ᠠᠮᠠᠷᠠᠯᠳᠠ ᠵᠢᠨ ᠬᠤᠭᠤᠴᠠᠭᠠᠨ ᠳ᠋ᠤ ᠮᠠᠨ ᠤ᠋ ᠤᠷᠤᠨ ᠤ᠋ ᠣᠷᠣᠨ ᠪᠦᠰᠡ ᠠᠯᠤᠰᠯᠠᠨ ᠵᠤᠷᠴᠢᠬᠤ ᠠᠶᠠᠨᠴᠢᠨ ᠵᠢᠱ᠌ᠢᠯᠲᠡ ᠪᠡᠷ 4500 ᠲᠦᠮᠡᠨ ᠬᠦᠮᠦᠨ ᠤᠳᠠᠭ᠎ᠠ ᠵᠢ ᠳᠠᠪᠠᠨ᠎ᠠ
2025-10-13 16:39:38
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠡᠨᠡ ᠵᠢᠯ ᠤ᠋ᠨ ᠤᠯᠤᠰ ᠤ᠋ᠨ ᠪᠠᠶᠠᠷ ᠪᠤᠯᠤᠨ ᠨᠠᠢ᠍ᠮᠠᠨ ᠰᠠᠷ᠎ᠠ ᠢ᠋ᠢᠨ ᠲᠡᠷᠭᠡᠯ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ ᠤ᠋ ᠣᠷᠣᠨ ᠪᠦᠰᠡ ᠠᠯᠤᠰᠯᠠᠨ ᠵᠤᠷᠴᠢᠬᠤ ᠠᠶᠠᠨᠴᠢᠨ ᠵᠢᠱ᠌ᠢᠯᠲᠡ ᠪᠡᠷ 4500 ᠲᠦᠮᠡᠨ ᠬᠦᠮᠦᠨ (ᠤᠳᠠᠭ᠎ᠠ)᠎ᠢ ᠳᠠᠪᠠᠵᠤ᠂ ᠪᠥᠬᠥ ᠣᠷᠣᠨ ᠤ᠋ ᠲᠦᠷᠭᠡᠨ ᠤ᠋ ᠵᠠᠰᠠᠮᠠᠯ ᠵᠠᠮ ᠤ᠋ᠨ ᠮᠠᠰᠢᠨ ᠲᠡᠷᠭᠡᠨ ᠤ᠋ ᠤᠷᠤᠰᠴᠠ ᠵᠢᠨ ᠶᠡᠷᠦᠩᠬᠡᠢ ᠬᠡᠮᠵᠢᠶ᠎ᠡ 599 ᠲᠦᠮᠡ ᠳ᠋ᠤ ᠬᠦᠷᠬᠦ ᠪᠣᠯᠣᠨ᠎ᠠ᠃ ᠡᠭᠦᠨ ᠳ᠋ᠤ ᠠᠶᠠᠨᠴᠢᠳ ᠤ᠋ᠨ ᠮᠠᠰᠢᠨ ᠲᠡᠷᠭᠡᠨ ᠤ᠋ ᠤᠷᠤᠰᠴᠠ ᠵᠢᠨ ᠬᠡᠮᠵᠢᠶ᠎ᠡ ᠢ᠋ᠢᠨ ᠡᠵᠡᠯᠡᠬᠦ ᠬᠠᠷᠢᠴᠠᠯ 83% ᠢ᠋ᠢ ᠳᠠᠪᠠᠵᠤ᠂ ᠬᠤᠪᠢ ᠵᠢᠨ ᠮᠠᠰᠢᠨ ᠲᠡᠷᠭᠡ ᠪᠡᠷ ᠠᠶᠠᠯᠠᠬᠤ ᠨᠢ ᠣᠯᠠᠨ ᠨᠡᠶ᠋ᠢᠲᠡ ᠢ᠋ᠢᠨ ᠭᠣᠣᠯ ᠰᠣᠩᠭᠣᠯᠲᠠ ᠪᠣᠯᠵᠤ᠂ ᠰᠢᠨ᠎ᠡ ᠡᠨᠧᠷᠭᠢ ᠢ᠋ᠢᠨ ᠮᠠᠰᠢᠨ ᠲᠡᠷᠭᠡᠨ ᠤ᠋ ᠡᠵᠡᠯᠡᠬᠦ ᠬᠠᠷᠢᠴᠠᠯ ᠤᠯᠠᠮ ᠨᠡᠮᠡᠭᠳᠡᠬᠦ ᠪᠣᠯᠣᠨ᠎ᠠ᠃

ᠵᠢᠱ᠌ᠢᠯᠲᠡ ᠪᠡᠷ᠂ ᠠᠮᠠᠷᠠᠯᠳᠠ ᠵᠢᠨ ᠬᠤᠭᠤᠴᠠᠭᠠᠨ ᠳ᠋ᠡᠬᠢ ᠮᠠᠰᠢᠨ ᠳᠡᠷᠬᠡᠨ ᠤ᠋ ᠤᠷᠤᠰᠴᠠ ᠭᠣᠣᠯᠳᠠᠭᠤ ᠬᠥᠬᠡᠬᠣᠲᠠ᠂ ᠤᠯᠠᠭᠠᠨᠴᠠᠪ᠂ ᠣᠷᠳᠣᠰ ᠪᠣᠯᠣᠨ ᠤᠯᠠᠭᠠᠨᠬᠠᠳᠠ ᠵᠡᠷᠭᠡ ᠠᠢᠮᠠᠭ ᠬᠣᠲᠠ ᠳ᠋ᠤ ᠲᠥᠪᠯᠡᠷᠡᠵᠦ᠂ G6 ᠪᠡᠭᠡᠵᠢᠩ — ᠲᠥᠪᠡᠳ ᠬᠦᠷᠬᠦ ᠲᠦᠷᠭᠡᠨ ᠤ᠋ ᠵᠠᠰᠠᠮᠠᠯ ᠵᠠᠮ᠂ G65 ᠪᠤᠭᠤᠲᠤ — ᠮᠤᠤᠮᠢᠩ ᠬᠦᠷᠬᠦ ᠲᠦᠷᠭᠡᠨ ᠤ᠋ ᠵᠠᠰᠠᠮᠠᠯ ᠵᠠᠮ᠂ G45 ᠳ᠋ᠠᠴᠢᠩ — ᠭᠤᠸᠠᠩᠵᠸᠤ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠮᠠᠰᠢᠨ ᠲᠡᠷᠭᠡᠨ ᠤ᠋ ᠤᠷᠤᠰᠴᠠ ᠶᠡᠬᠡ ᠪᠠᠢᠵᠤ᠂ G6 ᠪᠡᠭᠡᠵᠢᠩ — ᠲᠥᠪᠡᠳ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠮᠠᠰᠢᠨ ᠳᠡᠷᠬᠡᠨ ᠤ᠋ ᠤᠷᠤᠰᠴᠠ ᠵᠢᠨ ᠬᠡᠮᠵᠢᠶ᠎ᠡ ᠬᠠᠮᠤᠭ ᠤ᠋ᠨ ᠶᠡᠬᠡ ᠪᠣᠯᠣᠨ᠎ᠠ; G6 ᠪᠡᠭᠡᠵᠢᠩ — ᠲᠥᠪᠡᠳ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠬᠠᠷᠠᠤ᠋ᠰᠤ᠂ ᠰᠠᠷᠠᠴᠢᠨ᠂ ᠬᠥᠬᠡᠬᠣᠲᠠ ᠢ᠋ᠢᠨ ᠪᠠᠷᠠᠭᠤᠨ᠂ G7 ᠪᠡᠭᠡᠵᠢᠩ — ᠰᠢᠨᠵᠢᠶᠠᠩ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠱᠢ ᠪᠠ ᠲᠠᠢ᠂ G65 ᠪᠤᠭᠤᠲᠤ — ᠮᠤᠤᠮᠢᠩ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠪᠦᠷᠢᠶ᠎ᠡ ᠮᠠᠩᠬ᠎ᠠ᠂ ᠴᠢᠩᠭᠢᠰ ᠤ᠋ᠨ ᠣᠩᠭᠣᠨ ᠵᠡᠷᠭᠡ ᠦᠢᠯᠡᠴᠢᠯᠡᠭᠡᠨ ᠤ᠋ ᠲᠣᠭᠣᠷᠢᠭ᠋ ᠲᠦ᠍ ᠣᠬᠣᠷ ᠴᠠᠭ ᠤ᠋ᠨ ᠲᠦᠭᠵᠢᠷᠡᠯ ᠡᠭᠦᠰᠴᠤ ᠮᠡᠳᠡᠨ᠎ᠡ᠃

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠨᠢᠭᠡᠨᠲᠡ ᠵᠠᠰᠠᠮᠠᠯ ᠵᠠᠮ ᠤ᠋ᠨ ᠲᠦᠭᠵᠢᠷᠡᠯ ᠢ᠋ ᠰᠢᠯᠤᠭᠤᠳᠬᠠᠵᠤ ᠵᠠᠮ ᠨᠡᠪᠲᠡᠷᠡᠯᠭᠡ ᠢ᠋ᠢ ᠪᠠᠲᠤᠯᠠᠬᠤ ᠲᠥᠰᠥᠯ ᠢ᠋ ᠲᠣᠭᠲᠠᠭᠠᠵᠤ᠂ ᠲᠦᠷᠭᠡᠨ ᠤ᠋ ᠵᠠᠰᠠᠮᠠᠯ ᠵᠠᠮ ᠤ᠋ᠨ ᠲᠦᠭᠵᠢᠷᠡᠬᠦ ᠪᠤᠯᠤᠯᠴᠠᠭ᠎ᠠ ᠲᠠᠢ 36 ᠵᠠᠮ ᠤ᠋ᠨ ᠬᠡᠰᠡᠭ ᠢ᠋ ᠪᠠᠢᠴᠠᠭᠠᠨ ᠭᠠᠷᠭᠠᠵᠤ᠂ ᠠᠵᠢᠯᠯᠠᠭᠠᠨ ᠢ᠋ ᠬᠢᠨᠠᠨ ᠬᠡᠮᠵᠢᠬᠦ ᠪᠠ ᠲᠣᠭᠣᠷᠢᠨ ᠪᠠᠢᠴᠠᠭᠠᠬᠤ ᠡᠷᠴᠢᠮ ᠢ᠋ ᠴᠢᠩᠭᠠᠷᠠᠭᠤᠯᠤᠨ᠂ ᠳᠣᠲᠣᠭᠠᠳᠤ ᠢ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠯᠦ᠍ᠭᠡ ᠢ᠋ᠢᠨ ᠬᠠᠮᠵᠢᠯᠴᠠᠭ᠎ᠠ ᠪᠠᠨ ᠴᠢᠩᠭᠠᠳᠬᠠᠵᠤ᠂ ᠵᠠᠮ ᠨᠡᠪᠲᠡᠷᠡᠯᠭᠡ ᠢ᠋ᠢᠨ ᠦᠷ᠎ᠡ ᠪᠦᠲᠦᠮᠵᠢ ᠢ᠋ᠢ ᠪᠦᠲᠦᠮᠵᠢᠲᠡᠢ ᠳᠡᠭᠡᠭᠰᠢᠯᠡᠭᠦᠯᠵᠤ ᠪᠤᠢ᠃ ᠡᠭᠦᠨ ᠤ᠋ ᠬᠠᠮᠲᠤ 《ᠨᠢᠭᠡ ᠲᠣᠭᠣᠷᠢᠭ᠋ ᠲᠤ᠌ ᠨᠢᠭᠡ ᠲᠥᠷᠥ ᠢ᠋ᠢᠨ ᠪᠣᠳᠣᠯᠭ᠎ᠠ ᠠᠪᠬᠤ》 ᠪᠠᠲᠤᠯᠠᠭ᠎ᠠ ᠢ᠋ᠢᠨ ᠲᠥᠰᠥᠯ ᠲᠣᠭᠲᠠᠭᠠᠵᠤ᠂ ᠦᠢᠯᠡᠴᠢᠯᠡᠭᠡᠨ ᠤ᠋ ᠲᠤᠭᠤᠷᠢᠭ ᠲᠤ᠌ ᠲᠦᠷ ᠴᠠᠭ ᠤ᠋ᠨ ᠲᠣᠰᠣ᠌ ᠨᠡᠮᠡᠬᠦ ᠴᠠᠬᠢᠯᠭᠠᠨ ᠴᠡᠨᠡᠭᠯᠡᠬᠦ ᠳᠦᠬᠦᠭᠡᠷᠦᠮᠵᠢ ᠨᠡᠮᠡᠵᠦ ᠲᠣᠬᠢᠷᠠᠭᠤᠯᠬᠤ᠂ ᠲᠤᠰᠬᠠᠢ ᠬᠥᠮᠥᠨ ᠲᠣᠬᠢᠷᠠᠭᠤᠯᠤᠨ ᠴᠠᠬᠢᠯᠭᠠᠨ ᠴᠡᠨᠡᠭᠯᠡᠬᠦ ᠠᠵᠢᠯ ᠢ᠋ ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠠᠪᠴᠤ᠂ ᠴᠠᠬᠢᠯᠭᠠᠨ ᠴᠡᠨᠡᠭᠯᠡᠵᠤ ᠲᠣᠰᠣ᠌ ᠨᠡᠮᠡᠬᠦ ᠦᠢᠯᠡᠴᠢᠯᠡᠭᠡᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠳᠡᠭᠡᠭᠰᠢᠯᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号