ᠴᠢᠩᠱᠠᠨ ᠲᠣᠭᠣᠷᠢᠭ᠄ ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠪᠦᠯᠬᠦᠮᠳᠡᠯ ᠨᠢᠭᠳᠠᠷᠠᠯ᠎ᠢ ᠬᠠᠮᠠᠭᠠᠯᠠᠨ᠎ᠠ
2025-10-15 10:01:30
ᠵᠣᠬᠢᠶᠠᠭ᠍ᠴᠢ᠄
ᠪᠤᠤ ᠢᠤᠢ ᠶᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ 《ᠵᠢᠷᠭᠤᠭᠠᠨ ᠨᠢᠭᠡ》ᠵᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠣᠷᠣᠨ᠎ᠨᠤᠳᠤᠭ᠎ᠤᠨ ᠴᠡᠷᠢᠭ᠎ᠦᠨ ᠠᠵᠤ ᠦᠶ᠋ᠯᠡᠳᠪᠦᠷᠢ ᠎ᠶ᠋ᠢᠨ ᠰᠣᠶᠣᠯ᠎ᠤᠨ ᠲᠡᠦᠬᠡᠨ ᠮᠠᠲ᠋ᠧᠷᠢᠶᠠᠯ ᠎ᠢ ᠭᠦᠨᠵᠡᠭᠡᠶ ᠠᠭᠤᠳᠠᠯᠵᠤ᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠬᠤ ᠠᠵᠢᠯ ᠎ᠢ ᠠᠬᠢᠭᠤᠯᠵᠤ ᠪᠤᠢ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠴᠢᠩᠭ᠎ᠠ ᠡᠵᠡᠮᠳᠡᠵᠦ᠍᠂ ᠣᠯᠠᠨ ᠡᠱᠢᠲᠦ ᠠᠴᠢᠶᠠᠯᠠᠪᠤᠷᠢ ᠬᠢᠭᠡᠳ ᠦᠨᠡᠨ ᠪᠣᠳᠠᠲᠠᠶ᠎ᠠᠷᠭ᠎ᠠ ᠬᠡᠮᠵᠢᠶ᠎ᠡ ᠎ᠪᠡᠷ ᠠᠷᠠᠳ᠎ᠤᠨ ᠴᠡᠷᠢᠭ ᠎ᠦᠨ ᠠᠵᠤ ᠦᠢᠯᠡᠳᠪᠤᠷᠢ ᠵᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠭᠤᠰᠤᠯᠴᠠᠭᠤᠯᠵᠠᠢ᠃

《ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠵᠤ ᠪᠦᠯᠬᠦᠮᠳᠡᠯ᠎ᠢ ᠬᠠᠮᠠᠭᠠᠯᠠᠬᠤ》ᠭᠤᠤᠯ ᠰᠡᠳᠦᠪ᠎ᠦᠨ ᠲᠣᠭᠣᠷᠢᠨ᠎ᠳᠤ᠂《ᠠᠮᠠᠯᠠᠯᠲᠠ》᠂《ᠴᠡᠷᠢᠭ᠎ᠦᠨ ᠠᠵᠤ ᠦᠶ᠋ᠯᠡᠳᠪᠦᠷᠢ᠎ᠶ᠋ᠢᠨ ᠬᠣᠲᠠ᠎ᠶ᠋ᠢᠨ  ᠬᠠᠯᠠᠭᠤᠨ ᠬᠠᠢᠷ᠎ᠠ》ᠵᠡᠷᠭᠡ ᠷᠣᠮᠠᠨ ᠎ᠢ ᠬᠡᠪᠯᠡᠭᠦᠯᠪᠡ᠃ ᠡᠭᠦᠨ᠎ᠳᠦ《ᠠᠮᠠᠯᠠᠯᠲᠠ》 ᠨᠢ  ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠣᠶᠤᠨ ᠎ᠤ ᠪᠣᠯᠪᠠᠰᠤᠨ᠎ᠤ ᠪᠠᠢᠭᠤᠯᠤᠯᠲᠠ᠎ᠶ᠋ᠢᠨ《ᠲᠠᠪᠤᠨ ᠨᠢᠭᠡ᠎ᠶ᠋ᠢᠨ ᠢᠨᠵᠧᠨᠧᠷᠢᠩ》 ᠤ᠋ᠨ ᠱᠢᠯᠢᠳᠡᠭ ᠪᠦᠲᠦᠭᠡᠯ᠎ᠦᠨ ᠱᠠᠩᠨᠠᠯ  ᠢ᠋ ᠭᠥᠷᠳᠡᠵᠠᠢ᠃ ᠡᠭᠦᠨ᠎ᠦ ᠬᠠᠮᠲᠤ᠂ 《ᠴᠢᠡᠭᠱᠠᠨ ᠲᠤᠭᠤᠷᠢᠭ  ᠴᠡᠷᠢᠭ ᠠᠷᠠᠳ᠎ᠤᠨ ᠬᠡᠷᠡᠭ᠌ᠯᠡᠭᠡ ᠎ᠶ᠋ᠢ ᠠᠭᠤᠰᠤᠯᠴᠠᠭᠤᠯᠤᠨ ᠪᠦᠯᠬᠦᠮᠳᠡᠯ ᠨᠢᠭᠳᠠᠷᠠᠯ ᠎ᠢ ᠬᠠᠮᠠᠭᠠᠯᠠᠨ᠎ᠠ》 ᠭᠡᠬᠦ ᠭᠤᠤᠯ ᠰᠡᠳᠦᠪᠲᠦ ᠤᠬᠠᠭᠤᠯᠭ᠎ᠠ᠎ᠶ᠋ᠢᠨ ᠹᠢᠯᠢᠮ᠎ᠢ᠋ ᠨᠠᠷᠢᠨ ᠨᠢᠮᠪᠠᠶ ᠲᠥᠰᠦᠪᠯᠡᠨ ᠦᠶ᠋ᠯᠡᠳᠦᠭ᠌ᠰᠡᠨ ᠪᠥᠭᠡᠳ ᠴᠢᠩᠱᠠᠨ ᠲᠣᠭᠣᠷᠢᠭ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ ᠎ᠶ᠋ᠢᠨ ᠰᠠᠷ᠎ᠠ ᠵᠢᠴᠢ 《ᠵᠢᠷᠭᠤᠭᠠᠨ ᠨᠢᠭᠡ》 ᠵᠢᠨ ᠢᠨᠵᠧᠨᠧᠷᠢᠩ᠎ᠦᠨ ᠭᠤᠤᠯ ᠰᠡᠳᠦᠪᠲᠦ ᠠᠵᠢᠯᠯᠠᠭ᠎ᠠ᠎ᠶ᠋ᠢ ᠪᠥᠬᠥ᠌ ᠣᠷᠣᠨ᠎ᠳ᠋ᠤ ᠥᠷᠭᠡᠨ᠎ᠢᠶᠡᠷ ᠤᠬᠠᠭᠤᠯᠵᠠᠢ᠃

《ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠪᠦᠯᠬᠦᠮᠲᠠᠯ᠎ᠢ ᠬᠠᠮᠠᠭᠠᠯᠠᠨ᠎ᠠ》 ᠭᠡᠬᠦ᠌ ᠨᠡᠢᠲᠡᠯᠢᠭ ᠦᠯᠢᠭᠡᠷ  ᠵᠢᠱ᠌ᠢᠶ᠎ᠡ ᠵᠢᠨ ᠤᠬᠠᠭᠤᠯᠭ᠎ᠠ᠎ᠶ᠋ᠢᠨ ᠳᠡᠪᠲᠡᠷ ᠎ᠢ ᠪᠦᠷᠢᠯᠳᠦᠭᠦᠯᠵᠦ᠍᠂ ᠲᠦᠴᠢᠨ ᠬᠤᠶᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ ᠎ᠶ᠋ᠢᠨ ᠬᠤᠭᠤᠴᠠᠭᠠᠨ ᠎ᠳᠤ 1000 ᠭᠠᠷᠤᠶ ᠳᠡᠪᠲᠡᠷ ᠲᠠᠷᠬᠠᠭᠠᠵᠤ᠂ ᠪᠥᠬᠥ᠌ ᠤᠯᠤᠰ᠎ᠤᠨ ᠠᠳᠠᠯᠢ ᠲᠥᠷᠥᠯ ᠎ᠦᠨ ᠭᠠᠵᠠᠷ ᠣᠷᠣᠨ᠎ᠳᠤ ᠦᠶ᠋ᠯᠡᠳᠦᠯᠭᠡ᠎ᠶ᠋ᠢᠨ ᠵᠠᠭ᠍ᠪᠤᠷ ᠬᠠᠩᠭᠠᠪᠠ᠃ ᠪᠥᠬᠥ᠌ ᠬᠦᠴᠦ᠍᠎ᠪᠡᠷ᠎ᠢᠶᠡᠨ ᠵᠣᠬᠢᠶᠠᠨ ᠪᠦᠲᠦᠭᠡᠭ᠌ᠰᠡᠨ ᠲᠣᠮᠣ ᠬᠡᠯᠪᠡᠷᠢ᠎ᠶ᠋ᠢᠨ ᠤᠤᠭᠠᠯ ᠦᠵᠡᠭ᠌ᠳᠡᠯᠲᠦ ᠵᠦᠴᠦᠭᠡ 《ᠴᠡᠷᠢᠭ ᠎ᠦᠨ ᠠᠵᠤ ᠦᠶ᠋ᠯᠡᠳᠪᠦᠷᠢ᠎ᠶ᠋ᠢᠨ ᠬᠠᠢᠷ᠎ᠠ ᠬᠠᠯᠠᠮᠵᠢ · ᠤᠯᠤᠰ ᠭᠡᠷ ᠤ᠋ᠨ ᠬᠦᠰᠡᠯ ᠵᠡᠭᠦᠳᠦ》 ᠶ᠋ᠢ ᠠᠩᠬ᠎ᠠ ᠤᠳᠠᠭ᠎ᠠ ᠲᠣᠭ᠍ᠯᠠᠵᠤ᠂ ᠰᠦᠯᠵᠢᠶᠡᠨ ᠳᠡᠬᠡᠷ᠎ᠠ ᠪᠠ ᠠᠬᠤᠢ ᠲᠠᠯᠠᠪᠠᠢ ᠳ᠋ᠤ ᠵᠡᠷᠭᠡ᠎ᠪᠡᠷ ᠨᠡᠪᠲᠡᠷᠡᠭᠦᠯᠬᠦ᠌᠎ᠪᠡᠷ ᠪᠣᠶ᠃

ᠴᠡᠷᠢᠭ ᠎ᠦᠨ ᠠᠵᠤ ᠦᠶ᠋ᠯᠡᠳᠪᠦᠷᠢ  ᠵᠢᠨ ᠰᠣᠶᠣᠯ᠎ᠤᠨ ᠠᠭᠤᠳᠠᠮ ᠲᠠᠯᠠᠪᠠᠶ᠎ᠶ᠋ᠢ ᠲᠠᠰ ᠳᠡᠪᠱᠢᠭᠦᠯᠦᠨ ᠥᠭᠡᠷᠡᠴᠢᠯᠡᠨ ᠪᠠᠢᠭᠤᠯᠬᠤ ᠲᠥᠷᠥᠯ ᠵᠦᠶ᠋ᠯ ᠎ᠢ ᠡᠬᠢᠯᠡᠭᠦᠯᠵᠦ᠍᠂ 《ᠬᠤᠪᠢᠰᠭᠠᠯᠳᠤ ᠰᠤᠶᠤᠯ ᠵᠢᠡᠷ  ᠬᠢᠴᠢᠶᠡᠯ ᠎ᠦᠨ ᠲᠠᠩᠬᠢᠮ ᠎ᠢ ᠪᠠᠲᠤ ᠴᠣᠭ᠍ᠴᠠᠯᠠᠵᠤ 》᠂ ᠥᠪᠡᠷᠮᠢᠴᠡ ᠣᠨᠴᠠᠯᠢᠭ ᠪᠥᠬᠥᠶ ᠲᠡᠮᠦᠷ ᠤᠷᠠᠯᠠᠯ᠂ ᠰᠣᠶᠣᠯ ᠎ᠤᠨ ᠬᠡᠷᠡᠮ ᠵᠡᠷᠭᠡ ᠦᠵᠡᠮᠵᠢ᠎ᠶ᠋ᠢ ᠳᠣᠭᠢᠷᠠᠭᠤᠯᠵᠤ᠂ ᠠᠨᠠᠷ᠎ᠤᠨ ᠬᠡᠤᠬᠡᠯᠲᠠᠢ ᠵᠢᠨ ᠳᠦᠷᠢ ᠲᠥᠷᠬᠦ᠌ ᠎ᠶ᠋ᠢ 《ᠪᠦᠯᠬᠦᠮᠳᠡᠯ 》 ᠪᠠ《ᠨᠢᠭᠲᠠᠷᠠᠯ》 ᠳ᠋ᠤ ᠠᠭᠤᠰᠤᠯᠴᠠᠭᠤᠯᠵᠤ᠂ ᠦᠨᠳᠦᠰᠦᠲᠡᠨ ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ ᠎ᠦᠨ ᠵᠢᠭ᠍ᠰᠠᠭᠠᠯ᠎ᠤᠨ ᠭᠠᠵᠠᠷ ᠪᠣᠯᠭᠠᠵᠠᠢ᠃ ᠡᠭᠦᠨ᠎ᠦ ᠬᠠᠮᠲᠤ᠂  33 ᠰᠣᠳᠣᠨ ᠵᠢᠱ᠌ᠢᠶ᠎ᠡ ᠦᠵᠡᠭᠦᠯᠬᠦ᠌ ᠴᠡᠭ ᠎ᠢ ᠲᠠᠰ ᠳᠡᠪᠱᠢᠭᠦᠯᠦᠨ᠂ ᠨᠠᠷᠢᠨ ᠨᠢᠮᠪᠠᠶ ᠴᠣᠭ᠍ᠴᠠᠯᠠᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ 8 ᠵᠤᠷᠪᠤᠰ ᠰᠣᠳᠣᠨ ᠱᠤᠭᠤᠮ ᠎ᠢ ᠬᠤᠯᠪᠤᠨ ᠨᠡᠪᠳᠡᠷᠡᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号