​ᠠᠷᠮᠧᠨᠢᠢ᠎ᠠ᠎ᠶ᠋ᠢᠨ ᠳᠡᠳ᠋ ᠶᠡᠷᠦᠩᠬᠡᠢ ᠰᠠᠢᠳ᠄ ᠠᠷᠮᠧᠨᠢᠢ᠎ᠠ ᠳᠤᠮᠳᠠᠳᠤ ᠬᠣᠶᠠᠷ ᠤᠯᠤᠰ᠎ᠤᠨ ᠬᠠᠷᠢᠯᠴᠠᠭ᠎ᠠ ᠨᠡᠩ ᠥᠨᠳᠥᠷ ᠲᠦᠪᠱᠢᠨ᠎ᠳᠦ ᠬᠦᠷᠪᠡ
2025-10-14 16:55:25
ᠵᠣᠬᠢᠶᠠᠭ᠍ᠴᠢ᠄
​ ᠬᠤᠷᠴᠠ
ᠣᠩᠱᠢᠭ᠍ᠰᠠᠨ ᠣᠳᠠᠭ᠎ᠠ᠄
★★★☆☆

ᠠᠷᠮᠧᠨᠢᠢ᠎ᠠ᠎ᠶ᠋ᠢᠨ ᠳᠡᠳ᠋ ᠶᠡᠷᠦᠩᠬᠡᠢ ᠰᠠᠢᠳ ᠬᠠᠴᠢᠶᠠᠲᠯᠢᠶᠠᠩ 9 ᠰᠠᠷ᠎ᠠ ᠎ᠶ᠋ᠢᠨ 25᠎ᠤ᠋ ᠡᠳᠦᠷ᠂ ᠡᠨᠡ ᠵᠢᠯ ᠠᠷᠮᠧᠨᠢᠢ᠎ᠠ ᠪᠣᠯᠤᠨ ᠳᠤᠮᠳᠠᠳᠤ ᠤᠯᠤᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠶᠠᠪᠤᠴᠠ᠎ᠳᠤ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠤᠮ᠂ ᠬᠣᠶᠠᠷ ᠤᠯᠤᠰ᠎ᠤᠨ ᠤᠳᠤᠷᠢᠳᠬᠤ ᠬᠦᠮᠦᠨ᠎ᠤ ᠪᠠᠶ᠋ᠯᠳᠤᠬᠤ ᠪᠤᠲᠤᠯᠭ᠎ᠠ᠎ᠶ᠋ᠢᠨ ᠳᠠᠭᠠᠭᠤᠯᠭ᠎ᠠ᠎ᠲᠤᠤᠷ᠎ᠠ᠂ ᠠᠷᠮᠧᠨᠢᠢ᠎ᠠ ᠳᠤᠮᠳᠠᠳᠤ ᠬᠣᠶᠠᠷ ᠤᠯᠤᠰ᠎ᠤᠨ ᠬᠠᠷᠢᠯᠴᠠᠭ᠎ᠠ ᠨᠡᠩ ᠥᠨᠳᠥᠷ ᠲᠦᠪᠱᠢᠨ᠎ᠳᠦ ᠬᠦᠷᠪᠡ ᠭᠡᠵᠦ ᠢᠯᠡᠳᠭᠡᠪᠡ᠃ 

ᠬᠠᠴᠢᠶᠠᠲᠯᠢᠶᠠᠩ ᠲᠤᠰ ᠡᠳᠦᠷ ᠠᠷᠮᠧᠨᠢᠢ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠎ᠤ ᠡᠷᠬᠢᠯᠡᠭ᠌ᠰᠡᠨ ᠤᠯᠤᠰ᠎ᠤᠨ ᠪᠠᠶᠠᠷ᠎ᠤᠨ ᠳᠠᠢᠯᠠᠯᠭ᠎ᠠ ᠳᠡᠭᠡᠷ᠎ᠡ ᠪᠠᠶᠠᠷ᠎ᠤᠨ ᠦᠭᠡ ᠬᠡᠯᠡᠬᠦ᠌᠎ᠳᠡᠭᠡᠨ᠂ ᠬᠠᠷᠢᠯᠴᠠᠨ ᠬᠦᠨᠳᠦᠳᠭᠡᠬᠦ᠌᠂ ᠬᠠᠷᠢᠯᠴᠠᠨ ᠳᠡᠮᠵᠢᠬᠦ᠌ ᠰᠠᠭᠤᠷᠢᠨ ᠳᠡᠭᠡᠷ᠎ᠡ᠂ ᠠᠷᠮᠧᠨᠢᠢ᠎ᠠ ᠪᠣᠯᠤᠨ ᠳᠤᠮᠳᠠᠳᠤ᠎ᠶ᠋ᠢᠨ ᠲᠠᠯ᠎ᠠ᠎ᠶ᠋ᠢᠨ ᠬᠢᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠢᠭᠤᠯᠬᠤ ᠪᠠ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠣᠷᠣ ᠲᠥᠯᠥᠪ᠎ᠦᠨ ᠳᠣᠲᠣᠷᠠᠬᠢ ᠬᠠᠮᠲᠤᠷᠠᠯᠴᠠᠭ᠎ᠠ᠎ᠶ᠋ᠢ ᠢᠳᠡᠪᠬᠢᠲᠡᠢ ᠥᠷᠨᠢᠭᠦᠯᠪᠡ᠃ ᠠᠷᠮᠧᠨᠢᠢ᠎ᠠ ᠵᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ᠂ ᠬᠣᠶᠠᠷ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠬᠤ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ᠎ᠶ᠋ᠢ ᠨᠠᠢᠳᠠᠪᠤᠷᠢᠵᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠪᠡ᠃ 

ᠠᠷᠮᠧᠨᠢᠢ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠯᠢ ᠱᠢᠨ ᠸᠧᠢ ᠪᠠᠶᠠᠷ᠎ᠤᠨ ᠦᠭᠡ᠎ᠳᠡᠭᠡᠨ᠂ ᠳᠤᠮᠳᠠᠳᠤ ᠤᠯᠤᠰ ᠪᠣᠯᠤᠨ ᠠᠷᠮᠧᠨᠢᠢ᠎ᠠ ᠬᠣᠶᠠᠷ ᠤᠯᠤᠰ᠎ᠤᠨ ᠤᠳᠤᠷᠢᠳᠭᠤ ᠬᠥᠮᠦᠨ ᠡᠨᠡ ᠵᠢᠯ᠎ᠦᠨ 8 ᠰᠠᠷ᠎ᠠ᠎ᠳᠤ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠬᠤ᠎ᠪᠠᠷ ᠨᠡᠢᠲᠡᠯᠡᠵᠦ᠍᠂ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠭ᠍ᠰᠠᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠪᠡ᠃ ᠠᠷᠮᠧᠨᠢᠢ᠎ᠠ ᠵᠢᠨ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠲᠡᠮᠵᠢᠵᠥ᠍᠂ ᠬᠣᠶᠠᠷ ᠤᠯᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠨ᠎ᠡ ᠠᠯᠤᠰ ᠢᠷᠡᠭᠡᠳᠦᠢ᠎ᠶ᠋ᠢ ᠨᠡᠭᠡᠭᠡᠪᠡ ᠭᠡᠵᠡᠢ᠃ 

ᠠᠷᠮᠧᠨᠢᠢ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ ᠡᠴᠡ 9 ᠰᠠᠷ᠎ᠠ᠎ᠶ᠋ᠢᠨ 25 ᠤ᠋ ᠡᠳᠦᠷ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 76 ᠵᠢᠯ᠎ᠦᠨ ᠤᠢ᠎ᠶ᠋ᠢ ᠪᠡᠯᠭᠡᠯᠡᠬᠦ᠌ ᠳᠠᠢᠯᠠᠯᠭ᠎ᠠ ᠬᠢᠪᠡ᠃ ᠠᠷᠮᠧᠨᠢᠢ᠎ᠠ᠎ᠶ᠋ᠢᠨ ᠵᠠᠰᠠᠭ᠎ᠤᠨ ᠣᠷᠳᠣᠨ᠎ᠤ ᠮᠠᠰᠢ ᠤᠯᠠᠨ ᠳᠡᠭᠡᠳᠦ ᠲᠤᠱᠢᠶᠠᠯᠲᠠᠨ ᠵᠢᠴᠢ ᠠᠷᠮᠧᠨᠢᠢ᠎ᠠ ᠵᠢᠨ ᠡᠯ᠎ᠡ ᠲᠦᠷᠦ᠍᠎ᠶ᠋ᠢᠨ ᠨᠠᠮ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢ᠂ ᠠᠷᠮᠧᠨᠢᠢ᠎ᠠ᠎ᠳᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠳᠤᠮᠳᠠᠳᠤ᠎ᠶ᠋ᠢᠨ ᠪᠡᠯᠡᠳᠤ ᠪᠠᠢᠭᠤᠯᠤᠮᠵᠢ᠂ ᠳᠤᠮᠳᠠᠳᠤ᠎ᠶ᠋ᠢᠨ ᠬᠠᠷᠢᠶᠠᠲᠤ ᠲᠤᠮᠳᠠᠳᠤᠴᠤᠳ ᠪᠣᠯᠤᠨ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠭ᠍ᠴᠢᠳ᠎ᠤᠨ ᠲᠥᠯᠥᠭᠡᠯᠡᠭ᠌ᠴᠢ ᠵᠡᠷᠭᠡ 500 ᠭᠠᠷᠤᠢ ᠬᠥᠮᠦᠨ ᠣᠷᠣᠯᠴᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号