ᠦᠪᠦᠷ ᠮᠤᠩᠭᠤᠯ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠪᠦᠲᠦᠮᠵᠢᠳᠡᠢ ᠰᠢᠢᠳᠪᠦᠷᠢᠯᠡᠵᠦ ᠪᠤᠢ
2025-10-14 09:29:53
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠦᠪᠦᠷ ᠮᠤᠩᠭᠤᠯ ᠤ᠋ᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠰᠢᠢᠳᠪᠦᠷᠢᠯᠡᠬᠦ ᠲᠤᠬᠠᠶ ᠵᠢᠨ ᠲᠠᠯᠠᠪᠠᠶ ᠵᠢᠨ ᠠᠬᠢᠭᠤᠯᠬᠤ ᠬᠤᠷᠠᠯ ᠬᠥᠯᠥᠨ ᠪᠣᠢᠷ ᠬᠣᠲᠠ ᠳ᠋ᠤ ᠬᠤᠷᠠᠯᠳᠤᠪᠠ᠃ ᠬᠤᠷᠠᠯ᠎ᠠᠴᠠ ᠡᠯ᠎ᠡ ᠭᠠᠵᠠᠷ᠎ᠤᠨ᠎ᠬᠢᠨ ᠮᠠᠯ ᠤᠨᠤᠭ᠎ᠠ ᠪᠡᠨ ᠴᠥᠭᠡᠳᠭᠡᠬᠦ᠌᠂ ᠨᠤᠲᠤᠭ ᠪᠡᠯᠴᠢᠭᠡᠷ ᠵᠢᠨᠨ ᠨᠡᠮᠡᠭ᠌ᠳᠡᠭᠦᠯᠬᠦ᠌᠂ ᠴᠢᠩᠭ᠎ᠠ ᠬᠠᠮᠢᠶᠠᠷᠬᠤ᠂ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ  ᠪᠡᠨ ᠬᠤᠪᠢᠷᠠᠭᠤᠯᠬᠤ ᠵᠡᠷᠭᠡ ᠡᠭᠦᠷᠭᠡ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠢᠯ ᠤ᠋ᠨ ᠳᠣᠲᠣᠷ᠎ᠠ ᠪᠠᠢᠭᠠᠯᠢ ᠵᠢᠨ ᠨᠤᠲᠤᠭ ᠪᠡᠯᠴᠢᠭᠡᠷ ᠢ᠋ ᠶᠡᠷᠦᠩᠬᠡᠶ᠎ᠳᠡᠭᠡᠨ ᠬᠡᠲᠦᠷᠡᠲᠡᠯ᠎ᠡ ᠪᠡᠯᠴᠢᠭᠡᠷᠯᠡᠬᠦᠯᠬᠦ ᠥᠬᠡᠶ ᠪᠠᠢᠬᠤ ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠪᠡᠯᠴᠢᠭᠡᠷ ᠤ᠋ᠨ ᠮᠠᠯ ᠠᠵᠤ ᠠᠬᠤᠶ ᠵᠢᠨ ᠴᠢᠨᠠᠷᠯᠢᠭ ᠬᠥᠭ᠌ᠵᠢᠯᠲᠡ ᠬᠢᠭᠡᠳ ᠬᠥᠮᠦᠨ᠂ ᠪᠡᠯᠴᠢᠭᠡᠷ᠂ ᠮᠠᠯ᠎ᠤᠨ ᠬᠣᠭᠣᠷᠣᠨᠳᠣᠬᠢ ᠬᠥᠳᠡᠯᠦᠩᠭᠦᠶ ᠲᠡᠩᠴᠡᠭᠦᠷᠢ ᠶ᠋ᠢ ᠬᠡᠷᠬᠢᠨ ᠪᠠᠲᠤᠯᠠᠬᠤ ᠨᠢ ᠨᠤᠲᠤᠭ ᠪᠡᠯᠴᠢᠭᠡᠷ ᠤ᠋ᠨ ᠡᠷᠡᠭᠦᠯ ᠪᠠᠢᠳᠠᠯ᠎ᠲᠠᠶ ᠬᠣᠯᠪᠣᠭ᠍ᠳᠠᠬᠤ᠎ᠪᠠᠷ ᠪᠠᠷᠠᠬᠤ ᠦᠭᠡᠶ ᠪᠠᠰᠠ ᠮᠠᠯᠴᠢᠳ᠎ᠤᠨ ᠠᠵᠤ ᠠᠮᠢᠳᠤᠷᠠᠯ ᠪᠣᠯᠤᠨ ᠬᠥᠭ᠌ᠵᠢᠯᠲᠡ᠎ᠲᠡᠶ ᠬᠣᠯᠪᠣᠭ᠍ᠳᠠᠨ᠎ᠠ᠃ ᠣᠳᠣᠬᠠᠨ ᠳ᠋ᠤ᠂ ᠦᠪᠦᠷ ᠮᠤᠩᠭᠤᠯ 《ᠱᠢᠯᠤᠭᠤᠳᠭᠠᠬᠤ》᠂ 《ᠬᠢᠵᠠᠭᠠᠷᠯᠠᠬᠤ》 ᠶ᠋ᠢ ᠤᠶᠠᠯᠳᠤᠭᠤᠯᠬᠤ ᠠᠷᠭ᠎ᠠ ᠬᠡᠯᠪᠡᠷᠢ ᠪᠡᠷ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠵᠦ᠍ ᠪᠤᠢ᠃ 《ᠱᠢᠯᠤᠭᠤᠳᠭᠠᠬᠤ》 ᠭᠡᠳᠡᠭ ᠨᠢ ᠮᠠᠯ ᠪᠡᠯᠴᠢᠭᠡᠷ ᠤ᠋ᠨ ᠵᠥᠷᠢᠴᠡᠯ ᠪᠣᠯᠤᠨ ᠬᠥᠮᠦᠨ ᠪᠤᠯᠤᠨ ᠪᠡᠯᠴᠢᠭᠡᠷ᠎ᠤᠨ ᠵᠥᠷᠢᠴᠡᠯ ᠢ᠋ ᠱᠢᠶ᠋ᠳᠪᠦᠷᠢᠯᠡᠬᠦ᠌᠎ᠡᠴᠡ ᠭᠠᠷᠳᠠᠵᠤ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠭᠤ᠂ ᠮᠠᠯᠴᠢᠳ ᠬᠠᠮᠵᠢᠯᠴᠠᠬᠤ᠎ᠪᠠᠷ ᠳᠠᠮᠵᠢᠨ᠂ ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠶ᠋ᠢ ᠪᠦᠬᠦ᠌ ᠲᠠᠯ᠎ᠠ᠎ᠪᠠᠷ ᠲᠦᠷᠭᠡᠳᠭᠡᠵᠦ᠍᠂ ᠮᠠᠯᠵᠢᠬᠤ ᠣᠷᠣᠨ᠎ᠤ ᠣᠯᠠᠨ ᠲᠦᠮᠡᠨ᠎ᠦ ᠠᠮᠢᠳᠤᠷᠠᠯ ᠪᠣᠯᠤᠨ ᠬᠥᠭ᠌ᠵᠢᠯᠲᠡ ᠵᠢᠨ ᠬᠡᠷᠡᠭ᠌ᠴᠡᠭᠡ ᠱᠠᠭᠠᠷᠳᠠᠯᠭ᠎ᠠ ᠵᠢᠨ ᠨᠤᠲᠤᠭ ᠪᠡᠯᠴᠢᠭᠡᠷ᠎ᠲᠦ ᠦᠵᠡᠭᠦᠯᠬᠦ᠌ ᠳᠠᠷᠤᠯᠲᠠ ᠶ᠋ᠢ ᠪᠠᠭᠠᠰᠭᠠᠬᠤ ᠶᠠᠪᠤᠳᠠᠯ ᠪᠣᠯᠤᠨ᠎ᠠ; 《ᠬᠢᠵᠠᠭᠠᠷᠯᠠᠬᠤ》 ᠨᠢ ᠬᠢᠨᠠᠯᠲᠠ ᠬᠠᠮᠢᠶᠠᠷᠤᠯᠲᠠ ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠪᠴᠢᠲᠠᠶ᠎ᠪᠠᠷ ᠨᠤᠲᠤᠭ ᠪᠡᠯᠴᠢᠭᠡᠷ ᠤ᠋ᠨ ᠳᠠᠭᠠᠭᠠᠴᠠ ᠵᠢᠨ ᠬᠡᠮᠵᠢᠶ᠎ᠡ ᠶ᠋ᠢ ᠬᠢᠨᠠᠨ ᠲᠣᠭ᠍ᠲᠠᠭᠠᠭ᠍ᠰᠠᠨ ᠤᠷᠢᠲᠠᠯ ᠳᠤᠤᠷ᠎ᠠ᠂ ᠬᠢᠨᠠᠨ ᠬᠡᠮᠵᠢᠬᠦ᠌ ᠪᠠ ᠬᠢᠨᠠᠯᠲᠠ ᠲᠠᠯᠪᠢᠬᠤ ᠶ᠋ᠢ ᠴᠢᠩᠭᠠᠳᠭᠠᠵᠤ᠂ ᠨᠤᠲᠤᠭ ᠪᠡᠯᠴᠢᠭᠡᠷ ᠤ᠋ᠨ ᠬᠠᠮᠢᠶᠠᠷᠤᠯᠲᠠ ᠬᠠᠮᠠᠭᠠᠯᠠᠯᠲᠠ᠂ ᠬᠠᠤᠯᠢ ᠬᠡᠷᠡᠭ᠌ᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠡᠷᠭᠡ ᠵᠢᠨ ᠦᠶ᠋ᠯᠡᠳᠦᠯ ᠢ᠋ ᠪᠠᠳᠠᠷᠠᠭᠤᠯᠵᠤ᠂ ᠪᠡᠯᠴᠢᠭᠡᠷ ᠤ᠋ᠨ ᠳᠠᠭᠠᠭᠠᠴᠠ᠎ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠦᠶ᠋ᠯᠡ ᠠᠵᠢᠯᠯᠠᠭ᠎ᠠ ᠶ᠋ᠢ ᠴᠠᠭ ᠲᠤᠬᠠᠶ ᠳ᠋ᠤᠨᠢ ᠬᠣᠷᠢᠭ᠍ᠯᠠᠨ ᠵᠤᠭᠰᠤᠭᠠᠬᠤ ᠶ᠋ᠢ ᠵᠢᠭᠠᠵᠤ ᠪᠤᠢ᠃

ᠡᠨᠡ ᠰᠠᠭᠤᠷᠢᠨ ᠳᠡᠭᠡᠷ᠎ᠡ᠂ ᠦᠪᠦᠷ ᠮᠤᠩᠭᠤᠯ ᠪᠠᠰᠠ ᠡᠯ᠎ᠡ ᠭᠠᠵᠠᠷ ᠣᠷᠣᠨ᠎ᠤ ᠬᠠᠳᠤᠯᠠᠩ ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠵᠢᠨ ᠳᠠᠪᠠᠭᠤᠯᠢᠭ ᠢ᠋ ᠦᠨᠳᠦᠰᠦᠯᠡᠨ᠂ ᠡᠬᠢ ᠪᠠᠶᠠᠯᠢᠭ᠎ᠤᠨ ᠠᠱᠢᠭ᠍ᠯᠠᠯᠲᠠ ᠵᠢᠨ ᠬᠠᠮᠤᠭ ᠤ᠋ᠨ ᠳᠡᠭᠡᠳᠦ ᠬᠢᠵᠠᠭᠠᠷ ᠪᠠ ᠨᠤᠲᠤᠭ ᠪᠡᠯᠴᠢᠭᠡᠷ ᠤ᠋ᠨ ᠶᠠᠰᠤ ᠴᠢᠨᠠᠷ᠎ᠤᠨ ᠬᠣᠷᠢᠭ᠎ᠠ ᠱᠤᠭᠤᠮ ᠢ᠋ ᠴᠢᠩᠭ᠎ᠠ ᠰᠠᠬᠢᠭ᠍ᠰᠠᠨ ᠤᠷᠢᠲᠠᠯ ᠳᠤᠤᠷ᠎ᠠ᠂ ᠳᠠᠪᠠᠭᠤᠯᠢᠭ ᠠᠵᠤ ᠦᠶ᠋ᠯᠡᠰ ᠤ᠋ᠨ ᠪᠦᠯᠦᠭᠵᠢᠯ ᠢ᠋ ᠪᠣᠶ ᠪᠣᠯᠭᠠᠵᠤ᠂ ᠨᠠᠷᠢᠯᠢᠭ ᠭᠦᠨᠵᠡᠭᠡᠶ ᠡᠳ᠋ᠱᠢᠭᠦᠯᠬᠦ᠌ ᠪᠠ ᠣᠨᠴᠠᠯᠢᠭ᠍ᠲᠤ ᠨᠠᠷᠠᠲᠤ ᠲᠥᠷᠥᠯ ᠲᠡᠮᠳᠡᠭ᠌ᠲᠦ᠍ ᠵᠢᠨ ᠪᠥᠲᠥᠭᠡᠨ ᠪᠠᠢᠭᠤᠯᠤᠯᠲᠠ ᠶ᠋ᠢ ᠰᠠᠢᠲᠤᠷ ᠬᠢᠬᠦ ᠪᠡᠷ ᠳᠠᠮᠵᠢᠨ ᠮᠠᠯᠴᠢᠨ ᠲᠠᠷᠢᠶᠠᠴᠢᠨ᠎ᠤ ᠣᠷᠣᠯᠭ᠎ᠠ ᠶ᠋ᠢ ᠳᠡᠭᠡᠭ᠌ᠰᠢᠯᠡᠭᠦᠯᠦᠨ᠂ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠶ᠋ᠢ ᠱᠢᠶ᠋ᠳᠪᠦᠷᠢᠯᠡᠬᠦ᠌ ᠲᠤᠬᠠᠶ ᠥᠪᠥᠷ ᠮᠣᠩᠭᠣᠯ᠎ᠤᠨ 《ᠰᠠᠢᠨ ᠵᠣᠷ》 ᠢ᠋ ᠰᠦᠪᠡᠭ᠌ᠴᠢᠯᠡᠵᠤ ᠪᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号