ᠤᠮᠠᠷᠠᠲᠤ ᠬᠢᠯᠢ ᠪᠡᠷ ᠬᠠᠢᠷ᠎ᠡ ᠪᠢᠯᠬᠠᠵᠦ ᠪᠤᠭᠤᠳᠤ ᠬᠤᠳᠠ ᠪᠡᠷ ᠦᠵᠡᠮᠵᠢ ᠰᠤᠯᠤᠩᠭᠠᠷᠠᠨ᠎ᠠ
2025-10-14 09:36:19
ᠵᠣᠬᠢᠶᠠᠭ᠍ᠴᠢ᠄
ᠰᠥᠩ ᠠ ᠨᠠᠨ
ᠣᠩᠱᠢᠭ᠍ᠰᠠᠨ ᠣᠳᠠᠭ᠎ᠠ᠄
★★★☆☆

 2025 ᠣᠨ᠎ᠤ ᠨᠠᠶ᠋ᠮᠠᠨ ᠰᠠᠷ᠎ᠠ ᠵᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠤᠭᠤᠲᠤ ᠬᠣᠲᠠ《ᠬᠦᠷ ᠬᠦᠭᠵᠢᠶᠡᠨᠳᠤ ᠪᠤᠭᠤᠳᠤ ᠬᠤᠳᠠ·ᠳᠤᠮᠳᠠᠳᠤ ᠪᠠᠨ ᠮᠠᠭᠳᠠᠨ ᠳᠠᠭᠤᠯᠠᠶ᠎ᠠ》 ᠭᠡᠬᠦ᠌ 10 ᠶᠡᠬᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠲᠤᠬᠢᠷᠠᠭᠤᠯᠵᠤ᠂ ᠪᠥᠬᠥ᠌ ᠬᠣᠲᠠ᠎ᠶ᠋ᠢᠨ ᠦᠵᠡᠮᠵᠢ᠎ᠶ᠋ᠢᠨ ᠭᠠᠵᠠᠷ᠂ ᠰᠥᠨᠢ᠎ᠶ᠋ᠢᠨ ᠵᠠᠬ᠎ᠠ ᠵᠡᠭᠡᠯᠢ ᠲᠣᠭᠣᠷᠢᠭ᠂ ᠬᠤᠳᠠᠯᠳᠤᠭᠠᠨ᠎ᠤ ᠲᠠᠯᠠᠪᠤᠷ ᠵᠡᠷᠭᠡ ᠲᠠᠯᠠᠪᠤᠷ ᠭᠠᠵᠠᠷ᠎ᠲᠤ 120 ᠭᠠᠷᠤᠶ ᠵᠦᠶ᠋ᠯ᠎ᠦᠨ᠂ 600 ᠭᠠᠷᠤᠶ ᠲᠠᠯᠠᠪᠠᠢ ᠤᠳᠠᠭᠠᠨ᠎ᠤ ᠥᠪᠡᠷᠮᠢᠴᠡ ᠣᠨᠴᠠᠯᠢᠭ᠎ᠲᠠᠶ ᠠᠵᠢᠯᠯᠠᠭ᠎ᠠ᠎ᠶ᠋ᠢ ᠲᠥᠪᠯᠡᠷᠡᠭᠦᠯᠦᠨ ᠦᠷᠨᠢᠭᠦᠯᠵᠤ᠂ 10 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠵᠡᠷᠭᠡ ᠪᠡᠷ ᠭᠠᠷᠭᠠᠵᠤ᠂ ᠪᠥᠬᠥ᠌ ᠦᠵᠡᠮᠵᠢ᠂ ᠣᠯᠠᠨ ᠬᠠᠷᠠᠭᠠᠰᠤ᠎ᠪᠠᠷ ᠵᠢᠭᠤᠯᠴᠢᠯᠠᠭ᠍ᠰᠠᠳ᠎ᠲᠤ ᠠᠮᠠᠷᠠᠯᠲᠠ᠎ᠶ᠋ᠢᠨ ᠦᠪᠡᠳᠡᠭ᠌ᠰᠢ ᠳᠠᠢᠯᠠᠯᠭ᠎ᠠ᠎ᠶ᠋ᠢ ᠳᠡᠪᠱᠢᠭᠦᠯᠵᠦ᠍ ᠥᠭ᠌ᠬᠦ ᠪᠣᠯᠤᠨ᠎ᠠ᠃

10 ᠶᠡᠬᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠳ᠋ᠤ ᠬᠢᠯᠠᠰ ᠴᠡᠭ ᠲᠠᠰᠤᠷᠠᠯᠳᠠ ᠦᠭᠡᠢ ᠢᠯᠡᠷᠡᠨ᠎ᠠ᠃ ᠲᠩᠷᠢ᠎ᠶ᠋ᠢᠨ ᠳᠣᠣᠷᠠᠬᠢ ᠬᠠᠳᠤᠨ ᠭᠣᠣᠯ᠎ᠤᠨ ᠨᠢᠭᠡᠳᠦᠭᠡᠷ ᠲᠣᠰᠭᠣᠨ᠂ ᠨᠠᠨ ᠬᠠᠢ ᠨᠤᠭᠤ ᠭᠠᠵᠠᠷ᠎ᠤᠨ ᠦᠵᠡᠮᠵᠢ᠎ᠶ᠋ᠢᠨ ᠣᠷᠣᠨ ᠵᠡᠷᠭᠡ 《ᠬᠠᠳᠤᠨ ᠭᠣᠣᠯ ᠤ᠋ᠨ ᠠᠶ᠎ᠠ ᠳᠠᠭᠤᠤ》ᠠᠬᠤᠢ ᠲᠠᠯᠠᠪᠠᠢ᠎ᠳᠤ ᠮᠢᠩᠭᠠᠨ ᠬᠥᠮᠦᠨ᠎ᠦ ᠴᠠᠬᠢᠯᠭᠠᠨ ᠠᠶ᠎ᠠ ᠵᠢ ᠬᠠᠩᠭᠢᠨᠠᠭᠤᠯᠵᠤ᠂ ᠬᠦᠷ ᠬᠦᠭᠵᠢᠶᠡᠨᠳᠤ ᠳᠠᠭᠤᠤ ᠬᠥᠭ᠌ᠵᠢᠮ ᠤ᠋ᠨ ᠨᠠᠢᠷ ᠢ᠋ ᠤᠯᠠᠨ ᠳ᠋ᠤ ᠡᠷᠭᠦᠪᠡ; ᠪᠤᠭᠤᠳᠤ ᠵᠢᠨ ᠬᠦᠪᠦᠩ ᠤ᠋ᠨ ᠦᠢᠯᠡᠳᠪᠦᠷᠢ 1958᠂ ᠪᠤᠭᠤᠳᠤ ᠵᠢᠨ ᠶᠠᠪᠠᠭᠠᠨ ᠵᠡᠭᠡᠯᠢ ᠵᠡᠷᠭᠡ ᠵᠢᠨ《ᠵᠡᠭᠡᠯᠢ ᠭᠤᠳᠤᠮᠵᠢ》 ᠵᠢᠨ ᠠᠬᠤᠢ ᠲᠠᠯᠠᠪᠠᠢ ᠳ᠋ᠤ᠂ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ 《ᠰᠠᠷᠠᠨ᠎ᠳᠤ ᠮᠥᠷᠭᠥᠬᠦ᠌ ᠶᠣᠰᠣᠯᠠᠯ》᠂ ᠤᠯᠤᠰ᠎ᠤᠨ ᠪᠠᠶᠠᠷ᠎ᠤᠨ ᠵᠠᠯᠠᠭᠤᠴᠤᠳ᠎ᠤᠨ ᠵᠠᠬ᠎ᠠ ᠳᠡᠯᠭᠡᠭᠦᠷ ᠵᠡᠷᠭᠡ ᠠᠵᠢᠯᠯᠠᠭ᠎ᠠ ᠲᠤᠬᠢᠷᠠᠭᠤᠯᠵᠤ᠂ 《ᠡᠷᠲᠡᠨ᠎ᠦ ᠵᠠᠩᠰᠢᠯ ᠪᠣᠯᠤᠨ ᠤᠳᠤ ᠴᠠᠭ ᠤ᠋ᠨ ᠤᠷᠤᠰᠭᠠᠯ》 ᠤ᠋ᠨ ᠭᠣᠢᠳᠠ ᠰᠠᠢᠬᠠᠨ ᠶᠠᠷᠢᠯᠴᠠᠭ᠎ᠠ᠎ᠶ᠋ᠢ ᠦᠵᠡᠭᠦᠯᠪᠡ; ᠸᠠᠨ ᠳ᠋ᠠ ᠠᠭᠤᠳᠠᠮ ᠲᠠᠯᠠᠪᠠᠢ᠂ ᠮᠤᠤ ᠶᠧ ᠲᠢᠶᠠᠨ ᠳ᠋ᠢ ᠵᠡᠷᠭᠡ 《ᠬᠤᠳᠠᠯᠳᠤᠭᠠᠨ᠎ᠤ ᠲᠣᠭᠣᠷᠢᠭ》 ᠤ᠋ᠨ ᠠᠬᠤᠢ ᠲᠠᠯᠠᠪᠠᠢ᠎ᠳᠦ᠂ ᠱᠣᠭ ᠶᠠᠷᠢᠶ᠎ᠠ ᠰᠣᠨᠣᠰᠴᠤ᠌᠂ ᠱᠣᠣᠮᠠᠢ ᠱᠣᠭ ᠵᠦᠴᠦᠭᠡ ᠦᠵᠡᠵᠦ᠍᠂ ᠬᠤᠳᠠ᠎ᠶ᠋ᠢᠨ ᠠᠷᠠᠳ᠎ᠤᠨ ᠳᠠᠭᠤᠤ ᠳᠠᠭᠤᠯᠠᠵᠤ᠂ ᠢᠨᠢᠶᠡᠳᠤ ᠪᠠᠶᠡᠷ ᠵᠢᠡᠷ ᠪᠢᠯᠬᠠᠨ᠎ᠠ; ᠰᠠᠢᠬᠠᠨᠲᠠᠯ᠎ᠠ᠂ ᠪᠤᠭᠤᠲᠤ᠎ᠶ᠋ᠢᠨ ᠡᠷᠲᠡᠨ᠎ᠦ ᠬᠣᠲᠠ ᠵᠡᠷᠭᠡ ᠦᠵᠡᠮᠵᠢ ᠵᠢᠨ ᠤᠷᠤᠨ ᠤ᠋ ᠠᠬᠤᠢ ᠲᠠᠯᠠᠪᠠᠢ ᠳ᠋ᠤ᠂ 《ᠦᠵᠡᠰᠭᠦᠯᠡᠩᠲᠦ ᠰᠠᠢᠬᠠᠨ ᠮᠢᠨᠦ ᠨᠤᠲᠤᠭ》ᠭᠡᠬᠦ᠌ ᠤᠯᠤᠰ᠎ᠤᠨ ᠪᠠᠶᠠᠷ᠎ᠤᠨ ᠳᠠᠭᠤᠤ ᠬᠥᠭ᠌ᠵᠢᠮ᠎ᠦᠨ ᠴᠤᠭ᠍ᠯᠠᠭᠠᠨ᠂ ᠪᠤᠭᠤᠲᠤ᠎ᠶ᠋ᠢᠨ ᠮᠢᠩᠭᠠᠨ ᠳ᠋ᠧᠩ᠎ᠦᠨ ᠴᠤᠭ᠍ᠯᠠᠭᠠᠨ᠂ ᠲᠤᠤᠷᠠᠶ ᠤᠯᠢᠶᠠᠰᠤ ᠵᠢᠨ ᠤᠢ ᠪᠡᠷ ᠥᠪᠡᠷ ᠵᠢᠡᠨ ᠲᠡᠷᠭᠡ ᠵᠢᠯᠤᠭᠤᠳᠴᠤ ᠲᠤᠭᠤᠷᠢᠬᠤ ᠵᠡᠷᠭᠡ ᠠᠵᠢᠯᠯᠠᠭ᠎ᠠ ᠭᠠᠷᠭᠠᠪᠠ; ᠵᠢᠦᠶᠤᠸᠠᠨ᠎ᠤ ᠾᠧᠩ ᠱᠤ᠌ ᠵᠡᠭᠡᠯᠢ᠂ ᠳ᠋ᠦᠩ ᠳ᠋ᠡ ᠱᠠᠨ ᠤᠷᠠᠯᠢᠭ᠎ᠤᠨ ᠲᠥᠪ ᠵᠡᠷᠭᠡ《ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ》 ᠤ᠋ ᠠᠬᠤᠶ ᠲᠠᠯᠠᠪᠠᠢ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ᠎ᠢ ᠠᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ ᠎ᠢ ᠪᠡᠶᠡᠴᠢᠯᠡᠨ ᠣᠢᠯᠠᠭᠠᠵᠤ ᠪᠤᠯᠤᠨ᠎ᠠ; ᠪᠤᠭᠤᠲᠤ᠎ᠶ᠋ᠢᠨ ᠶᠡᠬᠡ ᠲᠢᠶᠠᠲᠷ᠂ ᠪᠠᠭ᠎ᠠ ᠲᠢᠶᠠᠲᠷ ᠵᠡᠷᠭᠡ 《ᠲᠢᠶᠠᠲᠷ᠎ᠤᠨ ᠮᠠᠭ᠍ᠲᠠᠭᠠᠯ》ᠤ᠋ᠨ ᠠᠬᠤᠢ ᠲᠠᠯᠠᠪᠠᠢ᠎ᠳᠤ᠂ ᠤᠯᠤᠰ᠎ᠤᠨ ᠪᠠᠶᠠᠷ᠎ᠤᠨ ᠨᠠᠢᠷᠠᠯ ᠬᠥᠭ᠌ᠵᠢᠮ᠎ᠦᠨ ᠦᠳᠡᠱᠢᠯᠡᠭᠡ᠂ ᠵᠤᠭᠤᠭ ᠤ᠋ᠨ ᠱᠤᠹ᠂ ᠬᠡᠦᠬᠡᠳ᠎ᠦᠨ ᠵᠦᠴᠦᠭᠡ ᠲᠤᠬᠢᠷᠠᠭᠤᠯᠵᠤ᠂ ᠡᠯ᠎ᠡ ᠨᠠᠰᠤᠨ᠎ᠤ ᠵᠢᠭᠤᠯᠴᠢᠯᠠᠭᠰᠠᠳ ᠲᠤ᠌ ᠴᠥᠮ ᠬᠠᠪᠤ ᠴᠡᠩᠭᠡᠯ᠎ᠢ ᠣᠯᠭᠣᠨ᠎ᠠ; ᠪᠤᠭᠤᠲᠤ᠎ᠶ᠋ᠢᠨ ᠮᠦᠽᠧᠢ᠂ ᠤᠷᠠᠨ ᠵᠢᠷᠤᠭ᠎ᠤᠨ ᠣᠷᠳᠣᠨ ᠵᠡᠷᠭᠡ 《ᠰᠣᠶᠣᠯ᠎ᠤᠨ ᠦᠵᠡᠰᠭᠦᠯᠡᠩ》 ᠤ᠋ᠨ ᠠᠬᠤᠢ ᠲᠠᠯᠠᠪᠠᠢ᠎ᠳᠤ᠂ 《ᠡᠭᠡ ᠤᠯᠤᠰ᠎ᠤᠨ ᠮᠡᠨᠳᠦᠯᠡᠭ᠌ᠰᠡᠨ ᠡᠳᠦᠷ᠎ᠢ ᠬᠠᠮᠲᠤ᠎ᠪᠠᠷ ᠪᠡᠯᠭᠡᠯᠡᠵᠤ ᠲᠡᠤᠬᠡᠨ ᠳᠤᠷᠠᠰᠬᠠᠯ ᠢ᠋ ᠤᠯᠠᠮᠵᠢᠯᠠᠬᠤᠢ》ᠣᠨᠴᠠᠭᠠᠢ ᠦᠵᠡᠰᠭᠦᠯᠡᠩ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠤᠷᠠᠯᠢᠭ᠎ᠤᠨ ᠪᠦᠲᠦᠭᠡᠯ᠎ᠦᠨ ᠴᠤᠭ᠍ᠯᠠᠭᠠᠨ ᠲᠤᠬᠢᠷᠠᠭᠤᠯᠵᠤ᠂ ᠬᠤᠳᠠ᠎ᠶ᠋ᠢᠨ ᠭᠦᠨ ᠵᠤᠵᠠᠭᠠᠨ ᠰᠣᠶᠣᠯ᠎ᠤᠨ ᠠᠭᠤᠯᠤᠭᠳᠠᠬᠤᠨ ᠢ᠋ ᠦᠵᠡᠭᠦᠯᠪᠡ;ᠸᠠᠩ ᠷᠦᠸᠸ ᠹᠸᠢ ᠵᠢᠨ ᠳᠤᠷᠠᠰᠭᠠᠯ᠎ᠤᠨ ᠣᠷᠳᠣᠨ᠂ ᠲᠢᠶᠠᠨ ᠾᠧ ᠵᠢᠮᠢᠰ ᠲᠡᠭᠦᠬᠦ᠌ ᠬᠦᠷᠢᠶᠡᠯᠡᠩ ᠵᠡᠷᠭᠡ《ᠬᠡᠦᠬᠡᠳ᠎ᠦᠨ ᠰᠤᠳᠤᠯᠤᠨ ᠰᠤᠷᠤᠯᠴᠠᠬᠤ ᠵᠤᠭ᠎ᠠ ᠴᠡᠩᠭᠡᠯ》ᠤ᠋ᠨ ᠠᠬᠤᠢ ᠲᠠᠯᠠᠪᠠᠢ᠎ᠳᠤ᠂ ᠭᠠᠢᠬᠠᠮᠱᠢᠭ᠍ᠲᠤ ᠣᠨ ᠰᠠᠷ᠎ᠠ᠎ᠶ᠋ᠢ ᠲᠠᠬᠢᠨ ᠡᠷᠭᠢᠴᠡᠭᠦᠯᠬᠦ᠂ ᠬᠠᠯᠠᠭᠤᠨ ᠪᠦᠰᠡᠨ᠎ᠦ ᠪᠣᠷᠣᠭᠠᠨᠲᠤ ᠤᠢ᠎ᠶ᠋ᠢᠨ ᠬᠠᠴᠢᠨ ᠭᠠᠢᠬᠠᠮᠱᠢᠭ᠍ᠲᠤ ᠠᠮᠢᠳᠠᠨ ᠵᠡᠷᠭᠡ ᠠᠵᠢᠯᠯᠠᠭ᠎ᠠ ᠲᠤᠬᠢᠷᠠᠭᠤᠯᠵᠤ᠂ ᠵᠢᠭᠤᠯᠴᠢᠯᠠᠭᠰᠠᠳ ᠤ᠋ᠨ ᠤᠯᠤᠰ ᠵᠢᠡᠨ ᠬᠠᠢᠷᠠᠯᠠᠬᠤ ᠤᠭ ᠰᠠᠨᠠᠭ᠎ᠠ ᠵᠢ ᠪᠠᠳᠤᠳᠬᠠᠵᠤ᠂ ᠡᠬᠡ ᠪᠠᠢᠭᠠᠯᠢ᠎ᠶ᠋ᠢ ᠨᠡᠩ ᠳᠣᠲᠣᠨᠣᠴᠢᠯᠠᠬᠤ ᠪᠤᠯᠭᠠᠪᠠ;ᠪᠤᠭᠤᠲᠤ ᠳ᠋ᠡᠬᠢ ᠪᠠᠷᠠᠭᠤᠨ ᠪᠤᠭᠤᠮᠳᠠ ᠪᠡᠷ ᠭᠠᠷᠤᠭᠰᠠᠨ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠪᠤᠭᠤᠲᠤ᠎ᠶ᠋ᠢᠨ ᠵᠢᠨ ᠵᠢᠶᠸ ᠵᠡᠭᠡᠯᠢ ᠵᠡᠷᠭᠡ《ᠪᠠᠷᠠᠭᠤᠨ ᠪᠤᠭᠤᠮᠳᠠ ᠪᠡᠷ ᠭᠠᠷᠤᠭᠰᠠᠨ ᠲᠦᠷᠦᠯ ᠰᠠᠳᠤᠨ᠎ᠢᠶᠠᠨ ᠡᠷᠬᠢᠨ ᠦᠵᠡᠬᠦ᠌》 ᠠᠬᠤᠢ ᠲᠠᠯᠠᠪᠠᠢ᠎ᠳᠦ᠂ 《ᠬᠠᠭᠤᠴᠢᠨ ᠪᠤᠭᠤᠲᠤ》 ᠵᠢᠨ ᠰᠣᠶᠣᠯ᠎ᠤᠨ ᠲᠣᠭ᠍ᠯᠠᠯᠲᠠ᠂ ᠤᠯᠠᠮᠵᠢᠯᠠᠯᠲᠤ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ ᠵᠡᠷᠭᠡ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠭᠰᠠᠳ᠎ᠲᠤ ᠪᠠᠷᠠᠭᠤᠨ ᠪᠤᠭᠤᠮᠳᠠ ᠪᠡᠷ ᠭᠠᠷᠤᠭᠰᠠᠨ ᠰᠣᠶᠣᠯ᠎ᠤᠨ ᠭᠦᠨ ᠵᠤᠵᠠᠭᠠᠨ ᠰᠠᠭᠤᠷᠢ ᠪᠠ ᠤᠯᠠᠮᠵᠢᠯᠠᠯ᠎ᠢ ᠮᠡᠳᠡᠷᠡᠭᠦᠯᠦᠨ᠎ᠠ; ᠲᠤᠤ ᠮᠠ ᠭᠸᠦ ᠲᠠᠷᠢᠶᠠᠯᠠᠩ᠎ᠤᠨ ᠡᠳ᠋ᠯᠡᠩ᠂ ᠬᠡᠭᠡᠷ᠎ᠡ ᠪᠠᠭᠤᠳᠠᠯᠯᠠᠬᠤ ᠭᠠᠵᠠᠷ ᠵᠡᠷᠭᠡ《ᠬᠥᠳᠡᠭᠡ ᠲᠣᠰᠭᠣᠨ᠎ᠤ ᠪᠠᠶᠠᠷ ᠬᠦᠷ》 ᠤ᠋ᠨ ᠠᠬᠤᠢ ᠲᠠᠯᠠᠪᠠᠢ ᠳ᠋ᠤ᠂ ᠱᠣᠭ ᠵᠦᠴᠦᠭᠡ᠂ ᠪᠣᠳᠠᠲᠤ ᠦᠵᠡᠭ᠌ᠳᠡᠯᠲᠦ ᠵᠦᠴᠦᠭᠡ᠂ ᠬᠡᠭᠡᠷ᠎ᠡ ᠪᠠᠭᠤᠳᠠᠯᠯᠠᠬᠤ ᠵᠡᠷᠭᠡ ᠵᠢ ᠲᠤᠬᠢᠷᠠᠭᠤᠯᠵᠤ᠂ ᠵᠢᠭᠤᠯᠴᠢᠯᠠᠭᠰᠠᠳ ᠢ᠋ 《ᠲᠣᠭᠣᠷᠢᠨ ᠦᠵᠡᠭ᠌ᠴᠢ》 ᠡᠴᠡ 《ᠣᠷᠣᠯᠴᠠᠭ᠍ᠴᠢ》 ᠪᠣᠯᠭᠠᠵᠤ᠂ ᠪᠠᠶᠠᠷ ᠪᠠᠶᠠᠰᠤᠯ᠎ᠢ ᠡᠳ᠋ᠯᠡᠭᠦᠯᠦᠨ᠎ᠡ᠃

《ᠬᠤᠪᠢᠰᠭᠠᠯ᠎ᠤᠨ ᠤᠯᠠ ᠮᠦᠷ·ᠤᠭ ᠰᠠᠨᠠᠭ᠎ᠠ ᠵᠢᠨ ᠭᠠᠵᠠᠷ》᠂ 《ᠪᠤᠯᠤᠳ ᠳᠠᠮᠤᠷ᠎ᠦᠨ ᠨᠢᠷᠤᠭᠤ· ᠪᠤᠯᠤᠳ ᠬᠤᠳᠠ᠎ᠶ᠋ᠢᠨ ᠦᠳᠡᠰᠢ》᠂ 《ᠲᠠᠯ᠎ᠠ ᠨᠤᠲᠤᠭ ᠎ᠤᠨ ᠨᠠᠮᠤᠷ·ᠮᠠᠯᠵᠢᠯ ᠤ᠋ᠨ ᠳᠠᠭᠤᠤ》᠂《ᠤᠷᠳᠤ ᠴᠠᠭᠠᠨ ᠬᠡᠷᠡᠮ᠎ᠦᠨ ᠳᠣᠲᠣᠨ᠎ᠠ ᠭᠠᠳᠠᠨ᠎ᠠ·ᠬᠢᠯᠢ ᠬᠢᠵᠠᠭᠠᠷ ᠤ᠋ᠨ ᠬᠠᠢᠷ᠎ᠠ ᠰᠡᠳᠭᠢᠯᠭᠡ》᠂ 《ᠬᠠᠳᠤᠨ ᠭᠣᠣᠯ ᠎ᠤᠨ ᠬᠦᠪᠡᠬᠡ·ᠡᠷᠲᠡᠨ᠎ᠦ ᠦᠩᠬᠡ》᠂《ᠪᠣᠳᠠᠰ᠎ᠤᠨ ᠪᠤᠰᠤ ᠰᠣᠶᠣᠯ᠎ᠤᠨ ᠥᠪ ᠎ᠢ ᠬᠠᠢᠬᠤᠢ·ᠤᠷᠠᠨ ᠳᠠᠷᠬᠠᠨ᠎ᠤ ᠰᠡᠳᠭᠢᠯ》᠂ 《ᠦᠵᠡᠰᠭᠦᠯᠡᠩᠳᠤ ᠨᠠᠢᠷᠠᠮᠳᠠᠭᠤ ᠬᠥᠳᠡᠭᠡ ᠲᠣᠰᠭᠣᠨ·ᠡᠯᠪᠡᠭ ᠬᠤᠷᠢᠶᠠᠯᠲᠠ᠎ᠶ᠋ᠢᠨ ᠳᠠᠢᠯᠠᠯᠭ᠎ᠠ》᠂ 《ᠪᠠᠷᠠᠭᠤᠨ ᠪᠣᠭᠣᠮᠲᠠ᠎ᠶ᠋ᠢᠨ ᠬᠠᠢᠷ᠎ᠠ ᠰᠡᠳᠭᠢᠯᠭᠡ·ᠨᠤᠲᠤᠭ ᠪᠤᠴᠠᠬᠤ ᠵᠠᠮ》᠂《ᠤᠷᠤᠰᠬᠠᠯᠳᠤ ᠵᠡᠭᠡᠯᠢ·ᠠᠮᠢᠳᠤᠷᠠᠯ ᠤ᠋ᠨ ᠠᠭᠤᠷ ᠠᠮᠢᠰᠬᠤᠯ》᠂ 《ᠰᠤᠶᠤᠯ ᠤ᠋ᠨ ᠦᠯᠡᠳᠡᠭᠳᠡᠯ》 ᠵᠡᠷᠭᠡ 10 ᠰᠤᠳᠤᠨ ᠵᠢᠭᠤᠯᠴᠢᠯᠠᠯ ᠤ᠋ᠨ ᠱᠤᠭᠤᠮ ᠨᠢ ᠥᠪᠡᠷᠮᠢᠴᠡ ᠰᠣᠶᠣᠯ ᠵᠢᠭᠤᠯᠴᠢᠯᠠᠯ᠎ᠤᠨ ᠳᠤᠷᠠᠰᠤᠮᠵᠢ ᠵᠢ ᠬᠤᠯᠪᠤᠵᠤ᠂ ᠥᠷᠭᠡᠨ ᠣᠯᠠᠨ ᠵᠢᠭᠤᠯᠴᠢᠯᠠᠭᠰᠠᠳ ᠲᠤ᠌ ᠬᠠᠳᠤᠨ ᠭᠤᠤᠯ ᠎ᠤᠨ ᠰᠦᠷᠯᠢᠭ ᠰᠠᠢᠬᠠᠨ᠂ ᠠᠵᠤ ᠦᠢᠯᠡᠳᠪᠦᠷᠢ᠎ᠶ᠋ᠢᠨ ᠰᠠᠭᠤᠷᠢ᠂ ᠪᠠᠷᠠᠭᠤᠨ ᠪᠤᠭᠤᠮᠳᠠ ᠵᠢᠨ ᠵᠠᠩ ᠦᠢᠯᠡ᠂ ᠬᠤᠳᠠ᠎ᠶ᠋ᠢᠨ ᠠᠷᠠᠳ ᠤ᠋ᠨ ᠠᠮᠢᠳᠤᠷᠠᠯ ᠢ᠋ ᠤᠢᠯᠠᠭᠠᠭᠤᠯᠵᠤ᠂ 《ᠨᠢᠭᠡ ᠱᠤᠭᠤᠮ ᠵᠢᠡᠷ ᠤᠯᠠᠨ ᠵᠦᠢᠯ ᠢ᠋ ᠬᠠᠷᠠᠭᠤᠯᠬᠤ》  ᠵᠢ  ᠪᠡᠶᠡᠯᠡᠭᠦᠯᠪᠡ᠃

ᠬᠠᠲᠤᠨ ᠭᠤᠤᠯ ᠡᠴᠡ ᠵᠡᠭᠡᠯᠢ ᠲᠣᠭᠣᠷᠢᠭ ᠬᠦᠷᠲᠡᠯ᠎ᠡ᠂ ᠬᠤᠳᠠᠯᠳᠤᠭᠠᠨ᠎ᠤ ᠲᠣᠭᠣᠷᠢᠭ ᠡᠴᠡ ᠬᠥᠳᠡᠭᠡ ᠲᠣᠰᠭᠣᠨ ᠬᠦᠷᠲᠡᠯ᠎ᠡ᠂ ᠪᠤᠭᠤᠲᠤ ᠬᠣᠲᠠ ᠡᠯᠪᠡᠭ ᠪᠠᠶᠠᠯᠢᠭ ᠣᠯᠠᠨ ᠡᠱᠢᠲᠦ ᠰᠣᠶᠣᠯ ᠵᠢᠭᠤᠯᠴᠢᠯᠠᠯ ᠎ᠤᠨ ᠠᠵᠢᠯᠯᠠᠭ᠎ᠠ ᠎ᠪᠠᠷ ᠠᠮᠠᠷᠠᠯᠲᠠ ᠎ᠶ᠋ᠢᠨ ᠡᠳᠦᠷ᠎ᠦᠨ ᠬᠡᠷᠡᠭ᠌ᠯᠡᠭᠡ᠎ᠶ᠋ᠢ ᠬᠥᠭ᠌ᠵᠢᠭᠡᠪᠡ᠃  ᠤᠮᠠᠷᠠᠲᠤ ᠬᠢᠯᠢ᠎ᠶ᠋ᠢᠨ ᠪᠤᠭᠤᠳᠤ ᠲᠠ ᠨᠠᠷ ᠵᠢᠡᠨ ᠪᠠᠶᠠᠷᠯᠠᠨ ᠤᠭᠳᠤᠬᠤ ᠴᠢᠩ ᠦᠨᠡᠨᠴᠢ ᠤᠷᠢᠯᠭ᠎ᠠ ᠎ᠶ᠋ᠢ ᠨᠢᠭᠡᠨᠲᠡ ᠲᠠᠷᠬᠠᠭᠠᠵᠤ᠂ ᠳᠦᠷᠪᠡᠨ ᠵᠦᠭ ᠨᠠᠢ᠍ᠮᠠᠨ ᠵᠣᠪᠬᠢᠰ᠎ᠤᠨ ᠵᠢᠭᠤᠯᠴᠢᠯᠠᠭ᠍ᠰᠠᠳ ᠡᠨᠡ ᠤᠳᠠᠭᠠᠨ ᠎ᠤ ᠰᠣᠶᠣᠯ ᠵᠢᠭᠤᠯᠴᠢᠯᠠᠯ᠎ᠤᠨ ᠦᠪᠡᠳᠡᠭ᠌ᠰᠢ ᠳᠠᠢᠯᠠᠯᠭ᠎ᠠ᠎ᠳᠤ ᠣᠷᠣᠯᠴᠠᠬᠤ᠎ᠶ᠋ᠢ ᠬᠦᠯᠢᠶᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号