ᠨᠠᠮᠤᠷ᠎ᠤᠨ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠢ᠃ ᠪᠤᠭᠤᠲᠤ ᠬᠤᠳᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠰᠤᠪᠤᠷᠭ᠎ᠠ ᠱᠢᠶᠠᠩ᠎ᠤᠨ ᠨᠠᠮ᠎ᠤᠨ ᠰᠤᠷᠭᠠᠭᠤᠯᠢ᠎ᠳᠤ ᠬᠦᠷᠬᠦ᠎ᠳᠤ᠂ ᠡᠭᠦᠳᠡᠨ ᠳᠡᠭᠡᠷ᠎ᠡ ᠨᠢ ᠡᠯᠭᠦᠭ᠌ᠡᠰᠦᠲᠡᠢ ᠠᠯᠳᠠᠨ ᠳᠡᠪᠢᠰᠭᠡᠷᠲᠦ ᠤᠯᠠᠭᠠᠨ ᠦᠰᠦᠭ᠌ ᠲᠠᠢ ᠫᠠᠢᠰᠠ ᠨᠡᠷᠡᠨ᠎ᠦ ᠭᠡᠷᠡᠯᠳᠦ ᠢᠯᠡᠭᠡᠨ ᠬᠡᠷᠡᠯᠳᠤᠨ᠂ ᠬᠢᠴᠢᠶᠡᠯ᠎ᠦᠨ ᠭᠡᠷ᠎ᠲᠦᠨᠢ ᠵᠣᠬᠢᠶᠠᠨ ᠪᠠᠢᠭᠤᠯᠤᠯᠲᠠ᠎ᠶ᠋ᠢᠨ ᠴᠤᠬᠴᠠᠯᠠᠯᠲᠠ᠂ ᠬᠠᠮᠢᠶᠠᠷᠤᠯᠲᠠ᠎ᠶ᠋ᠢᠨ ᠲᠦᠷᠢᠮ᠂ ᠪᠠᠭ᠍ᠰᠢ᠎ᠶ᠋ᠢᠨ ᠡᠩᠨᠡᠭᠡ᠂ ᠪᠣᠯᠪᠠᠰᠤᠷᠠᠯ᠎ᠤᠨ ᠲᠥᠯᠥᠪᠯᠡᠭᠡ ᠵᠡᠷᠭᠡ ᠦᠵᠡᠭᠦᠯᠭᠡ᠎ᠶ᠋ᠢᠨ ᠰᠠᠮᠪᠠᠷᠠᠡᠮᠬᠢ ᠵᠢᠷᠤᠮ ᠲᠠᠢ ᠵᠢᠬᠰᠠᠭᠠᠬᠳᠠᠵᠦ᠂ ᠬᠠᠨ᠎ᠠ ᠳᠡᠭᠡᠷ᠎ᠡ ᠨᠢ ᠰᠤᠷᠤᠯᠭᠠᠳᠡᠳᠤᠨ ᠪᠣᠯᠪᠠᠰᠤᠷᠠᠯ᠎ᠤᠨ ᠬᠤᠭᠤᠴᠠᠭᠠᠨ ᠳ᠋ᠡᠬᠢ ᠬᠡᠷᠡᠯ ᠵᠢᠷᠤᠭᠨᠠᠭᠠᠯᠲᠠᠲᠠᠢ ᠪᠠᠢᠯ᠎ᠠ᠃ ᠡᠢᠮᠦᠷᠬᠦᠦ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ ᠲᠦᠮᠡᠳ ᠪᠠᠷᠠᠭᠤᠨ ᠬᠣᠱᠢᠭᠤᠨ᠎ᠳᠤ ᠨᠡᠢ᠌ᠳᠡ 8 ᠪᠠᠢᠳᠠᠭ᠃
《ᠨᠠᠮ᠎ᠤᠨ ᠭᠡᠱᠢᠭᠦᠨ ᠨᠠᠮ᠎ᠤᠨ ᠰᠤᠷᠭᠠᠭᠤᠯᠢ᠎ᠳᠤ ᠣᠷᠣᠬᠤ 》 ᠪᠦᠷᠬᠦᠴᠡ᠎ᠶ᠋ᠢᠨ ᠨᠣᠷᠮ᠎ᠠ ᠱᠢᠯᠤᠭᠤᠨ ᠱᠤᠭᠤᠮ᠎ᠢᠶᠠᠷ ᠳᠡᠭᠡᠭ᠌ᠰᠢᠯᠡᠨ᠂ ᠬᠥᠳᠡᠭᠡ ᠲᠣᠰᠭᠣᠨ᠎ᠤ ᠨᠠᠮ᠎ᠤᠨ ᠭᠡᠱᠢᠭᠦᠨᠳ᠋ᠤ ᠡᠭᠡᠯᠵᠢᠯᠡᠨ ᠪᠣᠯᠪᠠᠰᠤᠷᠠᠯ ᠬᠦᠷᠲᠡᠭᠡᠬᠦ᠌ ᠲᠤᠭ᠎ᠠ ᠤᠳᠠᠭ᠎ᠠ ᠳᠠᠷᠠᠭᠠᠯᠠᠨ ᠨᠡᠮᠡᠭᠳᠡᠵᠦ᠂ ᠨᠠᠮ᠎ᠤᠨ ᠬᠡᠰᠢᠬᠦᠳ᠎ᠤᠨ ᠣᠶᠤᠨ ᠰᠠᠨᠠᠭᠠᠨ᠎ᠤ ᠳᠦᠷᠰᠦ ᠪᠠᠢᠳᠠᠯ ᠨᠢ ᠬᠤᠪᠢᠷᠠᠵᠤ᠂ ᠬᠡᠷᠡᠭ᠌ᠵᠢᠭᠦᠯᠬᠦ᠌ ᠴᠢᠳᠠᠪᠤᠷᠢ ᠴᠦ᠍ ᠴᠢᠩᠭᠠᠷᠠᠪᠠ ᠁ ᠲᠦᠮᠡᠳ ᠪᠠᠷᠠᠭᠤᠨ ᠬᠣᠱᠢᠭᠤ 《ᠰᠥᠭ ᠰᠦᠨᠡᠰᠦ᠎ᠶ᠋ᠢ ᠱᠤᠭᠤᠵᠤ ᠬᠦᠴᠦᠨ ᠴᠢᠳᠡᠯ ᠤᠯᠭᠤᠬᠤ》 ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢ ᠦᠨᠳᠦᠰᠦᠨ ᠱᠠᠲᠤᠨ᠎ᠤ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠬᠤ ᠬᠤᠪᠢᠰᠬᠠᠯᠲᠦ ᠰᠠᠭᠤᠷᠢᠨ ᠪᠣᠯᠭᠠᠵᠤ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ ᠨᠢ ᠶᠠᠰᠤ ᠴᠢᠨᠠᠷ ᠦᠷ᠎ᠡ ᠠᠱᠢᠭ᠎ᠤᠨ ᠬᠤᠤᠰ ᠳᠡᠭᠡᠭ᠌ᠰᠢᠯᠡᠯᠲᠡ ᠵᠢ ᠡᠠᠬᠢᠭᠤᠯᠪᠡ᠃
ᠲᠦᠮᠡᠳ ᠪᠠᠷᠠᠭᠤᠨ ᠬᠣᠱᠢᠭᠤ ᠪᠣᠯ ᠨᠡᠢᠲᠡᠯᠢᠭ ᠲᠠᠷᠢᠶᠠᠯᠠᠩ᠎ᠤᠨ ᠲᠣᠮᠣ ᠬᠣᠱᠢᠭᠤ ᠪᠣᠯᠤᠨ᠎ᠠ᠃ ᠡᠬᠦᠨ᠎ᠳᠤ ᠬᠥᠳᠡᠭᠡ ᠲᠣᠰᠭᠣᠨ᠎ᠤ ᠨᠠᠮ᠎ᠤᠨ ᠭᠡᠱᠢᠭᠦᠨ᠎ᠦ ᠰᠠᠭᠤᠷᠢ ᠲᠣᠭ᠎ᠠ ᠶᠡᠬᠡ ᠪᠠᠢᠵᠤ᠂ ᠨᠠᠮ᠎ᠤᠨ ᠭᠡᠱᠢᠭᠦᠨ᠎ᠦ ᠶᠡᠷᠦᠩᠬᠡᠶ ᠲᠣᠭ᠎ᠠ᠎ᠵᠢᠨ 60 % ᠶ᠋ᠢ ᠡᠵᠡᠯᠡᠵᠦ ᠪᠤᠢ᠃ ᠲᠤᠰ ᠬᠣᠱᠢᠭᠤ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢ ᠰᠠᠢᠲᠤᠷ ᠪᠠᠢᠭᠤᠯᠵᠤ ᠠᠮᠢᠳᠤᠯᠢᠭ ᠬᠡᠷᠡᠭ᠌ᠯᠡᠬᠦ᠌᠎ᠪᠡᠷ ᠭᠠᠷᠳᠠᠴᠠ ᠪᠣᠯᠭᠠᠵᠤ᠂ ᠦᠨᠳᠦᠰᠦ ᠰᠠᠭᠤᠷᠢ᠎ᠶ᠋ᠢ ᠪᠡᠬᠢᠵᠢᠭᠦᠯᠬᠦ᠂ ᠰᠡᠳᠭᠢᠯ ᠰᠠᠨᠠᠭ᠎ᠠ᠎ᠵᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ ᠰᠤᠷᠭᠠᠨ ᠬᠥᠮᠦᠵᠢᠯ᠎ᠦᠨ ᠱᠢᠰᠲ᠋ᠧᠮ᠎ᠢ ᠲᠠᠰᠤᠷᠠᠯᠲᠠ ᠦᠭᠡᠢ ᠪᠦᠷᠢᠨᠱᠢᠭᠦᠯᠦᠨ᠂ 9000 ᠭᠠᠷᠤᠢ ᠬᠥᠳᠡᠭᠡ ᠲᠣᠰᠭᠣᠨ᠎ᠤ ᠨᠠᠮ᠎ᠤᠨ ᠭᠡᠱᠢᠭᠦᠨ᠎ᠦ 《 ᠭᠡᠷ᠎ᠦᠨ ᠡᠭᠦᠳᠡᠨ 》 ᠳᠡᠭᠡᠷ᠎ᠡ ᠪᠠᠨ ᠴᠢᠳᠠᠪᠤᠷᠢ ᠪᠠᠨ ᠳᠡᠭᠡᠭ᠌ᠰᠢᠯᠡᠭᠦᠯᠬᠦ᠎ᠶᠢ ᠪᠡᠶᠡᠯᠡᠬᠦᠯᠵᠦ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
《ᠪᠢᠳᠠ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢ ᠬᠥᠳᠡᠭᠡ ᠲᠣᠰᠭᠣᠨ᠎ᠤ ᠨᠠᠮ᠎ᠤᠨ ᠭᠡᠱᠢᠭᠦᠨ᠎ᠦ ᠬᠥᠮᠦᠵᠢᠯ ᠪᠤᠯᠪᠠᠰᠤᠷᠠᠯ᠎ᠦᠨ 〈ᠬᠤᠰᠢᠭᠤᠷᠠᠯ ᠵᠢᠭ᠍ᠰᠠᠭᠠᠯ᠎ᠤᠨ ᠭᠠᠵᠠᠷ〉 ᠪᠣᠯᠭᠠᠵᠤ᠂ ᠲᠥᠪᠯᠡᠷᠡᠭᠦᠯᠦᠨ ᠫᠠᠢᠰᠠ ᠣᠯᠭᠣᠬᠤ ᠶᠣᠰᠣᠯᠠᠯ ᠡᠷᠬᠢᠯᠡᠬᠦ᠌᠂ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯᠦᠷᠨᠢᠬᠦᠯᠬᠦ᠂〈ᠲᠦᠮᠡᠳ ᠪᠠᠷᠠᠭᠤᠨ ᠬᠣᠱᠢᠭᠤᠨ᠎ᠤ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢᠨ ᠠᠵᠢᠯᠯᠠᠭᠠᠨ᠎ᠤ ᠵᠦᠭ᠌ᠯᠡᠭᠦᠷ〉 ᠢ᠋ ᠨᠠᠢᠷᠠᠭᠤᠯᠤᠨ ᠵᠣᠬᠢᠶᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢᠨ ᠪᠠᠷᠢᠮᠵᠢᠶᠠᠵᠢᠯᠲᠠ ᠵᠢᠷᠤᠮᠵᠢᠯᠲᠠ᠎ᠶ᠋ᠢᠨ ᠪᠠᠢᠭᠤᠯᠤᠯᠲᠠ᠎ᠶ᠋ᠢ ᠠᠬᠢᠭᠤᠯᠪᠠ 》 ᠭᠡᠵᠦ᠍ ᠲᠦᠮᠡᠳ ᠪᠠᠷᠠᠭᠤᠨ ᠬᠣᠱᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠮᠠ ᠱᠢᠶᠠᠩ ᠵᠧ ᠲᠠᠨᠢᠯᠴᠠᠭᠤᠯᠪᠠ᠃
ᠲᠣᠰ ᠬᠣᠱᠢᠭᠤ ᠣᠢᠷ᠎ᠠ ᠬᠠᠪᠢ᠎ᠳᠤᠨᠢ ᠳᠥᠭᠥᠮ ᠦᠵᠡᠭᠦᠯᠬᠦ᠌᠂ ᠪᠣᠳᠠᠲᠠᠶ᠎ᠶ᠋ᠢ ᠡᠷᠬᠢᠮᠯᠡᠭᠰᠡᠨ ᠬᠡᠷᠡᠭᠵᠢᠬᠦᠯᠦᠭᠦᠰᠢᠲᠡᠢ ᠪᠠᠢᠬᠤ ᠵᠠᠷᠴᠢᠮ᠎ᠢ ᠪᠠᠷᠢᠮᠲᠠᠯᠠᠵᠤ᠂ 8 ᠱᠢᠶᠠᠩ ᠪᠠᠯᠭᠠᠰᠤ᠎ᠶ᠋ᠢ ᠵᠣᠬᠢᠶᠠᠨ ᠪᠠᠢᠭᠤᠯᠵᠤ᠂ 50 ᠡᠴᠡ ᠳᠡᠭᠡᠭ᠌ᠰᠢ ᠬᠥᠮᠦᠨ᠎ᠳᠦ ᠵᠡᠷᠭᠡ ᠪᠡᠷ ᠪᠣᠯᠪᠠᠰᠤᠷᠠᠯ ᠬᠦᠷᠲᠡᠭᠡᠬᠦ᠌᠎ᠶᠢ ᠪᠡᠶᠡᠯᠡᠬᠦᠯᠵᠦ ᠲᠡᠢᠯᠬᠦ ᠱᠢᠶᠠᠩ ᠲᠣᠰᠭᠣᠨ ᠬᠣᠶᠠᠷ ᠱᠠᠲᠤᠨ᠎ᠤ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠬᠤᠷᠠᠯ᠎ᠤᠨ ᠬᠡᠷ ᠵᠡᠷᠭᠡ ᠲᠠᠯᠠᠪᠤᠷ᠎ᠠᠴᠠ ᠨᠠᠮ᠎ᠤᠨ ᠰᠤᠷᠭᠠᠭᠤᠯᠢ᠎ᠶ᠋ᠢᠨ ᠭᠠᠵᠠᠷ᠎ᠢ ᠰᠣᠩᠭᠣᠪᠠ; ᠲᠤᠰᠬᠠᠬᠤ ᠬᠡᠮᠵᠢᠬᠦᠷᠯᠢᠭ᠂ ᠡᠯᠧᠺᠲᠷᠣᠨ ᠳᠡᠯᠭᠡᠴᠡ ᠵᠡᠷᠭᠡ ᠡᠯᠧᠺᠲᠷᠣᠨ ᠰᠤᠷᠭᠠᠨ ᠬᠥᠮᠦᠵᠢᠯ᠎ᠦᠨ ᠲᠥᠬᠥᠭᠡᠷᠦᠮᠵᠢ᠎ᠶᠢ ᠲᠣᠬᠢᠷᠠᠭᠤᠯᠪᠠ; ᠥᠪᠡᠷᠲᠡᠭᠡᠨ ᠵᠠᠰᠠᠬᠤ ᠣᠷᠣᠨ᠎ᠤ ᠪᠠᠲᠤ ᠴᠢᠩᠭ᠎ᠠ ᠪᠡᠬᠢᠯᠡᠯᠲᠡᠪᠦᠬᠦᠢ 《 ᠵᠢᠱ᠌ᠢᠶᠡᠴᠢ 》 ᠨᠠᠮ᠎ᠤᠨ ᠡᠭᠦᠷ᠂ ᠪᠤᠭᠤᠲᠤ ᠬᠣᠲᠠ᠎ᠶ᠋ᠢᠨ ᠪᠠᠲᠤ ᠴᠢᠩᠭ᠎ᠠ ᠪᠡᠬᠢᠯᠡᠯᠲᠡ ᠪᠦᠬᠦᠢ ᠨᠠᠮ᠎ᠤᠨ ᠡᠭᠦᠷ᠂ ᠨᠠᠮ᠎ᠤᠨ ᠡᠭᠦᠷ ᠳᠠᠭᠠᠭᠤᠯᠤᠨ ᠬᠣᠷᠱᠢᠶᠠᠡᠷᠭᠢᠯᠡᠬᠦ᠌ ᠵᠡᠷᠭᠡ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠪᠡᠷ ᠲᠣᠪᠣᠢᠮ᠎ᠠ ᠵᠢᠱ᠌ᠢᠶ᠎ᠡ ᠦᠵᠡᠭᠦᠯᠬᠦ᠌ ᠴᠡᠭ ᠵᠡᠷᠭᠡ᠎ᠳᠤ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠴᠡᠭ ᠢ᠋ 10 ᠪᠠᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠤᠷᠱᠢᠯᠭ᠎ᠠ᠎ᠪᠠᠨ ᠰᠣᠯᠢᠯᠴᠠᠬᠤ ᠪᠠ ᠦᠷ᠎ᠠ ᠪᠦᠲᠦᠮᠵᠢ ᠪᠠᠨ ᠤᠯᠠᠮᠵᠢᠯᠠᠬᠤ᠎ᠶ᠋ᠢ ᠠᠬᠢᠭᠤᠯᠪᠡ᠃
《ᠱᠢᠶᠠᠩ ᠪᠠᠯᠭᠠᠰᠤᠨ᠎ᠤ ᠨᠠᠮ᠎ᠤᠨ ᠰᠤᠷᠭᠠᠭᠤᠯᠢ᠎ᠶ᠋ᠢ ᠪᠠᠢᠭᠤᠯᠬᠤ ᠨᠢ ᠨᠠᠮ᠎ᠤᠨ ᠭᠡᠱᠢᠭᠦᠨ᠎ᠦ ᠬᠥᠮᠦᠵᠢᠯ᠎ᠦᠨ 〈 ᠬᠠᠩᠭᠠᠯᠭ᠎ᠠ 〉 ᠵᠢ ᠱᠢᠯᠢᠳᠡᠭ᠌ᠵᠢᠭᠦᠯᠵᠦ᠍᠂ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠢᠳᠡ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠴᠢᠨᠠᠷ᠂ ᠬᠡᠷᠡᠭ᠌ᠯᠡᠭᠡᠨ᠎ᠦ ᠴᠢᠨᠠᠷ ᠪᠠ ᠱᠢᠨ᠎ᠡ᠎ᠶ᠋ᠢ ᠡᠭᠦᠳᠬᠦ᠌ ᠴᠢᠨᠠᠷ᠎ᠢ ᠳᠣᠪᠣᠢᠯᠭᠠᠨ᠂ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ᠎ᠶ᠋ᠢᠨ ᠳᠤᠮᠳᠠ ᠴᠢᠳᠠᠮᠵᠢ ᠨᠢ ᠲᠡᠭᠦᠯᠳᠡᠷ᠂ ᠬᠠᠮᠢᠶᠠᠷᠤᠯᠲᠠ ᠨᠢ ᠵᠢᠷᠤᠮᠵᠢᠭᠤᠨ᠂ ᠪᠦᠷᠬᠦᠴᠡ ᠨᠢ ᠪᠥᠬᠥ᠌ ᠲᠠᠯ᠎ᠠ᠎ᠶ᠋ᠢ ᠬᠠᠮᠤᠷᠤᠭ᠍ᠰᠠᠨ᠂ ᠦᠢᠯᠡᠳᠦᠯ ᠨᠢ ᠲᠣᠪᠣᠢᠮ᠎ᠠ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠪᠠᠢᠷᠢᠱᠢᠯ᠎ᠢ ᠪᠣᠶ ᠪᠣᠯᠭᠠᠵᠤ᠂ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠱᠢᠨ᠎ᠡ ᠬᠡᠪ ᠵᠠᠭ᠍ᠪᠤᠷ᠎ᠢ ᠪᠣᠶ ᠪᠣᠯᠭᠠᠬᠤ᠎ᠪᠠᠷ ᠴᠢᠷᠮᠠᠢᠨ᠎ᠠ》 ᠭᠡᠵᠦ᠍ ᠲᠦᠮᠡᠳ ᠪᠠᠷᠠᠭᠤᠨ ᠬᠣᠱᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠵᠤᠤ ᠬᠣᠩ ᠬᠡᠯᠡᠪᠡ᠃