ᠬᠥᠬᠡᠬᠣᠲᠠ᠎ᠠᠵᠤ ᠠᠬᠤᠢᠯᠠᠯ ᠤ᠋ᠨ ᠪᠠᠷᠢᠮᠵᠢᠶ᠎ᠠ ᠶ᠋ᠢᠨ ᠲᠤᠬᠠᠢ ᠬᠢᠨᠠᠯᠲᠠ ᠪᠠᠢᠴᠠᠭᠠᠯᠲᠠ ᠥᠷᠨᠢᠭᠦᠯᠪᠡ
2025-10-14 16:33:20
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

《ᠤᠯᠤᠰ ᠤ᠋ᠨ ᠪᠠᠷᠢᠮᠵᠢᠶᠠᠵᠢᠭᠤᠯᠤᠯᠲᠠ ᠶ᠋ᠢᠨ ᠬᠥᠭ᠌ᠵᠢᠯᠲᠡ ᠶ᠋ᠢᠨ ᠬᠥᠲᠥᠯᠪᠦᠷᠢ》 ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢᠯᠠᠯ ᠤ᠋ᠨ ᠪᠠᠷᠢᠮᠵᠢᠶᠠᠵᠢᠭᠤᠯᠤᠯᠲᠠ ᠶ᠋ᠢᠨ ᠠᠵᠢᠯ ᠢ᠋ ᠴᠢᠩᠭᠠᠳᠭᠠᠨ᠂ ᠠᠵᠤ ᠠᠬᠤᠢᠯᠠᠯ ᠤ᠋ᠨ ᠬᠥᠭ᠌ᠵᠢᠯᠲᠡ ᠳ᠋ᠤ ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠣᠢᠷ᠎ᠠ ᠳ᠋ᠤ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 2025 ᠣᠨ᠎ᠤ ᠠᠵᠤ ᠠᠬᠤᠢᠯᠠᠯ ᠤ᠋ᠨ ᠪᠠᠷᠢᠮᠵᠢᠶ᠎ᠠ ᠶ᠋ᠢᠨ 《ᠬᠣᠶᠠᠷ ᠢ᠋ ᠰᠤᠭᠤᠴᠢᠵᠤ᠂ ᠨᠢᠭᠡ ᠵᠢ ᠢᠯᠡ ᠪᠣᠯᠭᠠᠬᠤ》 ᠬᠢᠨᠠᠯᠲᠠ ᠪᠠᠢᠴᠠᠭᠠᠯᠲᠠ ᠵᠢ ᠥᠷᠨᠢᠭᠦᠯᠪᠡ᠃

ᠲᠣᠰ ᠤᠳᠠᠭᠠᠨ᠎ᠤ ᠪᠠᠢᠴᠠᠭᠠᠯᠲᠠ ᠳ᠋ᠤ᠂ ᠪᠠᠢᠴᠠᠭᠠᠬᠤ ᠡᠲᠡᠭᠡᠳ ᠪᠠ ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ ᠰᠤᠭᠤᠴᠢᠨ ᠰᠤᠨᠭᠭᠤᠬᠤ ᠱᠠᠭᠠᠷᠳᠠᠯᠭ᠎ᠠ ᠶᠣᠰᠣᠭᠠᠷ᠂ ᠬᠢᠨᠠᠯᠲᠠ ᠬᠠᠮᠢᠶᠠᠷᠤᠯᠲᠠ ᠶ᠋ᠢᠨ ᠪᠣᠳᠠᠲᠠᠶ ᠲᠠᠢ ᠤᠶᠠᠯᠳᠤᠭᠤᠯᠤᠨ᠂ 《ᠠᠵᠤ ᠠᠬᠤᠢᠯᠠᠯ ᠤ᠋ᠨ ᠪᠠᠷᠢᠮᠵᠢᠶ᠎ᠠ ᠶ᠋ᠢᠨ ᠮᠡᠳᠡᠭᠡ ᠵᠠᠩᠭᠢ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠲᠠᠪᠴᠠᠩ》 ᠡᠴᠡ᠎ᠰᠤᠭᠤᠴᠢᠨ ᠰᠤᠨᠭᠭᠤᠵᠤ᠂ ᠲᠠᠷᠢᠶᠠᠯᠠᠩ᠂ ᠠᠵᠤ ᠦᠶ᠋ᠯᠡᠳᠪᠦᠷᠢ ᠵᠡᠷᠭᠡ ᠬᠦᠷᠢᠶ᠎ᠡ ᠴᠠᠷᠠᠭ᠎ᠠ ᠵᠢ ᠬᠠᠮᠤᠷᠪᠠ᠃ ᠬᠠᠤᠯᠢ ᠬᠡᠷᠡᠭ᠌ᠵᠢᠭᠦᠯᠬᠦ᠌ ᠠᠵᠢᠯᠲᠠᠨ ᠭᠤᠤᠯᠳᠠᠭᠤ ᠠᠵᠤ ᠠᠬᠤᠢᠯᠠᠯ ᠤ᠋ᠨ ᠦᠶ᠋ᠯᠡᠳᠬᠦᠨ ᠪᠠ ᠦᠶ᠋ᠯᠡᠴᠢᠯᠡᠭᠡ ᠶ᠋ᠢᠨ ᠬᠡᠷᠡᠭ᠌ᠵᠢᠭᠦᠯᠬᠦ᠌ ᠪᠠᠷᠢᠮᠵᠢᠶ᠎ᠠ ᠵᠢ ᠥᠪᠡᠰᠦᠪᠡᠨ ᠢᠯᠡ ᠪᠣᠯᠭᠠᠬᠤ ᠡᠭᠦᠷᠭᠡ ᠪᠠᠨ ᠭᠦᠶ᠋ᠴᠡᠳᠭᠡᠭ᠌ᠰᠡᠨ ᠡᠰᠡᠬᠦ᠌᠂ ᠢᠯᠡ ᠪᠣᠯᠭᠠᠬᠤ ᠴᠠᠭ ᠬᠤᠭᠤᠴᠠᠭ᠎ᠠ ᠨᠢ ᠲᠣᠭ᠍ᠲᠠᠭᠠᠯ ᠳ᠋ᠤ ᠨᠡᠢᠴᠡᠬᠦ᠌ ᠡᠰᠡᠬᠦ᠌᠂ ᠦᠶ᠋ᠯᠡᠳᠬᠦᠨ ᠤ᠋ ᠶᠠᠰᠤ ᠴᠢᠨᠠᠷ ᠪᠤᠶᠤ ᠬᠠᠩᠭᠠᠭ᠍ᠰᠠᠨ ᠦᠶ᠋ᠯᠡᠴᠢᠯᠡᠭᠡ ᠨᠢ ᠢᠯᠡ ᠪᠣᠯᠭᠠᠬᠰᠠᠨ ᠪᠠᠷᠢᠮᠵᠢᠶ᠎ᠠ ᠶ᠋ᠢᠨ ᠱᠠᠭᠠᠷᠳᠠᠯᠭ᠎ᠠ ᠳ᠋ᠤ ᠨᠡᠢᠴᠡᠬᠦ᠌ ᠡᠰᠡᠬᠦ᠌᠂ ᠪᠠᠷᠢᠮᠵᠢᠶ᠎ᠠ ᠶ᠋ᠢᠨ ᠳ᠋ᠤᠭᠠᠷ ᠪᠠ ᠨᠡᠷᠡᠢᠳᠦᠯ ᠨᠢ ᠲᠣᠭ᠍ᠲᠠᠭᠠᠯ ᠳ᠋ᠤ ᠨᠡᠢᠴᠡᠬᠦ᠌ ᠡᠰᠡᠬᠦ᠌᠂ ᠪᠠᠷᠢᠮᠵᠢᠶ᠎ᠠ ᠶ᠋ᠢᠨ ᠮᠡᠷᠭᠡᠵᠢᠯ ᠤ᠋ᠨ ᠱᠠᠭᠠᠷᠳᠠᠯᠭ᠎ᠠ ᠨᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠠᠯᠪᠠᠳᠠᠯᠭ᠎ᠠ ᠶ᠋ᠢᠨ ᠴᠢᠨᠠᠷᠲᠠᠶ ᠪᠠᠷᠢᠮᠵᠢᠶ᠎ᠠ ᠶ᠋ᠢᠨ ᠱᠠᠭᠠᠷᠳᠠᠯᠭ᠎ᠠ ᠳ᠋ᠤ ᠨᠡᠢᠴᠡᠬᠦ᠌ ᠡᠰᠡᠬᠦ᠂ ᠠᠵᠤ ᠠᠬᠤᠢᠯᠠᠯ ᠤ᠋ᠨ ᠪᠠᠷᠢᠮᠵᠢᠶ᠎ᠠ ᠶ᠋ᠢᠨ ᠴᠢᠳᠠᠮᠵᠢ ᠶ᠋ᠢᠨ ᠭᠦᠶ᠋ᠴᠡᠳᠭᠡᠯ ᠲᠣᠭ᠎ᠠ᠂ ᠲᠤᠷᠱᠢᠯᠲᠠ ᠶ᠋ᠢᠨ ᠠᠷᠭ᠎ᠠ᠂ ᠱᠢᠯᠭᠠᠨ ᠪᠠᠢᠴᠠᠭᠠᠬᠤ ᠠᠷᠭ᠎ᠠ ᠨᠢ ᠲᠣᠭ᠍ᠲᠠᠭᠠᠯ ᠳ᠋ᠤ ᠨᠡᠢᠴᠡᠬᠦ᠌ ᠡᠰᠡᠬᠦ᠌᠂ ᠡᠱᠢᠯᠡᠨ ᠬᠡᠷᠡᠭ᠌ᠯᠡᠬᠦ᠌ ᠪᠠᠷᠢᠮᠵᠢᠶ᠎ᠠ ᠨᠢ ᠣᠲᠣ ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠪᠦᠭᠡᠳ ᠬᠦᠴᠦᠨ ᠲᠠᠢ ᠪᠠᠢᠬᠤ ᠡᠰᠡᠬᠦ᠌ ᠵᠡᠷᠭᠡ ᠳ᠋ᠤ ᠬᠢᠨᠠᠯᠲᠠ ᠪᠠᠢᠴᠠᠭᠠᠯᠲᠠ ᠬᠢᠪᠡ᠃ 

ᠪᠠᠢᠴᠠᠭᠠᠯᠲᠠ ᠪᠡᠷ ᠳᠡᠮᠵᠢᠨ᠂ ᠬᠡᠰᠡᠭ ᠠᠵᠤ ᠠᠬᠤᠢᠯᠠᠯ ᠤ᠋ᠨ ᠠᠵᠤ ᠠᠬᠤᠢᠯᠠᠯ ᠤ᠋ᠨ ᠪᠠᠷᠢᠮᠵᠢᠶ᠎ᠠ ᠵᠢ ᠨᠠᠢᠷᠠᠭᠤᠯᠤᠨ ᠪᠢᠴᠢᠭ᠌ᠰᠡᠨ ᠨᠢ ᠵᠢᠷᠤᠮᠵᠢᠯ ᠥᠬᠡᠶ ᠪᠠᠢᠬᠤ᠂ ᠬᠡᠰᠡᠭ ᠠᠵᠤ ᠠᠬᠤᠢᠯᠠᠯ ᠥᠪᠡᠰᠦᠪᠡᠨ ᠢᠯᠡ ᠪᠣᠯᠭᠠᠬᠤ ᠪᠡᠷ ᠢᠯᠡᠷᠬᠡᠢᠯᠡᠭ᠌ᠰᠡᠨ ᠤᠯᠤᠰ ᠤ᠋ᠨ ᠪᠠᠷᠢᠮᠵᠢᠶ᠎ᠠ ᠨᠢ ᠬᠠᠭᠤᠴᠢᠨ ᠬᠡᠪᠯᠡᠯ ᠤ᠋ᠨ ᠪᠠᠷᠢᠮᠵᠢᠶ᠎ᠠ ᠪᠠᠢᠵᠤ᠂ ᠱᠢᠨᠡᠳᠭᠡᠭ᠌ᠰᠡᠨ ᠦᠭᠡᠢ ᠪᠠᠢᠬᠤ᠂ ᠬᠡᠰᠡᠭ ᠠᠵᠤ ᠠᠬᠤᠢᠯᠠᠯ ᠦᠢᠯᠡᠳᠬᠦᠨ ᠤ᠋ ᠬᠡᠷᠡᠭᠵᠢᠭᠦᠯᠬᠦ ᠪᠠᠷᠢᠮᠵᠢᠶ᠎ᠠ ᠪᠠᠨ ᠢᠯᠡ ᠪᠣᠯᠭᠠᠬᠤ ᠡᠭᠦᠷᠭᠡ ᠪᠠᠨ ᠦᠯᠦ᠍ ᠭᠦᠢᠴᠡᠳᠭᠡᠭ᠌ᠰᠡᠨ ᠵᠡᠷᠭᠡ ᠠᠰᠠᠭᠤᠳᠠᠯ ᠤᠷᠤᠰᠢᠵᠤ ᠪᠠᠢᠬᠤ ᠵᠢ ᠢᠯᠡᠷᠡᠭᠦᠯᠵᠦ᠂ ᠳᠡᠭᠡᠷ᠎ᠡ ᠳᠤᠷᠠᠳᠤᠭ᠍ᠰᠠᠨ ᠠᠰᠠᠭᠤᠳᠠᠯ ᠳ᠋ᠤ ᠴᠢᠭ᠌ᠯᠡᠭᠦᠯᠦᠨ᠂ ᠬᠠᠤᠯᠢ ᠬᠡᠷᠡᠭ᠌ᠵᠢᠭᠦᠯᠬᠦ᠌ ᠠᠵᠢᠯᠲᠠᠨ ᠨᠢᠭᠡᠨᠲᠡ 《ᠵᠠᠷᠯᠢᠭ᠍ᠳᠠᠨ ᠵᠠᠯᠠᠷᠠᠭᠤᠯᠤᠭᠤᠯᠬᠤ ᠮᠡᠳᠡᠭ᠌ᠳᠡᠯ ᠤ᠋ᠨ ᠪᠢᠴᠢᠭ》 ᠪᠠᠭᠤᠯᠭᠠᠵᠤ᠂ ᠬᠤᠭᠤᠴᠠᠭ᠎ᠠ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠬᠤ ᠪᠠᠷ ᠱᠠᠭᠠᠷᠳᠠᠪᠠ᠃ ᠣᠳᠣᠬᠠᠨ ᠪᠣᠯᠲᠠᠯ᠎ᠠ᠂ ᠢᠯᠡᠷᠡᠭᠦᠯᠦᠭ᠌ᠰᠡᠨ ᠠᠵᠤ ᠠᠬᠤᠢᠯᠠᠯ ᠤ᠋ᠨ ᠪᠠᠷᠢᠮᠵᠢᠶ᠎ᠠ ᠶ᠋ᠢᠨ ᠬᠠᠮᠢᠶ᠎ᠠ ᠪᠥᠬᠥᠶ ᠠᠰᠠᠭᠤᠳᠠᠯ ᠢ᠋ ᠨᠢᠭᠡᠨᠲᠡ ᠪᠦᠬᠦᠨ ᠢ᠋ ᠴᠡᠭ᠌ᠴᠡᠯᠡᠨ ᠰᠠᠢᠵᠢᠷᠠᠭᠤᠯᠵᠤ ᠳᠠᠭᠤᠰᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号