AI ᠮᠡᠷᠬᠡᠵᠢᠯ ᠵᠢᠭᠠᠨ ᠰᠤᠷᠭᠠᠯᠳᠠ᠎ᠶᠢᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠦᠨ᠎ᠡ
2025-10-13 15:59:49
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠨᠦᠬᠦᠳ ᠡ᠂ ᠡᠨᠡ ᠰᠢᠯᠦᠭ  ᠢ᠋ ᠰᠤᠷᠬᠤ ᠠ᠋ᠴᠠ ᠡᠮᠦᠨ᠎ᠡ ᠪᠢᠳᠡ ᠰᠢᠯᠦᠭᠴᠢ ᠸᠠᠩ ᠵᠢᠢ᠎ᠲᠠᠢ ᠴᠠᠭ ᠬᠤᠭᠤᠴᠠᠭ᠎ᠠ ᠣᠷᠣᠨ ᠵᠠᠢ ᠠᠯᠤᠰᠯᠠᠭᠰᠠᠨ ᠶᠠᠷᠢᠯᠴᠠᠭ᠎ᠠ ᠬᠢᠶ᠎ᠡ》 ᠲᠦᠷᠦᠬᠦᠬᠡᠨ ᠤᠯᠠᠭᠠᠨᠴᠠᠪ ᠬᠣᠲᠠ᠎ᠶᠢᠨ ᠹᠸᠩᠵᠸᠨ ᠬᠣᠲᠠ᠎ᠶᠢᠨ ᠹᠸᠩ ᠬᠤᠸᠠ ᠳᠤᠮᠳᠠᠳᠤ ᠰᠤᠷᠭᠠᠭᠤᠯᠢ᠎ᠶᠢᠨ ᠪᠠᠭ᠍ᠰᠢ ᠸᠠᠩ ᡁᠢ ᠷᠦᠩ AI ᠮᠡᠷᠭᠡᠵᠢᠯ᠎ᠢ᠋ ᠨᠠᠢ᠍ᠮᠠᠳᠤᠭᠠᠷ ᠣᠨ᠎ᠤ ᠬᠡᠯᠡ ᠪᠢᠴᠢᠭ᠎ᠦᠨ ᠬᠢᠴᠢᠶᠡᠯ᠎ᠳ᠋ᠡᠬᠡᠨ ᠠᠰᠢᠭᠯᠠᠨ ᠰᠤᠷᠤᠭᠴᠢᠳ ᠲᠸ᠋ ᠠᠮᠢᠳᠤᠯᠢᠭ ᠰᠠᠢᠬᠠᠨ ᠵᠢᠭᠠᠵᠤ ᠪᠠᠢᠯ᠎ᠠ᠃

ᠡᠨᠡ ᠪᠤᠯ ᠹᠧᠩ ᠬᠤᠸᠠ ᠳᠤᠮᠳᠠᠳᠤ ᠰᠤᠷᠭᠠᠭᠤᠯᠢ ᠵᠢᠨ ᠰᠤᠷᠤᠯᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠥᠷᠥᠯ ᠵᠦᠢᠯ᠎ᠦᠨ ᠡᠬᠢᠯᠡᠯᠲᠡ᠎ᠶᠢᠨ ᠶᠣᠰᠣᠯᠠᠯ ᠪᠤᠯᠬᠤ ᠪᠦᠬᠡᠳ ᠬᠢᠴᠢᠶᠡᠯ ᠲᠥᠷᠥᠯ᠎ᠦᠨ ᠪᠠᠭ᠍ᠰᠢ᠎ᠶᠢᠨ ᠦᠵᠡᠭᠦᠯᠭᠡ᠎ᠶᠢᠨ ᠬᠢᠴᠢᠶᠡᠯ᠎ᠦᠨ ᠠᠵᠢᠯᠯᠠᠭ᠎ᠠ ᠪᠠᠢᠵᠤ᠂  《ᠵᠣᠬᠢᠶᠠᠮᠠᠯ ᠤᠶᠤᠨ ᠴᠢᠳᠠᠪᠤᠷᠢ ᠵᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠰᠢᠨ᠎ᠡ᠎ᠶᠢ ᠡᠭᠦᠳᠬᠦ ᠳ᠋ᠤ ᠬᠡᠷᠡᠭᠯᠡᠬᠦ 》 ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠦᠨ᠂ ᠵᠣᠬᠢᠶᠠᠮᠠᠯ ᠤᠶᠤᠨ ᠴᠢᠳᠠᠪᠤᠷᠢ ᠪᠡᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠳ᠋ᠤ ᠴᠢᠳᠠᠪᠤᠷᠢ ᠤᠯᠭᠤᠬᠤ ᠰᠢᠨ᠎ᠡ ᠬᠡᠪ ᠵᠠᠭᠪᠤᠷ᠂ ᠰᠢᠨ᠎ᠡ ᠠᠷᠭ᠎ᠠ ᠵᠠᠮ ᠪᠠ ᠰᠢᠨ᠎ᠡ ᠬᠡᠯᠪᠡᠷᠢ ᠪᠠᠢᠳᠠᠯ ᠎ᠢ ᠤᠯᠠᠮ ᠨᠢᠭᠡ ᠠᠯᠬᠤᠮ ᠬᠠᠢᠨ ᠰᠦᠪᠡᠭᠴᠢᠯᠡᠵᠦ᠂ ᠵᠣᠬᠢᠶᠠᠮᠠᠯ ᠤᠶᠤᠨ ᠴᠢᠳᠠᠪᠤᠷᠢ ᠵᠢᠨ ᠵᠢᠭᠠᠨ ᠰᠤᠷᠭᠠᠯᠲᠠ᠎ᠶᠢᠨ ᠪᠠᠭᠠᠵᠢ ᠪᠠᠢᠭᠰᠠᠨ᠎ᠠᠴᠠ ᠰᠤᠷᠭᠠᠨ ᠬᠥᠮᠦᠵᠢᠯ᠎ᠦᠨ ᠠᠮᠢ ᠠᠬᠤᠢ ᠳᠠᠢᠰᠢ ᠲᠠᠰ ᠳᠡᠪᠰᠢᠬᠦ ᠵᠢ ᠠᠬᠢᠭᠤᠯᠪᠠ᠃

ᠤᠯᠠᠮᠵᠢᠯᠠᠯᠲᠤ ᠬᠢᠴᠢᠶᠡᠯ᠎ᠦᠨ ᠲᠠᠩᠬᠢᠮ᠎ᠲᠠᠢ ᠠᠳᠠᠯᠢ ᠦᠭᠡᠢ ᠵᠦᠢᠯ ᠬᠡᠪᠡᠯ᠂ ᠸᠠᠩ ᡁᠢ ᠷᠦᠩ ᠪᠠᠭ᠍ᠰᠢ AI ᠮᠡᠷᠭᠡᠵᠢᠯ᠎ᠢ ᠠᠰᠢᠭ᠍ᠯᠠᠨ ᠲᠠᠪᠤᠨ ᠦᠭᠡ᠎ᠶᠢᠨ ᠬᠡᠮᠵᠢᠶᠡᠲᠦ ᠰᠢᠯᠦᠭ᠎ᠦᠨ ᠦᠵᠡᠭᠳᠡᠯᠳᠤ ᠵᠢᠭᠠᠨ ᠰᠤᠷᠭᠠᠯᠲᠠ᠎ᠶᠢ ᠵᠣᠬᠢᠶᠠᠨ ᠪᠦᠲᠦᠭᠡᠵᠦ᠂ AI ᠳᠤᠭᠠᠴᠢᠯᠠᠭᠰᠠᠨ ᠬᠥᠮᠥᠨ᠎ᠢᠶᠡᠷ ᠲᠡᠦᠬᠡ᠎ᠶᠢᠨ ᠠᠬᠤᠢ ᠦᠵᠡᠭᠳᠡᠯ᠎ᠢ ᠰᠡᠷᠭᠦᠭᠡᠵᠦ᠂ ᠬᠢᠴᠢᠶᠡᠯ᠎ᠦᠨ ᠲᠠᠩᠬᠢᠮ᠎ᠤᠨ《ᠴᠠᠭ ᠬᠤᠭᠤᠴᠠᠭ᠎ᠠ ᠪᠠ ᠣᠷᠣᠨ ᠵᠠᠢ ᠠᠯᠤᠰᠯᠠᠬᠰᠠᠨ ᠶᠠᠷᠢᠯᠴᠠᠭ᠎ᠠ》ᠶ᠋ᠢ ᠪᠡᠶᠡᠯᠡᠭᠦᠯᠵᠦ᠂ ᠤᠤᠯ᠎ᠤᠨ ᠬᠡᠢᠰᠪᠦᠷᠢ ᠮᠡᠳᠡᠯᠭᠡ᠎ᠶᠢ ᠠᠮᠢᠳᠤᠯᠢᠭ᠋ ᠪᠤᠳᠠᠳᠠᠢ ᠪᠣᠯᠭᠠᠵᠤ᠂ ᠰᠤᠷᠤᠭ᠍ᠴᠢᠳ ᠦᠨᠡᠬᠡᠷ ᠲᠤᠬᠠᠢ᠎ᠶᠢᠨ ᠤᠷᠴᠢᠨ ᠳ᠋ᠤ ᠬᠦᠷᠦᠭᠰᠡᠨ ᠰᠢᠭ ᠪᠠᠢᠯ᠎ᠠ᠃

ᠸᠠᠩ ᡁᠢ ᠷᠦᠩ ᠪᠠᠭ᠍ᠰᠢ᠎ᠲᠠᠢ ᠠᠳᠠᠯᠢ᠎ᠪᠠᠷ᠂ ᠠᠩᠭ᠌ᠯᠢ ᠬᠡᠯᠡᠨ᠎ᠦ ᠪᠠᠭ᠍ᠰᠢ ᠶᠠᠩ ᠶᠠᠨ ᠠᠩᠭ᠌ᠯᠢ ᠬᠡᠯᠡᠨ᠎ᠦ ᠦᠵᠡᠭᠦᠯᠭᠡ᠎ᠶᠢᠨ ᠬᠢᠴᠢᠶᠡᠯ ᠳᠡᠬᠡᠷ᠎ᠡ ᠪᠠᠨ ᠪᠠᠰᠠ AI  ᠮᠡᠷᠭᠡᠵᠢᠯ᠎ᠢ ᠬᠡᠷᠡᠭᠯᠡᠵᠦ᠂ 《ᠣᠯᠠᠨ᠎ᠢᠶᠠᠷ᠎ᠢᠶᠠᠨ ᠭᠠᠷ ᠲᠠᠭᠠᠨ ᠰᠡᠳᠦᠪ ᠬᠠᠷᠢᠭᠤᠯᠬᠤ ᠮᠠᠰᠢᠨ᠎ᠢᠶᠠᠨ ᠠᠳᠬᠤᠵᠤ᠂ ᠲᠣᠰ ᠬᠢᠴᠢᠶᠡᠯ᠎ᠦᠨ ᠬᠦᠨᠳᠦ ᠦᠭᠡᠰ᠎ᠢ ᠤᠷᠠᠨ ᠲᠣᠳᠣ᠌ ᠤᠩᠰᠢᠵᠤ ᠪᠠᠢᠯ᠎ᠠ》᠃ ᠬᠢᠴᠢᠶᠡᠯ ᠳᠡᠬᠡᠷ᠎ᠡ ᠶᠠᠩ ᠶᠠᠨ ᠪᠠᠭ᠍ᠰᠢ ᠰᠤᠷᠤᠭ᠍ᠴᠢᠳ᠎ᠢᠶᠡᠨ ᠵᠢᠭᠠᠨ ᠵᠢᠯᠤᠭᠣᠳᠴᠤ ᠪᠠᠢᠭᠠᠳ ᠠᠩᠭ᠌ᠯᠢ ᠬᠡᠯᠡᠨ᠎ᠦ ᠰᠣᠨᠣᠰᠴᠤ ᠶᠠᠷᠢᠬᠤ ᠰᠢᠰᠲᠧᠮ᠎ᠦᠨ ᠰᠡᠳᠦᠪ ᠬᠠᠷᠢᠭᠤᠯᠬᠤ ᠮᠠᠰᠢᠨ ᠵᠢᠡᠷ ᠬᠢᠴᠢᠶᠡᠯ ᠳᠡᠬᠡᠷᠡᠬᠢ ᠬᠢᠨᠠᠨ ᠰᠢᠯᠭᠠᠯᠲᠠ  ᠶ᠋ᠢᠨ ᠡᠭᠦᠷᠭᠡ ᠶ᠋ᠢ ᠪᠡᠶᠡᠯᠡᠭᠦᠯᠵᠦ᠂ ᠰᠡᠳᠦᠪ᠎ᠦᠨ ᠳᠤᠬᠠᠢ ᠦᠨᠡᠯᠡᠯᠲᠡ ᠬᠢᠯᠭᠡᠵᠡᠢ᠃

ᠥᠪᠡᠷᠮᠢᠴᠡ ᠣᠨᠴᠠᠯᠢᠭ᠋᠎ᠲᠠᠢ ᠦᠵᠡᠭᠦᠯᠭᠡ᠎ᠶᠢᠨ ᠬᠢᠴᠢᠶᠡᠯ ᠨᠢ ᠪᠦᠬᠦ ᠰᠤᠷᠭᠠᠭᠤᠯᠢ᠎ᠶᠢᠨ 150 ᠭᠠᠷᠤᠢ ᠪᠠᠭ᠍ᠰᠢ᠎ᠶᠢᠨ ᠠᠩᠬᠠᠷᠤᠯ ᠎ᠢ ᠲᠠᠲᠠᠪᠠ᠃ ᠬᠢᠴᠢᠶᠡᠯ᠎ᠦᠨ ᠳᠠᠷᠠᠭ᠎ᠠ᠂ ᠪᠠᠭ᠍ᠰᠢ ᠨᠠᠷ ᠪᠠᠰᠠ AI ᠬᠢᠴᠢᠶᠡᠯ᠎ᠦᠨ ᠲᠠᠩᠬᠢᠮ ᠎ᠤᠨ ᠪᠣᠳᠠᠲᠤ ᠲᠡᠮᠳᠡᠭᠯᠡᠯ᠎ᠦᠨ ᠵᠠᠳᠠᠯᠤᠯᠲᠠ᠎ᠶᠢᠨ ᠴᠢᠳᠠᠮᠵᠢ᠎ᠪᠠᠷ ᠳᠠᠮᠵᠢᠭᠤᠯᠤᠨ᠂ ᠵᠢᠭᠠᠨ ᠰᠤᠷᠭᠠᠯᠲᠠ᠎ᠶᠢᠨ ᠬᠠᠷᠠᠯᠲᠠ᠎ᠠᠴᠠ ᠵᠢᠭᠠᠨ ᠰᠤᠷᠭᠠᠯᠲᠠ᠎ᠶᠢᠨ ᠠᠷᠭ᠎ᠠ ᠵᠡᠷᠭᠡ ᠣᠯᠠᠨ ᠲᠠᠯ᠎ᠠ᠎ᠠᠴᠠ ᠵᠢᠭᠠᠨ ᠰᠤᠷᠭᠠᠯᠲᠠ᠎ᠶᠢᠨ ᠶᠠᠪᠤᠴᠠ᠎ᠶᠢ ᠵᠠᠳᠠᠯᠵᠤ᠂ ᠵᠢᠭᠠᠨ ᠰᠤᠷᠭᠠᠯᠲᠠ ᠪᠠᠨ ᠰᠢᠯᠢᠳᠡᠭᠵᠢᠭᠦᠯᠬᠦ ᠳᠤᠳᠤᠷᠬᠠᠢ ᠬᠠᠷᠠᠯᠳᠠ ᠳᠠᠢ ᠪᠤᠯᠤᠭᠰᠠᠨ ᠪᠠᠢᠨ᠎ᠠ᠃

《ᠡᠨᠡ ᠵᠢᠯ ᠪᠢᠳᠡ ᠲᠣᠭᠠᠴᠢᠯᠠᠯᠲᠠ᠎ᠶᠢᠨ ᠴᠠᠭ ᠦᠶᠡᠴᠢ ᠴᠢᠨᠠᠷ᠂ ᠪᠥᠬᠥ ᠲᠠᠯᠠᠴᠢ ᠴᠢᠨᠠᠷ᠂ ᠬᠥᠲᠥᠯᠥᠨ ᠳᠠᠭᠠᠭᠤᠯᠬᠤ ᠴᠢᠨᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠺᠧ ᠳ᠋ᠠ ᠰᠢᠶᠦ᠋ᠨ ᠹᠧᠢ ᠺᠣᠮᠫᠠᠨᠢ᠎ᠲᠠᠢ ᠭᠦᠨᠵᠡᠭᠡᠢ ᠬᠠᠮᠲᠤᠷᠠᠯᠴᠠᠨ᠂ ᠣᠶᠤᠨᠲᠤ ᠰᠠᠮᠪᠠᠷ᠎ᠠ᠂ ᠣᠶᠤᠨᠲᠤ ᠬᠢᠨᠠᠨ ᠤᠩᠰᠢᠬᠤ ᠮᠠᠰᠢᠨ᠂ ᠬᠢᠴᠢᠶᠡᠯ᠎ᠦᠨ ᠲᠠᠩᠬᠢᠮ᠎ᠤᠨ ᠪᠣᠳᠠᠲᠤ ᠲᠡᠮᠳᠡᠭᠯᠡᠯ᠎ᠦᠨ ᠵᠠᠳᠠᠯᠤᠯᠲᠠ ᠵᠡᠷᠭᠡ ᠰᠤᠷᠭᠠᠨ ᠬᠥᠮᠦᠵᠢᠯ᠎ᠦᠨ ᠪᠦᠲᠦᠭᠡᠭᠳᠡᠬᠦᠨ᠎ᠢ ᠤᠭᠰᠠᠷᠠᠵᠤ᠂ ᠲᠣᠭᠠᠴᠢᠯᠠᠯᠲᠠ᠎ᠪᠡᠷ ᠴᠢᠳᠠᠪᠤᠷᠢ ᠣᠯᠭᠣᠬᠤ ᠵᠢᠭᠠᠨ ᠰᠤᠷᠭᠠᠯᠳᠠ ᠪᠠ ᠰᠤᠷᠤᠯᠴᠠᠯᠭ᠎ᠠ᠎ᠶᠢᠨ ᠬᠤᠪᠢᠰᠤᠯᠲᠠ᠎ᠶᠢ ᠤᠯᠠᠮ ᠨᠢᠭᠡ ᠠᠯᠬᠤᠮ ᠳᠣᠪᠣᠶ᠋ᠢᠯᠭᠠᠵᠤ᠂ ᠪᠥᠬᠥ ᠣᠷᠴᠢᠨ ᠲᠣᠭᠣᠷᠢᠨ᠂ ᠪᠥᠬᠥ ᠬᠦᠴᠦᠨ ᠵᠦᠢᠯ᠎ᠦᠨ ᠣᠶᠤᠨᠴᠢ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠵᠠᠭᠪᠤᠷ᠎ᠢ ᠪᠣᠶ ᠪᠣᠯᠭᠠᠨ᠎ᠠ᠃ ᠪᠢᠳᠡ ᠪᠥᠬᠥ ᠰᠤᠷᠭᠠᠭᠤᠯᠢ᠎ᠶᠢᠨ ᠪᠠᠭ᠍ᠰᠢ ᠨᠠᠷ᠎ᠤᠨ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠦᠨ ᠬᠡᠷᠡᠭᠯᠡᠯᠲᠡ᠎ᠪᠡᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢᠶᠡᠨ ᠳᠡᠭᠡᠭᠰᠢᠯᠡᠭᠦᠯᠦᠨ᠎ᠡ 》 ᠭᠡᠵᠦ ᠹᠧᠩ ᠬᠤᠸᠠ ᠲᠤᠮᠳᠠᠳᠤ ᠰᠤᠷᠭᠠᠭᠤᠯᠢ᠎ᠶᠢᠨ ᠵᠠᠬᠢᠷᠤᠯ ᠵᠧᠦ ᠰᠢᠦᠸᠠᠢ ᠵᠢᠶᠦ᠋ᠨ ᠬᠡᠯᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号