ᠣᠷᠣᠰ᠎ᠤᠨ ᠶᠡᠷᠦᠩᠬᠡᠢᠯᠡᠭ᠌ᠴᠢ ᠫᠦᠲ᠋ᠢᠨ ᠣᠢᠷ᠎ᠠ᠎ᠳᠤ᠂ ᠣᠷᠣᠰ ᠣᠲᠣ ᠶᠠᠭ ᠴᠥᠮ᠎ᠡ᠎ᠶ᠋ᠢᠨ ᠡᠨᠧᠷᠭᠢ᠎ᠶ᠋ᠢ ᠡᠩᠬᠡ ᠲᠠᠢᠪᠤᠩ᠎ᠢᠶᠠᠷ ᠠᠱᠢᠭ᠍ᠯᠠᠬᠤ ᠱᠢᠨ᠎ᠡ ᠬᠡᠯᠪᠡᠷᠢ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠵᠦ᠍ ᠪᠠᠢᠨ᠎ᠠ᠂ ᠴᠥᠮ᠎ᠡ᠎ᠶ᠋ᠢᠨ ᠲᠥᠬᠥᠭᠡᠷᠦᠮᠵᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠪᠣᠯ ᠣᠷᠣᠰ᠎ᠤᠨ 《ᠬᠠᠷᠢᠴᠠᠯᠠᠱᠢᠭᠦᠶ ᠤᠷᠢᠳ᠎ᠢᠶᠠᠷ ᠪᠣᠳᠣᠯᠬᠢᠯᠠᠬᠤ ᠵᠦᠶ᠋ᠯ》 ᠮᠦᠨ ᠭᠡᠵᠦ ᠢᠯᠡᠳᠭᠡᠪᠡ᠃
ᠫᠦᠲ᠋ᠢᠨ 9 ᠰᠠᠷ᠎ᠠ᠎ᠶ᠋ᠢᠨ 25᠎ᠦ ᠡᠳᠦᠷ ᠡᠳᠦᠷ ᠮᠣᠰᠺᠸᠠ᠎ᠳᠤ 《ᠳᠡᠯᠡᠬᠡᠢ᠎ᠶ᠋ᠢᠨ ᠠᠲ᠋ᠣᠮ᠎ᠤᠨ ᠡᠨᠧᠷᠭᠢ᠎ᠶ᠋ᠢᠨ ᠭᠠᠷᠠᠭ》᠎ᠤ᠋ᠨ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠵᠢᠯᠯᠠᠭ᠎ᠠ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠲᠡᠷᠡ᠂ ᠳᠡᠯᠡᠬᠡᠢ ᠳ᠋ᠠᠬᠢᠨ᠎ᠳᠤ ᠶᠠᠭ ᠱᠢᠨ᠎ᠡ ᠮᠡᠷᠭᠡᠵᠢᠯ᠎ᠦᠨ ᠡᠮᠬᠢ ᠳᠢᠭ᠌ᠯᠢᠮ ᠪᠦᠷᠢᠯᠳᠦᠵᠦ᠍ ᠪᠤᠢ᠂ ᠤᠷᠤᠰ᠎ᠤᠨ ᠬᠢᠨ ᠴᠥᠮ᠎ᠡ᠎ᠶ᠋ᠢᠨ ᠡᠨᠧᠷᠭᠢ᠎ᠶ᠋ᠢᠨ ᠬᠠᠮᠲᠤᠷᠠᠯᠴᠠᠭᠠᠨ᠎ᠤ ᠲᠦᠷᠦᠯ ᠵᠦᠢᠯ᠎ᠳᠦ ᠲᠣᠭ᠍ᠲᠠᠭᠤᠨ ᠪᠥᠭᠡᠳ ᠤᠷᠳᠤ ᠬᠤᠭᠤᠴᠠᠭᠠᠨ᠎ᠤ ᠨᠥᠬᠥᠴᠡᠯ ᠪᠦᠷᠢᠯᠳᠦᠭᠦᠯᠵᠦ᠍ ᠥᠭ᠌ᠬᠦ ᠰᠠᠨᠠᠭ᠎ᠠ᠎ᠲᠠᠶ ᠪᠠᠢᠨ᠎ᠠ ᠭᠡᠵᠡᠢ᠃ ᠲᠡᠷᠡ᠂ ᠣᠷᠣᠰ ᠤᠳᠤ ᠶᠠᠭ ᠴᠥᠮ᠎ᠡ᠎ᠶ᠋ᠢᠨ ᠡᠨᠧᠷᠭᠢ᠎ᠶ᠋ᠢ ᠡᠩᠬᠡ ᠲᠠᠢᠪᠤᠩ᠎ᠢᠶᠠᠷ ᠠᠱᠢᠭ᠍ᠯᠠᠬᠤ ᠱᠢᠨ᠎ᠡ ᠬᠡᠯᠪᠡᠷᠢ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠵᠦ᠍ ᠪᠠᠢᠬᠤ ᠪᠥᠭᠡᠳ ᠤᠳᠠᠯ ᠥᠬᠡᠶ ᠵᠢᠵᠢᠭ ᠬᠡᠯᠪᠡᠷᠢ᠎ᠶ᠋ᠢᠨ ᠡᠬᠡ ᠬᠠᠭᠤᠷᠠᠶ᠎ᠶ᠋ᠢᠨ ᠰᠠᠭᠤᠷᠢ ᠪᠣᠯᠤᠨ ᠬᠥᠪᠦᠮᠡᠯ ᠴᠥᠮ᠎ᠡ᠎ᠶ᠋ᠢᠨ ᠴᠠᠬᠢᠯᠭᠠᠨ ᠥᠷᠲᠡᠭᠡ᠎ᠶ᠋ᠢ ᠡᠬᠢᠯᠡᠨ ᠪᠥᠲᠥᠭᠡᠨ ᠪᠠᠢᠭᠤᠯᠬᠤ ᠪᠡᠷ ᠪᠠᠢᠨ᠎ᠠ ᠭᠡᠵᠦ ᠲᠠᠨᠢᠯᠴᠠᠭᠤᠯᠪᠠ᠃
ᠫᠦᠲ᠋ᠢᠨ᠂ ᠴᠥᠮ᠎ᠡ᠎ᠶ᠋ᠢᠨ ᠲᠥᠬᠥᠭᠡᠷᠦᠮᠵᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠪᠣᠯ ᠤᠷᠤᠰ᠎ᠤᠨ 《ᠬᠠᠷᠢᠴᠠᠯᠠᠱᠢᠭᠦᠶ ᠤᠷᠢᠳ᠎ᠢᠶᠠᠷ ᠪᠣᠳᠣᠯᠬᠢᠯᠠᠬᠤ ᠵᠦᠶ᠋ᠯ》 ᠮᠥᠨ᠃ ᠤᠯᠤᠰ ᠲᠦᠷᠦ᠍᠎ᠶ᠋ᠢᠨ ᠪᠠᠢᠳᠠᠯ ᠶᠠᠮᠠᠷ ᠪᠠᠢᠭ᠍ᠰᠠᠨ ᠴᠤ᠌ ᠤᠷᠤᠰ᠎ᠤᠨ ᠬᠢᠨ ᠴᠥᠮ᠎ᠡ᠎ᠶ᠋ᠢᠨ ᠬᠦᠷᠢᠶᠡᠨ᠎ᠳᠡᠬᠢ ᠪᠤᠢ ᠪᠦᠬᠦᠢ ᠡᠭᠦᠷᠭᠡ᠎ᠪᠡᠨ ᠴᠦᠮ ᠴᠢᠩᠭ᠎ᠠ ᠭᠦᠢᠴᠡᠳᠭᠡᠨ᠎ᠡ᠃ ᠡᠭᠦᠨ᠎ᠦ ᠬᠠᠮᠲᠤ᠂ ᠣᠷᠣᠰ᠎ᠤᠨ ᠬᠢᠨ ᠲᠡᠭᠦᠨ᠎ᠤ ᠴᠥᠮ᠎ᠡ᠎ᠶ᠋ᠢᠨ ᠬᠠᠨᠢᠲᠠᠨ᠎ᠢᠶᠠᠨ ᠲᠦᠱᠢᠭ᠌ᠯᠡᠬᠦ᠌ ᠪᠠᠢᠷᠢᠨ᠎ᠳᠤ ᠪᠠᠢᠯᠭᠠᠬᠤ ᠦᠭᠡᠶ᠃ ᠴᠥᠮ᠎ᠡ᠎ᠶ᠋ᠢᠨ ᠬᠢᠨᠠᠯᠲᠠ ᠬᠠᠮᠢᠶᠠᠷᠤᠯᠲᠠ ᠨᠢ ᠡᠷᠬᠡᠪᠰᠢ ᠴᠥᠮ᠎ᠡ᠎ᠶ᠋ᠢᠨ ᠡᠨᠧᠷᠭᠢ᠎ᠶ᠋ᠢ ᠨᠠᠢᠷᠠᠮᠳᠠᠯ᠎ᠢᠶᠠᠷ ᠬᠥᠭ᠌ᠵᠢᠭᠦᠯᠬᠦ᠌ ᠬᠢᠭᠡᠳ ᠴᠥᠮ᠎ᠡ᠎ᠶ᠋ᠢᠨ ᠵᠡᠪᠰᠡᠭ᠎ᠢ ᠦᠯᠦ᠍ ᠲᠠᠷᠬᠠᠭᠠᠬᠤ ᠵᠢ ᠴᠢᠩᠭᠠᠳᠬᠠᠬᠤ ᠲᠣᠭ᠍ᠲᠠᠴᠠ᠎ᠶ᠋ᠢᠨ ᠬᠣᠭᠣᠷᠣᠨᠳᠣ ᠲᠡᠩᠴᠡᠭᠦᠷᠢ ᠲᠠᠢ ᠪᠠᠢᠬᠤ᠎ᠶ᠋ᠢ ᠪᠠᠲᠤᠯᠠᠬᠤ ᠬᠡᠷᠡᠭ᠌ᠲᠡᠢ ᠭᠡᠵᠦ ᠢᠯᠡᠳᠭᠡᠪᠡ᠃