《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠠᠮᠲᠤ᠎ᠪᠠᠷ ᠠᠬᠢᠭᠤᠯᠵᠦ ᠬᠠᠮᠲᠤ᠎ᠪᠠᠷ ᠴᠤᠬᠴᠠᠯᠠᠬᠤ》 ᠠᠵᠢᠯᠯᠠᠭ᠎ᠠ᠎ᠶᠠᠪᠤᠬᠳᠠᠪᠠ
2025-10-15 11:41:46
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠣᠯᠤᠨ ᠬᠥᠬᠡᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ ᠬᠠᠮᠲᠤᠷᠠᠨ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠴᠢᠩ ᠹᠸᠩ ᠯᠢ ᠨᠡᠢᠭᠡᠮ ᠲᠣᠭᠣᠷᠢᠭ᠎ᠲᠤ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠠᠮᠲᠤ᠎ᠪᠠᠷ ᠠᠬᠢᠭᠤᠯᠵᠦ ᠬᠠᠮᠲᠤ᠎ᠪᠠᠷ ᠴᠤᠬᠴᠠᠯᠠᠬᠤ》 ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠳᠡᠭᠡᠷ᠎ᠡ᠂ 《9·3》 ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ ᠎ᠦᠨ ᠰᠤᠳᠤᠯᠭᠠᠨ ᠬᠡᠷᠡᠭ᠌ᠯᠡᠭᠡᠨ᠎ᠦ ᠲᠥᠪ᠂ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠪᠣᠯᠤᠨ ᠴᠡᠯᠡᠭᠡᠷ ᠲᠠᠯ᠎ᠠ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠭᠠᠵᠠᠷ᠂ ᠲᠣᠮᠢᠯᠠᠭ᠍ᠰᠠᠨ ᠰᠠᠯᠪᠤᠷᠢ᠂ ᠵᠡᠪᠰᠡᠭ᠌ᠲᠦ ᠬᠦᠴᠦᠨ᠎ᠦ ᠬᠡᠯᠲᠡᠰ ᠵᠡᠷᠭᠡ ᠬᠠᠮᠲᠤ᠎ᠪᠠᠷ ᠪᠠᠢᠭᠤᠯᠬᠤ ᠨᠢᠭᠡᠴᠢ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠂ ᠰᠠᠢᠬᠠᠨ ᠲᠣᠭᠣᠷᠢᠭ᠎ᠤᠨ ᠰᠣᠶᠣᠯ᠎ᠤᠨ ᠣᠷᠳᠣᠨ ᠡᠴᠡ ᠭᠣᠢᠳᠠ ᠰᠠᠢᠬᠠᠨ ᠤᠳᠭ᠎ᠠ ᠤᠷᠠᠯᠢᠭ᠎ᠤᠨ ᠲᠣᠭ᠍ᠯᠠᠯᠲᠠ ᠭᠠᠷᠭᠠᠪᠠ᠃ 

ᠴᠢᠩ ᠹᠸᠩ ᠯᠢ ᠨᠡᠢᠭᠡᠮ ᠲᠣᠭᠣᠷᠢᠭ ᠪᠣᠯ ᠣᠯᠠᠨ ᠦᠨᠳᠦᠰᠦᠲᠡᠨ ᠬᠠᠮᠲᠤ᠎ᠪᠠᠷ ᠰᠠᠭᠤᠷᠢᠱᠢᠭ᠍ᠰᠠᠨ ᠨᠡᠢᠭᠡᠮ ᠲᠣᠭᠣᠷᠢᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ ᠬᠢᠭᠡᠳ ᠬᠥᠬᠡᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠨᠢ ᠦᠷᠬᠦᠯᠵᠢᠯᠡᠨ ᠨᠡᠢᠭᠡᠮ ᠲᠣᠭᠣᠷᠢᠭ ᠲᠠᠢ ᠬᠠᠮᠵᠢᠯᠴᠠᠨ ᠤᠬᠠᠭᠤᠯᠭ᠎ᠠ ᠬᠥᠮᠦᠵᠢᠯ᠂ ᠠᠷᠠᠳ᠎ᠤᠨ ᠲᠥᠯᠥᠭᠡ ᠦᠶ᠋ᠯᠡᠴᠢᠯᠡᠬᠦ᠌᠂ ᠪᠠᠶᠠᠷ ᠳᠤᠷᠠᠰᠭᠠᠯ᠎ᠤᠨ ᠡᠲᠦᠷ᠎ᠲᠤ ᠵᠤᠷᠢᠭᠤᠯᠤᠨ ᠠᠵᠢᠯᠯᠠᠭ᠎ᠠ ᠦᠷᠨᠢᠬᠦᠯᠬᠦ ᠵᠡᠷᠭᠡ ᠶᠡᠷᠦᠩᠬᠡᠢᠯᠡᠭ᠌ᠰᠡᠨ ᠠᠷᠭ᠎ᠠ ᠬᠡᠮᠵᠢᠶ᠎ᠡ᠎ᠪᠡᠷ ᠳᠠᠮᠵᠢᠨ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠵᠣᠯ ᠵᠢᠷᠭᠠᠯᠲᠤ ᠬᠡᠷ ᠣᠷᠣᠨ᠎ᠢ ᠬᠦᠴᠦᠯᠡᠨ ᠪᠠᠢᠭᠤᠯᠵᠤ᠂ 《ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠠᠷᠠᠳ ᠲᠦᠮᠡᠨ ᠎ᠦ ᠲᠥᠯᠥᠭᠡ》 ᠪᠠᠢᠬᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠨᠠᠷᠠᠲᠤ ᠲᠡᠮᠳᠡᠭ ᠎ᠢ ᠴᠢᠷᠮᠠᠢᠨ ᠡᠬᠦᠳᠴᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠤᠯᠤᠰ ᠲᠥᠷᠥ᠎ᠶ᠋ᠢᠨ ᠵᠥᠪᠯᠡᠯᠭᠡᠨ᠎ᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠬᠦᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号