠢᠨ ᠳᠡᠮᠵᠢᠯᠭᠡ ᠬᠠᠪᠰᠤᠷᠤᠯᠭ᠎ᠠ ᠬᠠᠩᠭᠠᠪᠠ᠃


QQ20251013-095130.png


ᠨᠡᠢᠭᠡᠮ ᠲᠣᠭᠣᠷᠢᠭ᠎ᠢᠶᠠᠷ ᠭᠤᠤᠯ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠶ᠋ᠯᠡᠳᠦᠯ᠎ᠢ ᠬᠦᠢᠴᠡᠳ ᠪᠠᠳᠠᠷᠠᠭᠤᠯᠪᠠ᠃ ᠲᠦᠷᠦᠯ ᠵᠦᠢᠯ ᠨᠢ ᠡᠯ᠎ᠡ ᠲᠠᠯ᠎ᠠ᠎ᠵᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠲᠠᠶ ᠢᠳᠡᠪᠬᠢᠲᠡᠢ ᠬᠠᠮᠵᠢᠯᠴᠠᠵᠤ᠂ ᠲᠤᠰᠭᠠᠢ ᠮᠡᠷᠭᠡᠵᠢᠯ᠎ᠦᠨ ᠰᠤᠷᠭᠠᠨ ᠬᠥᠮᠦᠵᠢᠯ᠎ᠦᠨ ᠡᠬᠢ ᠪᠠᠶᠠᠯᠢᠭ ᠪᠠ ᠠᠵᠢᠯᠯᠠᠭ᠎ᠠ᠎ᠵᠢᠨ ᠲᠦᠷᠦᠯ ᠵᠦᠢᠯ᠎ᠢ ᠣᠷᠣᠭᠤᠯᠤᠨ ᠠᠪᠴᠢᠷᠠᠵᠤ᠂ ᠬᠡᠦᠬᠡᠳ᠎ᠦᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠪᠠ᠃ ᠡᠬᠦᠨ᠎ᠳᠤ ᠰᠠᠢᠨ ᠲᠤᠷᠠᠴᠤᠳ ᠪᠣᠯ ᠦᠶ᠋ᠯᠡᠴᠢᠯᠡᠭᠡᠨ᠎ᠦ ᠱᠢᠭᠤᠳ ᠬᠠᠩᠭᠠᠭ᠍ᠴᠢ ᠪᠠᠢᠵᠦ᠂ ᠬᠠᠯᠠᠭᠤᠨ ᠰᠡᠳᠬᠢᠯᠭᠡ ᠪᠠ ᠬᠦᠯᠢᠴᠡᠩᠭᠦᠶ ᠤᠪᠤᠷ ᠵᠢᠡᠷ ᠬᠡᠦᠬᠡᠳ᠎ᠦᠨ ᠦᠰᠦᠨ ᠪᠣᠢᠵᠢᠯᠲᠠ᠎ᠳᠤ ᠬᠠᠨᠢ ᠪᠤᠯᠵᠦ᠂ ᠨᠡᠢᠭᠡᠮ᠎ᠦᠨ ᠡᠬᠢ ᠪᠠᠶᠠᠯᠢᠭ ᠨᠢ ᠲᠥᠷᠥᠯ ᠵᠦᠢᠯ᠎ᠳᠦ ᠪᠣᠳᠠᠰ᠎ᠤᠨ ᠪᠠ ᠪᠡᠯᠡ ᠮᠥᠩᠭᠥ᠎ᠶ᠋ᠢᠨ ᠳᠡᠮᠵᠢᠯᠭᠡ ᠬᠠᠩᠭᠠᠵᠤ᠂ ᠠᠵᠢᠯᠯᠠᠭ᠎ᠠ᠎ᠶ᠋ᠢᠨ ᠤᠷᠤᠭ᠍ᠰᠢᠲᠠᠶ ᠶᠠᠪᠤᠬᠳᠠᠬᠤ ᠶ᠋ᠢ ᠪᠠᠲᠤᠯᠠᠬᠤ ᠪᠤᠯᠤᠨ᠎ᠠ᠃

ᠢᠦᠶ ᠬᠣᠩ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠯᠢ ᠬᠣᠩ ᠯᠢ᠄ 《ᠬᠤᠯᠪᠤᠭᠠᠯᠠᠨ ᠬᠦᠳᠡᠯᠦᠯᠴᠡᠬᠦ ᠦᠢᠯᠡᠴᠢᠯᠡᠬᠡ ᠨᠢ ᠬᠡᠦᠬᠡᠳ᠎ᠲᠦ ᠡᠯᠪᠡᠭ ᠪᠠᠶᠠᠯᠢᠭ᠂ ᠪᠠᠶᠠᠷ ᠬᠥᠷ᠎ᠲᠡᠶ ᠣᠷᠣᠨ ᠵᠠᠶ᠎ᠶ᠋ᠢ ᠡᠬᠦᠳᠴᠦ᠂ ᠲᠡᠳᠡᠨ᠎ᠦ ᠦᠰᠦᠨ ᠪᠣᠢᠵᠢᠯᠲᠠ᠎ᠶ᠋ᠢ ᠬᠠᠮᠳᠦ ᠪᠡᠷ ᠰᠠᠬᠢᠨ ᠬᠠᠮᠠᠭᠠᠯᠠᠨ᠎ᠠ᠃ ᠡᠭᠦᠨ᠎ᠦ ᠬᠠᠮᠲᠤ ᠪᠤᠰᠤᠳ᠎ᠢ ᠲᠤᠰᠠᠯᠠᠬᠤ ᠪᠠ ᠥᠪᠡᠷ᠎ᠢ ᠪᠠᠨ ᠬᠦᠴᠦᠷᠭᠡᠭᠵᠢᠬᠦᠯᠬᠦ ᠤᠢᠯᠠᠭᠠᠬᠳᠠᠬᠤᠨ᠎ᠢ ᠪᠠᠷᠢᠮᠲᠠᠯᠠᠨ᠂ ᠠᠱᠢᠭ ᠭᠥᠷᠳᠡᠬᠦ᠌ ᠬᠡᠷ ᠪᠦᠯᠢ᠎ᠶ᠋ᠢ ᠠᠭᠤᠳᠠᠯᠤᠨ ᠢᠯᠡᠷᠡᠬᠦᠯᠬᠦ᠎ᠵᠢᠨ ᠬᠠᠮᠳᠦ ᠳᠡᠳᠡᠨᠡᠷ᠎ᠲᠤ ᠴᠢᠳᠠᠪᠤᠷᠢ ᠤᠯᠭᠤᠵᠦ᠂ ᠡᠷᠬᠢᠨ ᠲᠣᠭᠣᠷᠢᠨ᠎ᠤ ᠰᠠᠭᠤᠭᠠᠯᠢ ᠠᠷᠠᠳ᠎ᠢ ᠳᠠᠢᠴᠢᠯᠠᠨ ᠬᠡᠦᠬᠡᠳ᠎ᠢ ᠬᠥᠲᠥᠯᠥᠨ ᠵᠢᠯᠣᠭᠣᠳᠴᠤ᠌᠂ ᠨᠡᠢᠭᠡᠮ᠎ᠦᠨ ᠦᠶ᠋ᠯᠡᠴᠢᠯᠡᠭᠡ᠎ᠳᠦ ᠣᠷᠣᠯᠴᠠᠭᠤᠯᠤᠨ ᠠᠴᠢ ᠡᠨᠡᠷᠢᠯ᠎ᠢ ᠬᠠᠷᠢᠭᠤᠯᠬᠤ᠎ᠶ᠋ᠢ ᠵᠢᠭᠠᠨ ᠰᠤᠷᠭᠠᠵᠤ᠂ ᠬᠡᠦᠬᠡᠳ᠎ᠦᠨ ᠢᠷᠡᠭᠡᠳᠦᠶ᠎ᠶ᠋ᠢᠨ ᠬᠥᠭ᠌ᠵᠢᠯᠲᠡ᠎ᠳᠦ ᠪᠠᠲᠤ ᠪᠠᠬᠢ ᠰᠠᠭᠤᠷᠢ ᠲᠠᠯᠪᠢᠬᠤ ᠪᠤᠯᠤᠨ᠎ᠠ》 ᠭᠡᠪᠡ᠃

ᠲᠣᠰ ᠲᠥᠷᠥᠯ ᠵᠦᠶ᠋ᠯ᠎ᠨᠢ 150 ᠭᠠᠷᠤᠶ ᠬᠡᠦᠬᠡᠳ᠎ᠲᠦ ᠠᠱᠢᠭ ᠬᠦᠷᠲᠡᠭᠡᠵᠦ᠍᠂ ᠣᠯᠠᠨ ᠵᠦᠶ᠋ᠯ᠎ᠦᠨ ᠱᠠᠩᠨᠠᠯ ᠭᠥᠷᠳᠡᠵᠦ᠍᠂ 《ᠵᠠᠰᠠᠭ᠎ᠤᠨ ᠣᠷᠳᠣᠨ᠎ᠢᠶᠠᠷ ᠭᠤᠤᠯᠯᠠᠭᠤᠯᠤᠬᠰᠠᠨ᠂ ᠨᠡᠢᠭᠡᠮ ᠨᠡᠢᠲᠡ᠎ᠪᠡᠷ ᠵᠢᠡᠨ ᠣᠷᠣᠯᠴᠠᠬᠰᠠᠨ》 ᠬᠠᠢᠷ᠎ᠠ ᠬᠠᠯᠠᠮᠵᠢᠲᠦ ᠠᠭᠤᠷ ᠠᠮᠢᠰᠭᠤᠯ᠎ᠢ ᠪᠣᠶ ᠪᠣᠯᠭᠠᠪᠠ᠃ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ᠎ᠡᠴᠡ ᠣᠲᠣ ᠪᠣᠯᠲᠠᠯ᠎ᠠ᠂ ᠨᠢᠭᠡᠨᠲᠡ 300 ᠭᠠᠷᠤᠶ ᠲᠠᠯᠠᠪᠠᠶ ᠠᠵᠢᠯᠯᠠᠭ᠎ᠠ ᠥᠷᠨᠢᠭᠦᠯᠵᠦ᠍᠂ 150 ᠭᠠᠷᠤᠶ ᠬᠡᠦᠬᠡᠳ᠎ᠢ ᠬᠠᠪᠰᠤᠷᠤᠨ ᠲᠡᠳᠬᠦᠵᠦ᠍᠂ 200 ᠭᠠᠷᠤᠶ ᠬᠡᠷ ᠪᠦᠯᠢ᠎ᠳᠦ ᠠᠱᠢᠭ ᠬᠦᠷᠲᠡᠭᠡᠪᠡ᠃ 9 ᠰᠠᠷ᠎ᠠ᠎ᠳᠤ᠂ ᠲᠥᠷᠥᠯ ᠵᠦᠶ᠋ᠯ ᠨᠢ ᠳᠠᠭᠠᠭᠠᠴᠢᠯᠠᠨ ᠬᠠᠷᠢᠯᠴᠠᠬᠤ ᠨᠢᠭᠡᠴᠢ ᠲᠠᠢ ᠪᠠᠨ ᠬᠠᠮᠳᠤᠷᠠᠨ᠂ 《ᠪᠤᠶᠠᠨᠰᠠᠭ ᠡᠵᠢ》ᠪᠣᠯᠤᠨ ᠬᠡᠦᠬᠡᠳ᠎ᠢ ᠵᠣᠬᠢᠶᠠᠨ ᠪᠠᠢᠭᠤᠯᠵᠤ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠂ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ᠎ᠤᠨ ᠭᠤᠤᠯ ᠰᠡᠳᠦᠪᠲᠦ ᠰᠠᠢᠨ ᠳᠤᠷ᠎ᠠ᠎ᠶ᠋ᠢᠨ ᠠᠵᠢᠯᠯᠠᠭ᠎ᠠ᠎ᠥᠷᠨᠢᠭᠦᠯᠵᠦ᠍᠂ ᠬᠡᠦᠬᠡᠳ᠎ᠦᠨ ᠨᠡᠢᠭᠡᠮ᠎ᠦᠨ ᠬᠠᠷᠢᠭᠤᠴᠠᠯᠭᠠᠲᠤ ᠰᠡᠳᠭᠢᠯᠭᠡ ᠪᠠ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠥᠮᠦᠵᠢᠭᠦᠯᠪᠡ᠃

《ᠪᠤᠶᠠᠨᠰᠠᠭ ᠡᠵᠢ》ᠡᠮᠡᠭᠲᠡᠢᠴᠤᠳ᠎ᠤᠨ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ ᠨᠢ ᠬᠡᠥᠬᠡᠳ᠎ᠤᠨ ᠰᠡᠳᠭᠢᠯ᠎ᠢ ᠳᠤᠯᠠᠭᠠᠴᠠᠭᠤᠯᠵᠦ᠂ ᠬᠡᠥᠬᠡᠳ᠎ᠤᠨ ᠦᠰᠦᠨ ᠪᠤᠢᠵᠢᠯᠲᠠ᠎ᠶᠢ ᠰᠠᠬᠢᠨ ᠬᠠᠮᠠᠭᠠᠯᠠᠪᠠ᠃ ᠢᠷᠡᠭᠡᠳᠦᠶ᠎ᠳᠦ᠂ ᠡᠨᠡ ᠬᠦ᠌ ᠲᠥᠷᠥᠯ ᠵᠦᠶ᠋ᠯ᠎ᠨᠢ ᠲᠠᠰᠤᠷᠠᠯᠲᠠ ᠥᠬᠡᠶ ᠱᠢᠯᠢᠳᠡᠭ᠌ᠵᠢᠨ ᠲᠡᠭᠦᠯᠳᠡᠷᠵᠢᠵᠦ᠍᠂ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠨᠠᠩ ᠣᠯᠠᠨ ᠬᠡᠦᠬᠡᠳ᠎ᠲᠦ ᠬᠠᠢᠷ᠎ᠠ ᠬᠠᠯᠠᠮᠵᠢ ᠬᠦᠷᠲᠡᠭᠡᠨ ᠬᠦᠰᠡᠯ ᠡᠷᠡᠮᠡᠯᠵᠡᠯ ᠠᠪᠴᠢᠷᠠᠵᠤ᠂ ᠨᠡᠢᠭᠡᠮ ᠲᠣᠭᠣᠷᠢᠭ᠎ᠤᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠬᠢᠯᠠᠯᠵᠠᠮ᠎ᠠ ᠨᠡᠷ᠎ᠡ᠎ᠶ᠋ᠢᠨ ᠬᠠᠭᠤᠳᠠᠰᠤ ᠪᠣᠯᠵᠣ᠂ ᠨᠠᠩ ᠣᠯᠠᠨ ᠬᠥᠮᠦᠰ᠎ᠤᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠡᠩᠨᠡᠭᠡᠨ᠎ᠳᠦ ᠣᠷᠣᠯᠴᠠᠬᠤ᠎ᠶ᠋ᠢ ᠲᠠᠲᠠᠵᠤ᠂ ᠬᠡᠦᠬᠡᠳ᠎ᠲᠦ ᠰᠠᠢᠨ ᠰᠠᠢᠬᠠᠨ ᠢᠷᠡᠭᠡᠳᠦᠶ᠎ᠶ᠋ᠢ ᠡᠭᠦᠳᠬᠦ᠎ᠪᠤᠯᠤᠨ᠎ᠠ᠃

(ᠭᠡᠷᠡᠯ ᠵᠢᠷᠤᠭ ᠤ᠋ᠳ ᠪᠤᠯ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ᠎ᠤᠨ ᠬᠡᠰᠡᠭ ᠦᠵᠡᠭᠳᠡᠯ ᠪᠠᠢᠵᠦ᠂ ᠦᠬᠠᠢ ᠬᠤᠲᠠ᠎ᠶᠢᠨ ᠨᠠᠮ᠎ᠤᠨ ᠬᠤᠷᠢᠶᠠᠨ᠎ᠤ ᠨᠡᠢᠬᠡᠮ᠎ᠤᠨ ᠠᠵᠢᠯ᠎ᠤᠨ ᠬᠡᠯᠲᠡᠰ᠂ ᠲᠡᠬᠦᠯᠢᠯᠲᠡ ᠬᠠᠮ ᠵᠠᠭᠤᠴᠢᠯᠠᠭᠤᠷ᠂ ᠦᠬᠠᠢ ᠬᠤᠲᠠ᠎ᠶᠢᠨ ᠬᠠᠮ ᠵᠠᠭᠤᠴᠢᠯᠠᠭᠤᠷ᠎ᠤᠨ ᠲᠦᠪ ᠡᠴᠡ ᠠᠪᠤᠪᠠ᠃)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号