ᠪᠤᠤ ᠭᠠᠩ ᠬᠤᠷᠠᠯ᠎ᠢ ᠡᠷᠬᠢᠯᠡᠪᠡ
10 ᠰᠠᠷ᠎ᠠ᠎ᠶᠢᠨ 13᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠠᠭ᠍ᠴᠢ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃
ᠬᠤᠷᠠᠯ᠎ᠡᠴᠡ 9 ᠰᠠᠷ᠎ᠠ᠎ᠶᠢᠨ 29᠎ᠤ᠋ ᠡᠳᠦᠷ᠎ᠦᠨ ᠨᠠᠮ᠎ᠤᠨ ᠲᠥᠪ ᠬᠣᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠬᠤᠷᠠᠯ᠎ᠤᠨ ᠵᠣᠷᠢᠭ᠋ ᠰᠠᠨᠠᠭ᠎ᠠ᠂ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠲᠥᠪ ᠬᠣᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠬᠣᠷᠢᠨ ᠬᠣᠶᠠᠳᠤᠭᠠᠷ ᠤᠳᠠᠭ᠎ᠠ ᠵᠢᠨ ᠬᠠᠮᠲᠤ᠎ᠶᠢᠨ ᠰᠤᠷᠤᠯᠴᠠᠯᠭ᠎ᠠ᠂ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠷᠢᠯᠳᠦᠯ ᠪᠠ ᠬᠥᠭᠵᠢᠯᠲᠡ ᠪᠣᠯ ᠬᠥᠮᠥᠰ᠎ᠦᠨ ᠰᠡᠳᠬᠢᠯ᠎ᠦᠨ ᠬᠠᠨᠳᠤᠰᠢ᠂ ᠴᠠᠭ᠎ᠤᠨ ᠪᠠᠢᠳᠠᠯ᠎ᠤᠨ ᠬᠠᠨᠳᠤᠰᠢ᠂ ᠲᠡᠦᠬᠡ᠎ᠶᠢᠨ ᠵᠠᠢᠯᠠᠰᠢ ᠦᠭᠡᠢ ᠬᠠᠨᠳᠤᠰᠢ ᠮᠥᠨ》 ᠭᠡᠬᠦ ᠴᠢᠬᠤᠯᠠ ᠵᠣᠬᠢᠶᠠᠯ᠎ᠤᠨ ᠵᠣᠷᠢᠭ᠋ ᠰᠠᠨᠠᠭ᠎ᠠ ᠵᠡᠷᠭᠡ ᠶ᠋ᠢ ᠤᠯᠠᠮᠵᠢᠯᠠᠨ ᠰᠤᠷᠤᠯᠴᠠᠵᠦ᠂ 《ᠵᠢᠷᠭᠤᠭ᠎ᠠ᠎ᠶᠢ ᠪᠠᠷᠢᠮᠲᠠᠯᠠᠬᠤ》 ᠵᠢᠨ ᠴᠢᠬᠤᠯᠠ ᠱᠠᠭᠠᠷᠳᠠᠯᠭ᠎ᠠ᠎ᠶᠢ ᠪᠠᠲᠤ ᠡᠵᠡᠮᠳᠡᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠨᠠᠷᠢᠨ ᠨᠢᠮᠪᠠᠢ ᠰᠠᠢᠲᠤᠷ ᠨᠠᠢᠷᠠᠭᠤᠯᠤᠨ ᠵᠣᠬᠢᠶᠠᠵᠤ᠂ ᠨᠢᠭᠡ ᠪᠦᠯᠦᠭ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠬᠦᠯᠬᠦ ᠪᠠ ᠰᠢᠨ᠎ᠡ ᠢᠷᠡᠭᠡᠳᠦᠢ᠎ᠶᠢᠨ ᠠᠵᠤ ᠦᠢᠯᠡᠰ᠎ᠦᠨ ᠲᠦᠷᠦᠯ ᠵᠦᠢᠯ᠎ᠢ ᠭᠦᠨᠵᠡᠭᠡᠢ ᠰᠦᠪᠡᠭᠴᠢᠯᠡᠵᠦ᠂ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠢᠶᠠᠷ ᠲᠤᠯᠭᠠᠭᠤᠷᠢᠯᠠᠯ ᠪᠣᠯᠭᠠᠵᠤ᠂ ᠲᠡᠷᠢᠭᠦᠨ᠎ᠦ ᠦᠢᠯᠡᠳᠬᠦ ᠦᠢᠯᠡᠰ᠎ᠢᠶᠡᠷ ᠭᠣᠣᠯᠯᠠᠭ᠍ᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠲᠠᠢ ᠨᠢᠭ᠍ᠲᠠ ᠤᠶᠠᠯᠳᠤᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠦᠨᠳᠦᠰᠦᠲᠡᠨ ᠱᠠᠰᠢᠨ ᠰᠤᠷᠲᠠᠬᠤᠨ᠎ᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭᠲᠡᠢ᠃ ᠣᠳᠣᠬᠠᠨ᠎ᠳᠤ ᠠᠵᠤ ᠠᠬᠤᠢ᠎ᠶᠢᠨ ᠡᠷᠭᠢᠯᠳᠡ ᠵᠢᠨ ᠪᠠᠢᠳᠠᠯ᠎ᠢ ᠭᠦᠨᠵᠡᠭᠡᠢ ᠵᠠᠳᠠᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠨᠠᠷᠢᠯᠢᠭ᠋ ᠣᠨᠣᠴᠠᠲᠠᠢ ᠲᠣᠬᠢᠷᠠᠭᠤᠯᠬᠤ ᠠᠵᠢᠯ᠎ᠢ ᠥᠷᠨᠢᠭᠦᠯᠵᠦ᠂ ᠦᠨᠳᠦᠰᠦᠨ ᠱᠠᠲᠤ᠎ᠲᠠᠢ ᠬᠠᠮᠲᠤ ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠦᠬᠦ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠵᠠᠰᠠᠭ᠎ᠤᠨ ᠣᠷᠳᠣᠨ᠎ᠤ ᠲᠤᠰ ᠪᠡᠶ᠎ᠡ᠎ᠶᠢᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠴᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠠᠬᠢᠨ ᠰᠤᠷᠤᠯᠴᠠᠨ ᠲᠠᠬᠢᠨ ᠣᠢᠯᠠᠭᠠᠵᠤ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠬᠦᠷᠢᠶ᠎ᠡ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠱᠠᠲᠤ ᠳᠠᠪᠬᠤᠷᠭ᠎ᠠ᠎ᠶᠢᠨ ᠬᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠤᠷᠠᠯ ᠬᠢᠬᠦ᠂ ᠪᠠᠢᠴᠠᠭᠠᠨ ᠰᠤᠳᠤᠯᠬᠤ᠂ ᠠᠯᠪᠠᠨ ᠪᠢᠴᠢᠭ ᠰᠢᠢᠳᠪᠦᠷᠢᠯᠡᠵᠦ ᠤᠴᠢᠷ ᠶᠠᠪᠤᠳᠠᠯ ᠰᠢᠢᠳᠪᠦᠷᠢᠯᠡᠬᠦ᠎ᠳᠡᠭᠡᠨ ᠴᠥᠮ ᠵᠥᠷᠢᠴᠡᠯ᠎ᠳᠦ ᠰᠢᠭᠤᠳ ᠬᠠᠨᠳᠤᠵᠤ᠂ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃ ᠤᠷᠤᠨ ᠪᠠᠢᠷᠢ ᠪᠠᠨ ᠰᠣᠯᠢᠵᠤ ᠰᠡᠳᠬᠢᠬᠦ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠳᠤ ᠦᠢᠯᠡᠴᠢᠯᠡᠬᠦ ᠣᠢᠯᠠᠭᠠᠭᠳᠠᠬᠤᠨ᠎ᠢᠶᠠᠨ ᠴᠢᠩᠭᠠᠳᠬᠠᠵᠤ᠂ ᠬᠤᠷᠠᠯ᠎ᠢ ᠤᠬᠤᠷ ᠬᠢᠵᠦ᠂ ᠦᠭᠡ ᠵᠢ ᠠᠪᠰᠠᠷ ᠶᠠᠷᠢᠵᠤ᠂ ᠪᠣᠳᠠᠲᠦ ᠶᠠᠪᠤᠳᠠᠯ ᠬᠢᠵᠦ᠂ ᠪᠦᠬᠦ ᠬᠦᠴᠦᠨ᠎ᠢᠶᠡᠷ᠎ᠢᠶᠡᠨ ᠦᠨᠳᠦᠰᠦᠨ ᠱᠠᠲᠤ᠎ᠶᠢ ᠬᠠᠪᠰᠤᠷᠤᠨ ᠬᠦᠴᠢᠷ ᠠᠰᠠᠭᠤᠳᠠᠯ᠎ᠢ ᠨᠢ ᠰᠢᠢᠳᠪᠦᠷᠢᠯᠡᠬᠦ ᠬᠡᠷᠡᠭᠲᠡᠢ᠃ ᠸᠠᠩ ᠯᠢ ᠰᠢᠶᠠ᠎ᠶᠢᠨ ᠰᠠᠬᠢᠯᠭ᠎ᠠ ᠪᠠᠲᠦ ᠬᠠᠤᠯᠢ ᠴᠠᠭᠠᠵᠠ ᠵᠢ ᠬᠦᠨᠳᠦ ᠨᠣᠴᠢᠲᠠᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ ᠬᠡᠷᠡᠭ᠎ᠢᠶᠡᠷ ᠲᠣᠯᠢ ᠪᠣᠯᠭᠠᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ᠎ᠶᠢ ᠴᠢᠩᠭᠠᠳᠬᠠᠵᠤ᠂ ᠣᠨᠴᠠ ᠡᠷᠬᠡ ᠶᠠᠪᠤᠭᠤᠯᠬᠤ ᠦᠭᠡᠢ᠂ ᠬᠤᠪᠢ᠎ᠶᠢᠨ ᠠᠰᠢᠭ᠋ ᠬᠥᠭᠡᠭᠡᠴᠡᠯᠳᠦᠬᠦ ᠦᠭᠡᠢ ᠪᠠᠢᠵᠤ᠂ ᠳᠦᠷᠢᠮ᠎ᠢ ᠵᠥᠷᠢᠴᠡᠨ ᠪᠠᠷᠢᠯᠭ᠎ᠠ ᠵᠢᠨ ᠲᠦᠷᠦᠯ ᠵᠦᠢᠯ᠂ ᠪᠡᠯᠡ ᠮᠥᠩᠭᠥ᠎ᠶᠢᠨ ᠬᠤᠪᠢᠶᠠᠷᠢᠯᠠᠯᠲᠠ᠎ᠳᠤ ᠭᠠᠷ ᠲᠦᠷᠦᠭᠦ᠎ᠶᠢ ᠴᠢᠩᠭ᠎ᠠ ᠬᠤᠷᠢᠭᠯᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ᠂ ᠥᠨᠳᠥᠷ ᠪᠦᠲᠦᠮᠵᠢᠲᠦ ᠵᠠᠰᠠᠭ᠎ᠤᠨ ᠣᠷᠳᠣᠨ᠂ ᠦᠢᠯᠡᠴᠢᠯᠡᠭᠡᠨ᠎ᠦ ᠬᠡᠯᠪᠡᠷᠢ᠎ᠶᠢᠨ ᠵᠠᠰᠠᠭ᠎ᠤᠨ ᠣᠷᠳᠣᠨ᠎ᠢ ᠪᠦᠬᠦ ᠬᠦᠴᠦᠨ᠎ᠢᠶᠡᠷ᠎ᠢᠶᠡᠨ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ ᠪᠠᠰᠠ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠲᠥᠯᠦᠪᠵᠢᠭᠦᠯᠭᠡ᠎ᠶᠢᠨ ᠬᠥᠲᠥᠯᠪᠦᠷᠢ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠦᠷᠦᠯ ᠵᠦᠢᠯ᠎ᠢ ᠬᠤᠯᠪᠤᠭᠠᠯᠠᠨ ᠬᠢᠨᠠᠵᠤ ᠬᠤᠯᠪᠤᠭᠠᠯᠠᠨ ᠵᠥᠪᠰᠢᠶᠡᠷᠡᠬᠦ ᠠᠵᠢᠯ᠎ᠤᠨ ᠲᠣᠭᠲᠡᠴᠡ ᠵᠡᠷᠭᠡ ᠵᠦᠢᠯᠡᠰ᠎ᠢ ᠰᠤᠳᠤᠯᠵᠠᠢ᠃