ᠵᠠᠷᠤᠳ᠎ᠪᠠᠷ ᠵᠢᠷᠤᠭ ᠥᠪᠡᠷᠮᠢᠴᠡ ᠤᠷᠠᠯᠢᠭ᠎ᠤᠨ ᠬᠡᠯᠪᠡᠷᠢ᠎ᠪᠡᠷ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠦᠯᠢᠭᠡᠷ᠎ᠢ ᠬᠦᠤᠷᠨᠢᠨ᠂ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠤᠨ᠎ᠠ᠃
ᠵᠠᠷᠤᠳ᠎ᠪᠠᠷ ᠵᠢᠷᠤᠭ ᠳᠡᠭᠡᠷ᠎ᠡ ᠵᠠᠭᠤᠨ᠎ᠤ ᠲᠠᠪᠢᠭᠠᠳ ᠣᠨ᠎ᠠᠴᠠ ᠡᠬᠢᠯᠡᠵᠦ᠍᠂ ᠢᠯᠡ ᠲᠣᠳᠣ ᠦᠨᠳᠦᠰᠦᠲᠡᠨ ᠦ ᠣᠨᠴᠠᠯᠢᠭ ᠪᠠ ᠴᠠᠭ ᠦᠶ᠎ᠡ᠎ᠶ᠋ᠢᠨ ᠬᠡᠪ ᠨᠠᠮᠪᠠ ᠪᠠᠷ ᠤᠯᠤᠰ᠎ᠤᠨ ᠳᠣᠲᠣᠭᠠᠳᠤ ᠭᠠᠳᠠᠭᠠᠳᠤ ᠳᠤ ᠠᠯᠳᠠᠷᠱᠢᠪᠠ᠃ 1980 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠬᠣᠱᠢᠭᠤ ᠱᠢᠶᠠᠨ ᠠᠯᠤᠰᠯᠠᠭ᠍ᠰᠠᠨ 《ᠦᠨᠳᠦᠰᠦᠲᠡᠨ᠎ᠦ᠎ᠪᠠᠷ ᠵᠢᠷᠤᠭ᠎ᠤᠨ ᠰᠤᠳᠤᠯᠭᠠᠨ᠎ᠤ ᠨᠡᠢᠭᠡᠮᠯᠢᠭ》 ᠪᠠᠢᠭᠤᠯᠤᠭ᠍ᠳᠠᠵᠤ᠂ ᠪᠦᠲᠦᠭᠡᠯ ᠨᠢ ᠬᠣᠶᠠᠷ ᠤᠳᠠᠭ᠎ᠠ ᠪᠡᠭᠡᠵᠢᠩ ᠳᠦ ᠲᠡᠯᠭᠡᠭᠳᠡᠵᠦ᠍᠂ ᠳᠤᠮᠳᠠᠳᠤ ᠤᠯᠤᠰ ᠤᠨ ᠪᠠᠷ ᠵᠢᠷᠤᠭ᠍ᠴᠢᠳ᠎ᠤᠨ ᠨᠡᠢᠭᠡᠮᠯᠢᠭ ᠦᠨ ᠥᠨᠳᠥᠷ ᠦᠨᠡᠯᠡᠯᠲᠡ᠎ᠶ᠋ᠢ ᠤᠯᠪᠠ᠃ 2009 ᠣᠨ᠎ᠳᠤ ᠵᠠᠷᠤᠳ ᠪᠠᠷ ᠵᠢᠷᠤᠭ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ ᠤᠨ ᠪᠤᠰᠤ ᠰᠣᠶᠣᠯ᠎ᠤᠨ ᠥᠪᠵᠢᠡᠷ ᠰᠣᠩᠭᠣᠭ᠍ᠳᠠᠵᠤ᠂ 2017 ᠣᠨ᠎ᠳᠤ ᠵᠠᠷᠤᠳ ᠬᠣᠱᠢᠭᠤᠨ ᠤ ᠪᠠᠷ ᠵᠢᠷᠤᠭ᠎ᠤᠨ ᠬᠦᠷᠢᠶᠡᠯᠡᠩ ᠪᠠᠢᠭᠤᠯᠤᠭ᠍ᠳᠠᠪᠠ᠃ 2024 ᠣᠨ᠎ᠳᠤ ᠵᠠᠷᠤᠳ ᠪᠠᠷ ᠵᠢᠷᠤᠭ 《ᠬᠣᠶᠠᠳᠤᠭᠠᠷ ᠪᠦᠯᠦᠭ᠎ᠦᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠤ ᠲᠡᠰ᠎ᠤᠨ ᠤᠯᠠᠮᠵᠢᠯᠠᠯᠲᠤ ᠭᠠᠷ ᠤᠷᠠᠯᠠᠯ ᠢ ᠬᠥᠭ᠌ᠵᠢᠭᠦᠯᠦᠨ ᠮᠠᠨᠳᠤᠭᠤᠯᠬᠤ ᠭᠠᠷᠴᠠᠭ》ᠲᠸ᠋ ᠣᠷᠣᠵᠤ᠂ ᠬᠣᠲᠠ᠎ᠶ᠋ᠢᠨ ᠲᠡᠰ ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭᠠᠮᠵᠢᠯᠠᠬᠤ ᠰᠠᠭᠤᠷᠢᠨ᠎ᠢᠶᠠᠷ ᠦᠨᠡᠯᠡᠭ᠌ᠳᠡᠪᠡ᠃ ᠬᠡᠳᠦᠨ ᠠᠷᠪᠠᠨ ᠵᠢᠯ᠎ᠦᠨ ᠲᠤᠷᠰᠢ᠂ ᠤᠷᠤᠰ᠂ ᠠᠮᠧᠷᠢᠺᠠ᠂ ᠶᠠᠫᠣᠨ ᠵᠡᠷᠭᠡ 10 ᠭᠠᠷᠤᠢ ᠤᠯᠤᠰ ᠲᠤ ᠲᠡᠯᠭᠡᠭᠳᠡᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠭᠠᠳᠠᠭᠠᠳᠤ ᠰᠣᠯᠢᠯᠴᠠᠭᠠᠨ᠎ᠤ ᠴᠢᠬᠤᠯᠠ ᠴᠣᠩᠬᠣᠪᠴᠢ ᠪᠣᠯᠪᠠ᠃
ᠪᠠᠷ ᠵᠢᠷᠤᠭ᠎ᠤᠨ ᠬᠦᠷᠢᠶᠡᠯᠡᠩ ᠪᠠᠢᠭᠤᠯᠤᠭ᠍ᠳᠠᠭ᠍ᠰᠠᠨ᠎ᠠᠴᠠ ᠨᠠᠭᠠᠰᠢ 28 ᠪᠠᠷ ᠵᠢᠷᠤᠭ᠎ᠤᠨ ᠵᠤᠬᠢᠶᠠᠨ ᠪᠦᠳᠦᠭᠡᠭᠴᠢ (ᠮᠠᠯᠴᠢᠨ ᠲᠠᠷᠢᠶᠠᠴᠢᠨ ᠪᠠᠭ᠍ᠰᠢ ᠵᠡᠷᠭᠡ ᠪᠠᠭ᠍ᠲᠠᠨ᠎ᠠ) ᠳ᠋ᠥ᠍ 11 ᠵᠣᠬᠢᠶᠠᠨ ᠪᠦᠲᠦᠭᠡᠬᠦ᠌ ᠦᠷᠦᠭᠡ ᠭᠠᠷᠭᠠᠨ ᠦᠭᠴᠦ᠂ ᠦᠨ᠎ᠡ ᠲᠥᠯᠥᠪᠦᠷᠢ ᠥᠬᠡᠶ᠎ᠪᠡᠷ ᠮᠠᠲ᠋ᠧᠷᠢᠶᠠᠯ ᠬᠠᠩᠭᠠᠪᠠ; 《ᠰᠤᠷᠭᠠᠭᠤᠯᠢ ᠪᠠ ᠣᠷᠳᠣᠨ᠎ᠤ ᠬᠠᠮᠲᠤᠷᠠᠯᠴᠠᠭ᠎ᠠ》 ᠵᠢ ᠬᠡᠷᠡᠭ᠌ᠵᠢᠭᠦᠯᠵᠦ᠍᠂ ᠳᠤᠮᠳᠠᠳᠤ ᠪᠠᠭ᠎ᠠ ᠰᠤᠷᠭᠠᠭᠤᠯᠢ᠎ᠳᠤ ᠪᠠᠷ ᠵᠢᠷᠤᠭ᠎ᠤᠨ ᠬᠢᠴᠢᠶᠡᠯ ᠨᠡᠭᠡᠭᠡᠵᠦ᠍᠂ ᠨᠡᠢ᠌ᠳᠡ 450 ᠭᠠᠷᠤᠢ ᠵᠠᠯᠠᠭᠤᠴᠤᠳ ᠪᠠᠭᠠᠴᠤᠳ᠎ᠢ ᠬᠥᠮᠦᠵᠢᠭᠦᠯᠪᠡ ; 《ᠨᠡᠷᠡᠲᠦ ᠪᠠᠭ᠍ᠰᠢ ᠱᠠᠪᠢ ᠳᠠᠭᠠᠭᠤᠯᠬᠤ》 ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠨᠡᠷᠡᠲᠦ ᠬᠥᠮᠦᠰ ᠢ ᠤᠷᠢᠵᠤ ᠬᠦᠷᠢᠶᠡᠯᠡᠩ᠎ᠳᠦ ᠰᠠᠭᠤᠯᠭᠠᠨ ᠵᠢᠭᠠᠨ ᠵᠢᠯᠤᠭᠤᠳᠤᠭᠤᠯᠵᠤ᠂ ᠭᠣᠣᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ ᠶᠠᠨ ᠠᠨ᠂ ᠶᠠᠩᠵᠸᠤ ᠵᠡᠷᠭᠡ ᠭᠠᠵᠠᠷ ᠲᠤ ᠣᠴᠢᠭᠤᠯᠤᠨ ᠰᠣᠯᠢᠯᠴᠠᠭᠤᠯᠤᠨ ᠰᠤᠷᠤᠯᠴᠠᠭᠤᠯᠪᠠ᠃ ᠣᠳᠣᠬᠠᠨ᠎ᠳᠤ᠂ 8 ᠪᠦᠲᠦᠭᠡᠯ ᠤᠯᠤᠰ᠎ᠤᠨ ᠲᠠᠰ᠎ᠤᠨ ᠤᠷᠠᠨ ᠵᠢᠷᠤᠭ᠎ᠤᠨ ᠦᠵᠡᠰᠭᠦᠯᠡᠩᠳᠦ ᠰᠣᠩᠭᠣᠭ᠍ᠳᠠᠵᠤ᠂ 4 ᠬᠥᠮᠦᠨ ᠤᠯᠤᠰ᠎ᠤᠨ ᠦᠨᠳᠦᠰᠦᠲᠡᠨ᠎ᠦ ᠵᠢᠷᠤᠭ᠎ᠤᠨ ᠬᠦᠷᠢᠶᠡᠯᠡᠩ᠎ᠦᠨ ᠵᠢᠷᠤᠭ᠍ᠴᠢᠨ (ᠰᠤᠳᠤᠯᠤᠭ᠍ᠴᠢ) ᠢ᠋ᠢᠠᠷ ᠤᠷᠢᠭ᠍ᠳᠠᠵᠤ᠂ 5 ᠬᠥᠮᠦᠨ ᠬᠣᠱᠢᠭᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠪᠤᠯᠵᠠᠢ᠃
ᠵᠠᠷᠤᠳ ᠬᠣᠱᠢᠭᠤ 《ᠤᠮᠠᠷᠠᠲᠤ ᠬᠢᠯᠢ᠎ᠶ᠋ᠢᠨ ᠰᠣᠶᠣᠯ》᠂ 《ᠦᠨᠳᠦᠰᠦᠲᠡᠨ᠎ᠦ ᠪᠦᠯᠬᠦᠮᠳᠡᠯ》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠵᠢᠯ ᠳᠤᠮᠳᠠᠴᠢ᠎ᠪᠠᠷ 2 ᠤᠳᠠᠭ᠎ᠠ ᠮᠠᠲ᠋ᠧᠷᠢᠶᠠᠯ ᠴᠤᠭ᠍ᠯᠠᠭᠤᠯᠬᠤ ᠠᠵᠢᠯᠯᠠᠭ᠎ᠠ ᠥᠷᠨᠢᠭᠦᠯᠵᠦ᠍᠂ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠲᠤᠰᠭᠠᠭ᠍ᠰᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠪᠡ᠃ 2025 ᠣᠨ᠎ᠳᠤ《ᠱᠢᠨ᠎ᠡ ᠴᠠᠭ ᠦᠶ᠎ᠠ·ᠱᠢᠨ᠎ᠡ ᠵᠢᠯ᠎ᠦᠨ ᠵᠢᠷᠤᠭ》 ᠭᠡᠬᠦ ᠲᠦᠷᠦᠯ ᠲᠡᠮᠳᠡᠭ᠎ᠢ ᠱᠤᠭᠤᠵᠤ᠂ 49 ᠬᠤᠪᠢ ᠰᠢᠨ᠎ᠠ ᠵᠢᠯ ᠦᠨ ᠰᠡᠳᠤᠪᠳᠤ ᠪᠦᠳᠦᠭᠡᠯᠴᠢ ᠪᠡᠷ ᠵᠢᠷᠤᠭ ᠢ ᠳᠡᠯᠭᠡᠨ ᠦᠵᠡᠭᠦᠯᠵᠦ᠍᠂ ᠤᠯᠠᠮᠵᠢᠯᠠᠯᠲᠤ ᠤᠷᠠᠯᠢᠭ᠎ᠤᠨ ᠬᠡᠯᠪᠡᠷᠢ ᠵᠢᠨ ᠰᠢᠨ᠎ᠡ ᠵᠢ ᠡᠬᠦᠳᠬᠦ ᠵᠢ ᠠᠬᠢᠭᠤᠯᠪᠠ᠃
ᠵᠠᠬ᠎ᠠ ᠳᠡᠯᠭᠡᠭᠦᠷ᠎ᠢ ᠥᠷᠭᠡᠳᠭᠡᠬᠦ᠌ ᠲᠠᠯ᠎ᠠ᠎ᠪᠠᠷ᠂ ᠵᠢᠵᠢᠭ ᠪᠠᠷ ᠵᠢᠷᠤᠭ᠂ ᠵᠠᠷᠤᠳ᠎ᠪᠠᠷ ᠵᠢᠷᠤᠭ᠂ ᠰᠣᠶᠣᠯ᠎ᠤᠨ ᠪᠦᠳᠦᠭᠡᠯᠴᠢ ᠦᠢᠯᠡᠳᠬᠦᠨ᠂ ᠲᠠᠭᠠᠯᠳᠠ ᠪᠦᠳᠦᠭᠡᠭᠳᠡᠬᠦᠨ ᠢ᠋ ᠨᠡᠭᠡᠭᠡᠨ ᠬᠥᠭ᠌ᠵᠢᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢ ᠤᠶᠠᠯᠳᠤᠭᠤᠯᠤᠨ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠰᠣᠶᠣᠯ ᠤᠨ ᠦᠵᠡᠰᠭᠦᠯᠡᠩ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠳᠣᠨ ᠪᠦᠲᠦᠭᠡᠯ᠎ᠦᠨ ᠦᠵᠡᠭᠦᠯᠭᠡ ᠳᠤ ᠣᠷᠣᠯᠴᠠᠬᠤ᠎ᠪᠠᠷ ᠳᠡᠮᠵᠢᠨ᠂ ᠲᠤᠤ ᠪᠦᠦ ᠳᠡᠯᠭᠡᠭᠦᠷ ᠵᠢᠴᠢ ᠣᠬᠣᠷ ᠸᠢᠳᠢᠣ᠋᠎ᠶ᠋ᠢᠨ ᠲᠠᠩᠰᠠᠨ ᠨᠣᠮᠧᠷ ᠨᠡᠭᠡᠭᠡᠵᠦ᠍᠂ ᠨᠥᠯᠥᠭᠡᠯᠡᠬᠦ᠌ ᠬᠦᠴᠦᠨ ᠵᠢᠡᠨ ᠥᠷᠭᠡᠳᠭᠡᠪᠠ; ᠰᠣᠶᠣᠯ ᠵᠢᠭᠤᠯᠴᠢᠯᠠᠯ᠎ᠤᠨ ᠠᠭᠤᠰᠤᠯᠴᠠᠯ᠎ᠦᠨ ᠲᠠᠯ᠎ᠠ ᠪᠡᠷ᠂ ᠪᠠᠷ ᠵᠢᠷᠤᠭ᠎ᠤᠨ ᠬᠦᠷᠢᠶᠡᠯᠡᠩ ᠤᠨ ᠪᠡᠶᠡᠴᠢᠯᠡᠨ ᠣᠢᠯᠠᠭᠠᠬᠤ ᠦᠶ᠋ᠯᠡᠳᠭᠡᠯ᠎ᠦᠨ ᠭᠠᠵᠠᠷ ᠭᠠᠷᠭᠠᠵᠤ᠂ 《ᠬᠡᠭᠡᠷ᠎ᠡ᠎ᠶ᠋ᠢᠨ ᠬᠦᠶ᠋ᠯᠡᠰᠦᠨ ᠴᠡᠴᠡᠭ᠎ᠦᠨ ᠨᠠᠢᠷ》᠂ 《ᠨᠠᠭᠠᠳᠤᠮ᠎ᠤᠨ ᠬᠤᠷᠠᠯ》 ᠵᠡᠷᠭᠡ ᠠᠵᠢᠯᠯᠠᠭ᠎ᠠ᠎ᠲᠠᠶ ᠤᠶᠠᠯᠳᠤᠭᠤᠯᠤᠨ᠂ ᠪᠠᠷ ᠵᠢᠷᠤᠭ᠎ᠤᠨ ᠦᠵᠡᠰᠭᠦᠯᠡᠩ᠂ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ 《ᠪᠠᠷ ᠵᠢᠷᠤᠭ᠎ᠲᠠᠬᠢ ᠤᠮᠠᠷᠠᠲᠤ ᠬᠢᠯᠢ᠎ᠶ᠋ᠢᠨ ᠰᠣᠶᠣᠯ》 ᠤ᠋ᠨ ᠭᠤᠤᠯ ᠰᠡᠳᠦᠪᠲᠦ ᠰᠤᠳᠤᠯᠤᠨ ᠰᠤᠷᠤᠯᠴᠠᠬᠤ ᠲᠦᠷᠦᠯ ᠲᠡᠮᠳᠡᠭ ᠢ ᠪᠣᠶ ᠪᠣᠯᠭᠠᠪᠠ᠃
ᠬᠣᠢᠱᠢᠳᠠ᠂ ᠵᠠᠷᠤᠳ ᠬᠣᠱᠢᠭᠤ 《ᠴᠢᠳᠠᠪᠤᠷᠢᠲᠠᠨᠬᠥᠮᠦᠵᠢᠭᠦᠯᠬᠦ᠌ — ᠭᠣᠣᠯ ᠰᠡᠳᠦᠪᠲᠦ ᠵᠣᠬᠢᠶᠠᠨ ᠪᠦᠲᠦᠭᠡᠯᠭᠡ — ᠲᠦᠷᠦᠯ ᠲᠡᠮᠳᠡᠭ ᠢ ᠡᠭᠦᠳᠬᠦ᠌ — ᠠᠵᠤ ᠦᠢᠯᠡᠰ᠎ᠢ ᠠᠭᠤᠰᠤᠯᠴᠠᠭᠤᠯᠬᠤ》ᠵᠠᠭ᠍ᠪᠤᠷ ᠢ ᠭᠦᠨᠵᠡᠭᠡᠢᠷᠡᠭᠦᠯᠵᠦ᠍᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠦᠨᠡᠨ ᠪᠤᠳᠠᠳᠠᠢ ᠥᠷᠨᠢᠭᠦᠯᠦᠨ᠎ᠡ᠃