ᠹᠷᠠᠨᠼᠢ᠎ᠶ᠋ᠢᠨ ᠤᠤᠯ᠎ᠤᠨ ᠶᠡᠷᠦᠩᠬᠡᠢ ᠰᠠᠢᠳ ᠹᠠᠪᠢᠶᠦ᠋ᠰ᠄ ᠳᠤᠮᠳᠠᠳᠤ ᠤᠯᠤᠰ᠎ᠤᠨ ᠠᠭᠤᠷ ᠠᠮᠢᠰᠭᠤᠯ᠎ᠤᠨ ᠲᠤᠬᠠᠢ ᠠᠵᠢᠯᠯᠠᠭ᠎ᠠ ᠲᠤᠢᠯ᠎ᠤᠨ ᠴᠢᠬᠤᠯᠠ ᠶᠤᠮ
2025-10-14 16:42:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠹᠷᠠᠨᠼᠢ᠎ᠶ᠋ᠢᠨ ᠤᠤᠯ᠎ᠤᠨ ᠶᠡᠷᠦᠩᠬᠡᠢ ᠰᠠᠢᠳ ᠹᠠᠪᠢᠶᠦ᠋ᠰ 9 ᠰᠠᠷ᠎ᠠ᠎ᠶ᠋ᠢᠨ 25 ᠤ᠋ ᠡᠳᠦᠷ᠂ ᠳᠤᠮᠳᠠᠳᠤ ᠤᠯᠤᠰ᠎ᠤᠨ ᠠᠭᠤᠷ ᠠᠮᠢᠰᠭᠤᠯ᠎ᠤᠨ ᠲᠤᠬᠠᠢ ᠠᠵᠢᠯᠯᠠᠭ᠎ᠠ ᠨᠢ 《ᠫᠠᠷᠢᠰ᠎ᠤᠨ ᠬᠡᠯᠡᠯᠴᠡᠭᠡᠷ》 ᠢ᠋ ᠬᠡᠷᠡᠭ᠌ᠵᠢᠭᠦᠯᠬᠦ᠌ ᠵᠢ ᠠᠬᠢᠭᠤᠯᠬᠤ᠎ᠳᠦ ᠲᠤᠢᠯ᠎ᠤᠨ ᠴᠢᠬᠤᠯᠠ ᠶᠤᠮ ᠭᠡᠵᠦ᠍ ᠢᠯᠡᠳᠭᠡᠪᠡ᠃ 

9 ᠰᠠᠷ᠎ᠠ᠎ᠶ᠋ᠢᠨ 24 ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠲᠦᠷᠦᠭᠦᠴᠦᠳ᠎ᠦᠨ ᠬᠤᠷᠠᠯ ᠳᠡᠭᠡᠷ᠎ᠡ ᠸᠢᠳᠢᠣ᠋᠎ᠪᠠᠷ ᠪᠠᠶᠠᠷ᠎ᠤᠨ ᠦᠭᠡ ᠬᠡᠯᠡᠬᠦ᠎ᠳᠡᠭᠡᠨ᠂ ᠳᠤᠮᠳᠠᠳᠤ ᠤᠯᠤᠰ᠎ᠤᠨ ᠱᠢᠨ᠎ᠡ ᠨᠢᠭᠡ ᠡᠭᠡᠯᠵᠢ᠎ᠶ᠋ᠢᠨ ᠤᠯᠤᠰ᠎ᠤᠨ ᠪᠡᠶ᠎ᠡ᠎ᠪᠡᠨ ᠳᠠᠭᠠᠭᠠᠭ᠍ᠰᠠᠨ ᠬᠤᠪᠢ ᠨᠡᠮᠡᠷᠢ᠎ᠶ᠋ᠢ ᠲᠥᠪ ᠴᠢᠩᠭ᠎ᠠ᠎ᠪᠠᠷ ᠨᠡᠢᠲᠡᠯᠡᠪᠡ᠃ ᠹᠠᠪᠢᠶᠦ᠋ᠰ 25 ᠤ᠋ ᠤᠷᠤᠢ ᠹᠷᠠᠨᠼᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠎ᠤ ᠤᠯᠤᠰ᠎ᠤᠨ ᠪᠠᠶᠠᠷ᠎ᠤᠨ ᠳᠠᠢᠯᠠᠯᠭ᠎ᠠ᠎ᠳᠤ ᠣᠷᠣᠯᠴᠠᠵᠤ ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠄ 《ᠡᠨᠡ ᠨᠢ 〈ᠫᠠᠷᠢᠰ᠎ᠤᠨ ᠬᠡᠯᠡᠯᠴᠡᠭᠡᠷ〉 ᠢ᠋ ᠬᠡᠷᠡᠭ᠌ᠵᠢᠭᠦᠯᠬᠦ᠌᠎ᠶ᠋ᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠷᠡᠰ ᠪᠠᠲᠤ ᠠᠮᠠᠯᠠᠯᠲᠠ᠎ᠶ᠋ᠢ ᠬᠠᠷᠠᠭᠤᠯᠵᠤ ᠪᠠᠢᠨ᠎ᠠ᠂ ᠡᠨᠡ ᠨᠢ ᠲᠤᠢᠯ᠎ᠤᠨ ᠴᠢᠬᠤᠯᠠ ᠶᠤᠮ᠃ ᠳᠤᠮᠳᠠᠳᠤ ᠤᠯᠤᠰ ᠨᠢᠭᠡᠨᠲᠡ ᠳᠠᠬᠢᠯᠳᠠ ᠡᠨᠧᠷᠭᠢ᠎ᠶ᠋ᠢ ᠬᠥᠭ᠌ᠵᠢᠭᠦᠯᠬᠦ᠌᠎ᠶ᠋ᠢ ᠪᠠᠭ᠍ᠲᠠᠭᠠᠭ᠍ᠰᠠᠨ ᠶᠡᠬᠡ ᠬᠡᠮᠵᠢᠶᠡᠨ᠎ᠦ ᠠᠵᠢᠯ᠎ᠢ ᠬᠢᠭ᠌ᠰᠡᠨ ᠪᠠᠢᠨ᠎ᠠ》 ᠭᠡᠵᠡᠢ᠃ 

2015 ᠣᠨ᠎ᠳᠤ ᠫᠠᠷᠢᠰ᠎ᠲᠤ ᠶᠠᠪᠤᠭ᠍ᠳᠠᠭ᠍ᠰᠠᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠶᠡᠬᠡ ᠬᠤᠷᠠᠯ᠎ᠤᠨ ᠲᠡᠷᠢᠭᠦᠯᠡᠭ᠌ᠴᠢ ᠪᠣᠯ ᠶᠠᠭ ᠲᠤᠬᠠᠢ᠎ᠶ᠋ᠢᠨ ᠦᠶ᠎ᠡ᠎ᠳᠦ ᠹᠷᠠᠨᠼᠢ᠎ᠶ᠋ᠢᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠪᠠᠢᠭ᠍ᠰᠠᠨ ᠹᠠᠪᠢᠶᠦ᠋ᠰ ᠪᠣᠯᠤᠨ᠎ᠠ᠂ 《ᠫᠠᠷᠢᠰ᠎ᠤᠨ ᠬᠡᠯᠡᠯᠴᠡᠭᠡᠷ》 ᠢ᠋ ᠡᠨᠡ ᠤᠳᠠᠭ᠎ᠠ᠎ᠶ᠋ᠢᠨ ᠶᠡᠬᠡ ᠬᠤᠷᠠᠯ ᠳᠡᠭᠡᠷ᠎ᠡ ᠲᠤᠬᠢᠷᠠᠯᠴᠠᠪᠠ᠃ ᠹᠠᠪᠢᠶᠦ᠋ᠰ᠂ ᠪᠢ ᠣᠲᠣ ᠬᠤᠭᠤᠴᠠᠭ᠎ᠠ ᠪᠦᠷᠢ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠶᠡᠬᠡ ᠬᠤᠷᠠᠯ᠎ᠤᠨ ᠲᠡᠷᠢᠭᠦᠯᠡᠭ᠌ᠴᠢ᠎ᠪᠡᠷ ᠪᠦᠷᠢᠯᠳᠦᠭ᠌ᠰᠡᠨ ᠳᠤᠭᠤᠢᠯᠠᠩ᠎ᠢ ᠤᠳᠤᠷᠢᠳᠴᠤ᠌ ᠪᠠᠢᠭ᠎ᠠ ᠪᠣᠯᠬᠣᠷ ᠳᠤᠮᠳᠠᠳᠤ ᠤᠯᠤᠰ᠎ᠤᠨ ᠠᠭᠤᠷ ᠠᠮᠢᠰᠭᠤᠯ᠎ᠤᠨ ᠲᠤᠬᠠᠢ ᠠᠵᠢᠯᠯᠠᠭ᠎ᠠ᠎ᠵᠢ ᠣᠨᠴᠠᠭᠠᠶ ᠠᠩᠬᠠᠷᠴᠤ ᠪᠠᠢᠨ᠎ᠠ ᠭᠡᠵᠡᠶ᠃ ᠲᠡᠷᠡ᠂ ᠤᠳᠠᠯ ᠦᠭᠡᠢ ᠪᠷᠠᠽᠢᠯ᠎ᠤᠨ ᠪᠸᠯᠦᠨ ᠳ᠋ᠦ᠍ ᠶᠠᠪᠤᠭ᠍ᠳᠠᠬᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠶᠡᠬᠡ ᠬᠤᠷᠠᠯ ᠳᠡᠭᠡᠷ᠎ᠡ᠂ 《ᠡᠯ᠎ᠡ ᠲᠠᠯ᠎ᠠ᠎ᠶ᠋ᠢᠨ ᠬᠢᠨ ᠳᠤᠮᠳᠠᠳᠤ ᠤᠯᠤᠰ᠎ᠲᠠᠶ ᠬᠠᠮᠲᠤ᠎ᠪᠠᠷ ᠵᠥᠪ ᠴᠢᠭ᠌ᠯᠡᠯ᠎ᠢᠶᠡᠷ ᠤᠷᠤᠭ᠍ᠰᠢᠯᠠᠬᠤ ᠪᠤᠯᠤᠨ᠎ᠠ》 ᠭᠡᠵᠦ᠍ ᠬᠡᠯᠡᠪᠡ᠃

ᠣᠷᠴᠢᠭᠤᠯᠤᠭ᠍ᠴᠢ᠄ᠬᠤᠷᠴᠠ
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号