ᠬᠡᠰᠡᠭ ᠲᠤᠭᠲᠠᠭᠰᠠᠨ ᠡᠮ ᠦᠨ ᠳᠡᠯᠭᠡᠭᠦᠷ᠎ᠡᠴᠡ ᠡᠮᠴᠢᠯᠡᠭᠡᠨ᠎ᠤ ᠳᠠᠭᠠᠳᠬᠠᠯ ᠪᠠ ᠡᠮᠴᠢᠯᠡᠭᠡᠨ ᠤ ᠳᠠᠭᠠᠳᠬᠠᠯ ᠤᠨ ᠪᠤᠰᠤ ᠡᠪᠡᠳᠴᠢᠲᠡᠨ᠎ᠳᠦ 《ᠠᠳᠠᠯᠢ ᠪᠤᠰᠤ ᠦᠨ᠎ᠡ ᠬᠠᠨᠭᠰᠢ》 ᠬᠡᠷᠡᠭᠵᠢᠬᠦᠯᠬᠦ ᠦᠶ᠋ᠯᠡ ᠠᠵᠢᠯᠯᠠᠭ᠎ᠠ᠎ᠳᠤ ᠴᠢᠭᠯᠡᠭᠦᠯᠵᠤ᠂ ᠤᠯᠤᠰ ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠡᠴᠡ ᠲᠤᠭᠲᠠᠭᠰᠠᠨ ᠡᠮ᠎ᠦᠨ ᠳᠡᠯᠭᠡᠭᠦᠷ ᠢ ᠡᠮᠴᠢᠯᠡᠭᠡᠨ᠎ᠤ ᠳᠠᠭᠠᠳᠬᠠᠯ᠎ᠳᠤ ᠣᠷᠣᠯᠴᠠᠭᠰᠠᠳ᠎ᠲᠤ ᠭᠣᠥᠯᠴᠢ ᠪᠤᠰᠤ᠂ ᠭᠠᠳᠠᠭᠤᠷᠴᠢᠯᠠᠯ᠎ᠤᠨ ᠴᠢᠨᠠᠷᠲᠠᠢ ᠦᠨ᠎ᠡ ᠬᠡᠷᠡᠭᠵᠢᠭᠦᠯᠵᠦ ᠪᠣᠯᠬᠤ ᠦᠭᠡᠢ᠂ ᠳᠠᠭᠠᠳᠬᠠᠯ᠎ᠳᠤ ᠥᠯᠥ ᠣᠷᠣᠯᠴᠠᠭᠰᠠᠳ᠎ᠤᠨ ᠦᠨ᠎ᠡ᠎ᠡᠴᠡ ᠥᠨᠳᠥᠷ ᠦᠨ᠎ᠡ᠎ᠪᠡᠷ ᠡᠮ᠎ᠦᠨ ᠵᠦᠢᠯᠡᠰ᠎ᠢ ᠪᠣᠷᠣᠯᠠᠭᠤᠯᠵᠤ ᠪᠣᠯᠬᠤ ᠦᠭᠡᠢ ᠭᠡᠵᠦ ᠱᠠᠭᠠᠷᠳᠠᠪᠠ᠃
ᠡᠭᠦᠨ᠎ᠢ ᠰᠤᠷᠪᠤᠯᠵᠢᠯᠠᠭ᠍ᠴᠢ 11 ᠤ᠋ ᠡᠳᠦᠷ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠡ ᠡᠴᠡ ᠤᠢᠯᠠᠭᠠᠵᠤ ᠮᠡᠳᠡᠵᠡᠢ᠃ 《ᠲᠤᠭᠲᠠᠭᠰᠠᠨ ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ᠎ᠦᠨ ᠡᠮ ᠦᠨ ᠵᠦᠢᠯᠡᠰ᠎ᠦᠨ 〈ᠠᠳᠠᠯᠢ ᠪᠤᠰᠤ ᠦᠨ᠎ᠡ ᠬᠠᠩᠰᠢ〉 ᠶ᠋ᠢ ᠬᠢᠨᠠᠨ ᠬᠡᠮᠵᠢᠵᠦ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠡ ᠵᠢᠨ ᠠᠯᠪᠠᠨ ᠭᠡᠷ᠎ᠦᠨ ᠮᠡᠳᠡᠭᠳᠡᠯ》ᠳ᠋ᠦ᠂ ᠲᠤᠭᠲᠠᠭᠰᠠᠨ ᠡᠮ᠎ᠦᠨ ᠳᠡᠯᠭᠡᠭᠦᠷ ᠨᠢ ᠳᠠᠭᠠᠳᠬᠠᠯ᠎ᠳᠤ ᠣᠷᠣᠯᠴᠠᠭᠰᠠᠨ ᠡᠪᠡᠳᠴᠢᠲᠡᠨ᠎ᠳᠦ ᠥᠨᠳᠥᠷ ᠦᠨ᠎ᠡ᠎ᠪᠡᠷ ᠡᠮ ᠬᠤᠳᠠᠯᠳᠤᠵᠤ ᠠᠰᠢᠭ᠋ ᠣᠯᠬᠤ ᠦᠶ᠋ᠯᠡ ᠠᠵᠢᠯᠯᠠᠭ᠎ᠠ ᠨᠢ ᠦᠨ᠎ᠡ ᠬᠠᠩᠰᠢ᠎ᠶᠢᠨ ᠮᠡᠬᠡᠯᠡᠯ᠎ᠳᠦ ᠬᠣᠯᠪᠣᠭᠳᠠᠬᠤ᠎ᠶᠢᠨ ᠬᠠᠮᠲᠤ ᠲᠤᠭᠲᠠᠭᠰᠠᠨ ᠡᠮ ᠦᠨ ᠳᠡᠯᠭᠡᠭᠦᠷ᠎ᠦᠨ ᠡᠮᠴᠢᠯᠡᠭᠡᠨ᠎ᠤ ᠳᠠᠭᠠᠳᠬᠠᠯ᠎ᠤᠨ ᠦᠢᠯᠡᠴᠢᠯᠡᠭᠡᠨ᠎ᠦ ᠬᠡᠯᠡᠯᠴᠡᠭᠡᠷ ᠲᠡᠬᠢ《ᠡᠮᠴᠢᠯᠡᠭᠡᠨ᠎ᠤ ᠳᠠᠭᠠᠳᠬᠠᠯ᠎ᠳᠤ ᠣᠷᠣᠯᠴᠠᠭᠰᠠᠨ ᠬᠥᠮᠥᠰ᠎ᠲᠦ ᠭᠣᠥᠯᠴᠢ ᠪᠤᠰᠤ᠂ ᠭᠠᠳᠠᠭᠤᠷᠴᠢᠯᠠᠯ᠎ᠤᠨ ᠴᠢᠨᠠᠷᠲᠠᠢ ᠦᠨ᠎ᠡ ᠬᠠᠩᠰᠢ᠎ᠶᠢ ᠬᠡᠷᠡᠭᠵᠢᠭᠦᠯᠵᠦ ᠪᠣᠯᠬᠤ ᠦᠭᠡᠢ》 ᠭᠡᠬᠦ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠵᠥᠷᠢᠴᠡᠭᠰᠡᠨ ᠪᠣᠯᠬᠣᠷ ᠴᠢᠩᠭ᠎ᠠ ᠬᠢᠨᠠᠨ ᠪᠠᠢᠴᠠᠭᠠᠵᠤ ᠰᠢᠢᠳᠪᠦᠷᠢᠯᠡᠬᠦ ᠬᠡᠷᠡᠭᠲᠡᠢ ᠭᠡᠵᠤ ᠳᠤᠳᠤᠷᠬᠠᠢᠯᠠᠵᠠᠢ᠃
ᠮᠡᠳᠡᠭᠳᠡᠯ᠎ᠳᠦ᠂ ᠲᠤᠭᠲᠠᠭᠰᠠᠨ ᠡᠮ᠎ᠦᠨ ᠳᠡᠯᠭᠡᠭᠦᠷ᠎ᠦᠨ ᠡᠮ᠎ᠦᠨ ᠵᠦᠢᠯᠡᠰ᠎ᠦᠨ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠭᠲᠠᠭᠰᠠᠨ ᠡᠮ᠎ᠦᠨ ᠳᠡᠯᠭᠡᠭᠦᠷ᠎ᠦᠨ《ᠠᠳᠠᠯᠢ ᠪᠤᠰᠤ ᠦᠨ᠎ᠡ ᠬᠠᠨᠭᠰᠢ》 ᠶ᠋ᠢᠨ ᠠᠵᠢᠯᠯᠠᠭ᠎ᠠ᠎ᠶᠢ ᠭᠣᠣᠯᠳᠠᠯᠭ᠎ᠠ᠎ᠲᠠᠢ ᠬᠢᠨᠠᠨ ᠡᠵᠡᠮᠳᠡᠬᠦ ᠵᠦᠢᠯᠡᠰ᠎ᠲᠦ ᠣᠷᠣᠭᠤᠯᠬᠤ ᠬᠡᠷᠡᠭᠲᠡᠢ᠃ ᠡᠯ᠎ᠡ ᠭᠠᠵᠠᠷ᠎ᠤᠨ ᠲᠣᠭᠲᠠᠭᠰᠠᠨ ᠡᠮ ᠦᠨ ᠳᠡᠯᠭᠡᠭᠦᠷ᠎ᠦᠨ ᠡᠮ᠎ᠦᠨ ᠵᠦᠢᠯᠡᠰ ᠦᠨ ᠲᠠᠰᠤᠯᠤᠨ ᠪᠤᠳᠤᠭᠰᠠᠨ ᠵᠣᠭᠣᠰ ᠤᠨ ᠲᠣᠭ᠎ᠠ ᠶᠢᠨ ᠨᠡᠷᠡᠰ᠎ᠦᠨ ᠵᠢᠭ᠍ᠰᠠᠭᠠᠯᠲᠠ ᠡᠮᠦᠨᠡᠭᠦᠷ ᠪᠠᠢᠷᠢᠯᠠᠬᠤ ᠪᠤᠶᠤ ᠦᠨ᠎ᠡ ᠬᠠᠩᠰᠢ᠎ᠶᠢᠨ ᠵᠥᠷᠢᠶ᠎ᠡ ᠶᠡᠬᠡᠲᠡᠢ ᠡᠮ᠎ᠦᠨ ᠵᠦᠢᠯᠡᠰ᠎ᠢᠶᠡᠷ ᠭᠣᠣᠯᠳᠠᠯᠭ᠎ᠠ ᠪᠣᠯᠭᠠᠨ ᠰᠢᠭ᠌ᠰᠢᠨ ᠪᠠᠢᠴᠠᠭᠠᠬᠤ ᠲᠥᠷᠥᠯ ᠵᠦᠢᠯ ᠪᠣᠯᠭᠠᠵᠤ᠂ ᠡᠯ᠎ᠡ ᠭᠠᠵᠠᠷ᠎ᠤᠨ ᠡᠮᠴᠢᠯᠡᠭᠡᠨ ᠦ ᠳᠠᠭᠠᠳᠬᠠᠯ ᠤᠨ ᠰᠠᠯᠠᠭ᠎ᠠ ᠮᠥᠴᠢᠷ᠎ᠦᠳ ᠡᠮᠴᠢᠯᠡᠭᠡᠨ᠎ᠦ ᠳᠠᠭᠠᠳᠬᠠᠯ᠎ᠤᠨ ᠲᠠᠰᠤᠯᠤᠨ ᠪᠤᠳᠤᠭᠰᠠᠨ ᠲᠣᠭ᠎ᠠ ᠪᠠᠷᠢᠮᠲᠠ ᠶᠢ ᠰᠢᠭ᠌ᠰᠢᠨ ᠪᠠᠢᠴᠠᠭᠠᠬᠤ᠎ᠪᠠᠷ ᠳᠠᠮᠵᠢᠭᠤᠯᠵᠤ᠂ ᠣᠢᠷ᠎ᠠ ᠶᠢᠨ ᠬᠤᠭᠤᠴᠠᠭᠠᠨ ᠤ ᠣᠯᠠᠨ ᠲᠦᠮᠡᠨ᠎ᠦ ᠵᠠᠬᠢᠳᠠᠯ ᠰᠣᠷᠪᠤᠯᠵᠢᠯᠠᠯ᠂ ᠶᠠᠷᠢᠶ᠎ᠠ ᠬᠡᠯᠡᠯᠴᠡᠭᠡᠨ ᠦ ᠪᠠᠢᠳᠠᠯ ᠤᠨ ᠲᠤᠰᠬᠠᠭᠰᠠᠨ ᠬᠠᠮᠢᠶ᠎ᠠ ᠪᠦᠬᠦᠢ ᠠᠰᠠᠭᠤᠳᠠᠯ ᠵᠡᠷᠭᠡ᠎ᠶᠢ ᠰᠢᠰᠲᠧᠮ᠎ᠲᠠᠢ ᠡᠮᠬᠢᠯᠡᠵᠦ᠂ ᠲᠣᠰ ᠭᠠᠵᠠᠷ ᠣᠷᠣᠨ᠎ᠤ ᠲᠣᠭᠲᠠᠭᠰᠠᠨ ᠡᠮ᠎ᠦᠨ ᠳᠡᠯᠭᠡᠭᠦᠷ᠎ᠦᠨ ᠡᠮ᠎ᠦᠨ ᠵᠦᠢᠯᠡᠰ᠎ᠦᠨ 《ᠠᠳᠠᠯᠢ ᠪᠤᠰᠤ ᠦᠨ᠎ᠡ ᠬᠠᠨᠭᠰᠢ》 ᠶ᠋ᠢᠨ ᠠᠰᠠᠭᠤᠳᠠᠯ᠎ᠤᠨ ᠰᠦᠪᠡᠭᠴᠢ᠎ᠶᠢ ᠪᠦᠷᠢᠯᠳᠦᠭᠦᠯᠬᠦ ᠬᠡᠷᠡᠭᠲᠡᠢ ᠭᠡᠵᠤ ᠱᠠᠭᠠᠷᠳᠠᠪᠠ᠃
ᠲᠣᠭᠲᠠᠭᠰᠠᠨ ᠡᠮ ᠦᠨ ᠳᠡᠯᠭᠡᠭᠦᠷ ᠨᠢ ᠡᠮᠴᠢᠯᠡᠭᠡᠨ ᠦ ᠳᠠᠭᠠᠳᠬᠠᠯ᠎ᠤᠨ ᠦᠢᠯᠡᠴᠢᠯᠡᠭᠡᠨ᠎ᠦ ᠵᠥᠪᠯᠡᠯᠴᠡᠭᠡᠷ᠎ᠡᠴᠡ ᠵᠥᠷᠢᠴᠡᠨ 《ᠠᠳᠠᠯᠢ ᠪᠤᠰᠤ ᠦᠨ᠎ᠡ ᠬᠠᠩᠰᠢ》ᠬᠡᠷᠡᠭᠵᠢᠭᠦᠯᠦᠭᠰᠡᠨ ᠪᠠᠢᠪᠠᠯ᠂ ᠦᠶ᠋ᠯᠡ ᠪᠠᠢᠳᠠᠯ᠎ᠤᠨ ᠬᠦᠨᠳᠦ ᠨᠣᠴᠢᠲᠠᠢ ᠬᠡᠮᠵᠢᠶ᠎ᠡ ᠪᠠ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠢ ᠦᠵᠡᠵᠦ᠂ ᠭᠣᠣᠯ ᠬᠠᠷᠢᠭᠤᠴᠠᠯᠭᠠᠲᠠᠨ᠎ᠲᠠᠢ ᠪᠣᠯᠵᠣᠨ ᠶᠠᠷᠢᠯᠴᠠᠬᠤ᠂ ᠡᠮᠴᠢᠯᠡᠭᠡᠨ ᠦ ᠳᠠᠭᠠᠳᠬᠠᠯ᠎ᠤᠨ ᠲᠠᠰᠤᠯᠤᠨ ᠪᠤᠳᠤᠬᠤ᠎ᠶᠢ ᠲᠦᠷ ᠵᠣᠭᠰᠤᠭᠠᠬᠤ᠂ ᠲᠥᠯᠥᠬᠦ ᠦᠭᠡᠢ ᠪᠤᠶᠤ ᠨᠢᠭᠡᠨᠲᠡ ᠲᠥᠯᠥᠭᠰᠡᠨ ᠡᠮᠴᠢᠯᠡᠭᠡᠨ ᠦ ᠳᠠᠭᠠᠳᠬᠠᠯ᠎ᠤᠨ ᠰᠠᠭᠤᠷᠢ ᠮᠥᠩᠭᠥ᠎ᠶᠢ ᠨᠡᠬᠡᠮᠵᠢᠯᠡᠨ ᠠᠪᠴᠢᠷᠠᠬᠤ᠂ ᠡᠮᠴᠢᠯᠡᠭᠡᠨ ᠦ ᠳᠠᠭᠠᠳᠬᠠᠯ᠎ᠤᠨ ᠦᠢᠯᠡᠴᠢᠯᠡᠭᠡᠨ᠎ᠦ ᠵᠥᠪᠯᠡᠯᠴᠡᠭᠡᠷ᠎ᠢ ᠲᠦᠷ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠴᠢᠩᠭ᠎ᠠ ᠰᠢᠢᠳᠪᠦᠷᠢᠯᠡᠬᠦ ᠬᠡᠷᠡᠭᠲᠡᠢ᠃
ᠲᠣᠭᠲᠠᠭᠰᠠᠨ ᠡᠮ ᠦᠨ ᠳᠡᠯᠭᠡᠭᠦᠷ 《ᠠᠳᠠᠯᠢ ᠪᠤᠰᠤ ᠦᠨ᠎ᠡ ᠬᠠᠨᠭᠰᠢ》 ᠬᠡᠷᠡᠭᠵᠢᠭᠦᠯᠦᠭᠰᠡᠨ ᠨᠢ ᠬᠠᠤᠯᠢ ᠲᠣᠭᠲᠠᠭᠠᠯ᠎ᠡᠴᠡ ᠵᠥᠷᠢᠴᠡᠨ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠶᠢ ᠬᠡᠷᠡᠭᠯᠡᠭᠰᠡᠨ ᠠᠵᠢᠯᠯᠠᠭ᠎ᠠ᠎ᠳᠤ ᠲᠤᠭᠠᠴᠠᠭᠳᠠᠨ᠎ᠠ᠃ ᠮᠡᠳᠡᠭᠳᠡᠯ᠎ᠢ ᠦᠨᠳᠦᠰᠦᠯᠡᠪᠡᠯ᠂ ᠡᠯ᠎ᠡ ᠭᠠᠵᠠᠷ᠎ᠤᠨ ᠬᠢᠨ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠮᠥᠩᠭᠥ ᠵᠢ ᠬᠠᠤᠯᠢ ᠲᠤᠭᠲᠠᠭᠠᠯ ᠡᠴᠡ ᠵᠦᠷᠢᠴᠡᠨ ᠬᠡᠷᠡᠭᠯᠡᠬᠦ ᠵᠢ ᠢᠯᠡᠴᠢᠯᠡᠨ ᠮᠡᠳᠡᠭᠦᠯᠬᠦ ᠵᠢ ᠱᠠᠩᠨᠠᠬᠤ ᠲᠣᠭᠲᠡᠴᠡ ᠶᠤᠰᠤᠭᠠᠷ᠂ ᠥᠷᠭᠡᠨ ᠣᠯᠠᠨ ᠲᠦᠮᠡᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠦ ᠬᠣᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ᠎ᠶᠢ ᠢᠳᠡᠪᠬᠢᠲᠡᠢ ᠬᠠᠩᠭᠠᠬᠤ ᠵᠢ ᠵᠣᠷᠢᠭ᠍ᠵᠢᠭᠤᠯᠵᠤ᠂ ᠲᠤᠭᠲᠠᠭᠰᠠᠨ ᠡᠮ᠎ᠦᠨ ᠳᠡᠯᠭᠡᠭᠦᠷ ᠦᠨ 《ᠠᠳᠠᠯᠢ ᠪᠤᠰᠤ ᠦᠨ᠎ᠡ ᠬᠠᠨᠭᠰᠢ》 ᠶ᠋ᠢᠨ ᠠᠰᠠᠭᠤᠳᠠᠯ᠎ᠢ ᠵᠠᠰᠠᠬᠤ᠎ᠳᠤ ᠣᠷᠣᠯᠴᠠᠭᠤᠯᠵᠤ ᠪᠣᠯᠣᠨ᠎ᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 10 ᠰᠠᠷ᠎ᠠ᠎ᠶᠢᠨ 11 ᠤ᠋ ᠴᠠᠬᠢᠯᠭᠠᠨ ᠮᠡᠳᠡᠭᠡ)