ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠬᠢᠴᠢᠶᠡᠯ᠎ᠦᠨ ᠬᠥᠲᠥᠯᠪᠦᠷᠢ》 ᠶ᠋ᠢ ᠨᠡᠢᠲᠡᠯᠡᠵᠦ᠂ ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠬᠢᠴᠢᠶᠡᠯ᠎ᠦᠨ ᠰᠢᠰᠲᠧᠮ᠎ᠦᠨ ᠪᠠᠢᠭᠤᠯᠤᠯᠲᠠ᠎ᠶᠢ ᠰᠢᠰᠲᠧᠮᠵᠢᠭᠦᠯᠦᠨ ᠵᠢᠷᠤᠮᠵᠢᠭᠤᠯᠬᠤ᠎ᠶᠢ ᠠᠬᠢᠭᠤᠯᠪᠠ᠃
ᠵᠣᠬᠢᠶᠠᠮᠠᠯ ᠤᠶᠤᠨ ᠴᠢᠳᠠᠪᠤᠷᠢ ᠨᠢ ᠢᠷᠡᠭᠡᠳᠦᠢ᠎ᠶᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠮᠡᠷᠭᠡᠵᠢᠯ ᠪᠣᠯᠤᠭᠰᠠᠨ᠎ᠤ ᠬᠤᠪᠢ᠎ᠳᠤ ᠨᠢᠭᠡᠨᠲᠡ ᠰᠤᠷᠭᠠᠨ ᠬᠥᠮᠦᠵᠢᠯ᠎ᠦᠨ ᠬᠡᠯᠪᠡᠷᠢ ᠪᠠᠢᠳᠠᠯ᠎ᠢ ᠲᠠᠬᠢᠨ ᠱᠤᠭᠤᠬᠤ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠬᠤᠪᠢᠷᠠᠭᠤᠯᠬᠤ ᠴᠢᠬᠤᠯᠠ ᠬᠦᠴᠦᠨ ᠪᠣᠯᠤᠭᠰᠠᠨ ᠪᠠᠢᠨ᠎ᠠ᠃ ᠲᠣᠰ ᠤᠳᠠᠭ᠎ᠠ ᠵᠢᠨ ᠨᠡᠢᠲᠡᠯᠡᠭᠰᠡᠨ ᠬᠢᠴᠢᠶᠡᠯ᠎ᠦᠨ ᠬᠦᠳᠦᠯᠪᠦᠷᠢ ᠨᠢ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠲᠠᠨᠢᠨ ᠮᠡᠳᠡᠬᠦᠢ᠎ᠶᠢᠨ ᠵᠢᠮ᠎ᠡ ᠶᠣᠰᠣ᠌ ᠬᠢᠭᠡᠳ ᠦᠰᠦᠨ ᠪᠣᠶ᠋ᠢᠵᠢᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠬᠢᠴᠢᠶᠡᠯ᠎ᠦᠨ ᠰᠠᠭᠤᠷᠢ ᠴᠢᠨᠠᠷ᠂ ᠦᠢᠯᠡᠳᠦᠯᠭᠡ᠎ᠶᠢᠨ ᠴᠢᠨᠠᠷ᠂ ᠶᠡᠷᠦᠩᠬᠡᠢᠯᠡᠭᠰᠡᠨ ᠴᠢᠨᠠᠷ᠂ ᠬᠥᠭᠵᠢᠯᠲᠡ᠎ᠶᠢᠨ ᠴᠢᠨᠠᠷ᠎ᠢ ᠴᠢᠩᠭᠠᠳᠬᠠᠵᠤ᠂ 《ᠤᠬᠠᠭᠳᠠᠬᠤᠨ ᠬᠢᠭᠡᠳ ᠰᠠᠭᠤᠷᠢ — ᠮᠡᠷᠭᠡᠵᠢᠯ ᠬᠢᠭᠡᠳ ᠤᠭ ᠶᠤᠰᠤ — ᠬᠡᠷᠡᠭᠯᠡᠯᠲᠡ ᠬᠢᠭᠡᠳ ᠰᠢᠨᠡᠴᠢᠯᠡᠯᠳᠡ — ᠡᠰᠢ ᠶᠣᠰᠣ᠌ ᠬᠢᠭᠡᠳ ᠠᠮᠤᠷ ᠲᠦᠪᠰᠢᠨ》 ᠭᠡᠬᠦ ᠳᠥᠷᠪᠡ᠎ᠶᠢ ᠨᠢᠭᠡ ᠴᠣᠭᠴᠠᠵᠢᠭᠤᠯᠤᠭᠰᠠᠨ ᠬᠢᠴᠢᠶᠡᠯ᠎ᠦᠨ ᠰᠢᠰᠲᠧᠮ᠎ᠢ ᠪᠣᠶ ᠪᠣᠯᠭᠠᠬᠤ ᠪᠣᠯᠣᠨ᠎ᠠ᠃ 《ᠬᠥᠮᠥᠨ ᠢ ᠬᠥᠮᠥᠵᠢᠭᠦᠯᠬᠦ᠎ᠪᠡᠷ ᠦᠨᠳᠦᠰᠦ ᠪᠣᠯᠭᠠᠬᠤ᠂ ᠬᠡᠪ ᠪᠣᠯᠪᠠᠰᠤᠷᠠᠯ᠎ᠢᠶᠠᠷ ᠤᠳᠤᠷᠢᠳᠤᠮᠵᠢ ᠪᠣᠯᠭᠠᠬᠤ᠂ ᠭᠠᠵᠠᠷ ᠤᠷᠤᠨ ᠳ᠋ᠠᠭᠠᠨ ᠰᠠᠭᠤᠷᠢᠯᠠᠬᠤ᠂ ᠢᠷᠡᠭᠡᠳᠦᠢ᠎ᠳᠦ ᠬᠠᠨᠳᠤᠬᠤ》 ᠵᠢ ᠪᠠᠷᠢᠮᠲᠠᠯᠠᠵᠤ᠂ 《ᠠᠬᠤᠢ ᠲᠠᠯᠠᠪᠤᠷ᠎ᠤᠨ ᠣᠢᠯᠠᠭᠠᠯᠲᠠ — ᠤᠭ ᠶᠣᠰᠣ᠌ ᠶᠢ ᠰᠦᠪᠡᠭᠴᠢᠯᠡᠬᠦ — ᠬᠡᠷᠡᠭᠯᠡᠭᠡᠨ᠎ᠦ ᠰᠢᠨ᠎ᠡ ᠶᠢ ᠡᠭᠦᠳᠬᠦ》 ᠲᠠᠨᠢᠨ ᠮᠡᠳᠡᠬᠦᠢ᠎ᠶᠢᠨ ᠵᠢᠮ᠎ᠡ ᠶᠣᠰᠣ᠌᠎ᠶᠢ ᠵᠢᠷᠤᠮᠯᠠᠨ᠂ ᠰᠤᠷᠤᠭ᠍ᠴᠢᠳ᠎ᠤᠨ ᠵᠣᠬᠢᠶᠠᠮᠠᠯ ᠤᠶᠤᠨ ᠴᠢᠳᠠᠪᠤᠷᠢ ᠵᠢᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ᠎ᠶᠢ ᠬᠦᠴᠦᠯᠡᠨ ᠬᠥᠮᠥᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠤᠶᠤᠨ ᠴᠢᠳᠠᠪᠤᠷᠢ ᠵᠢᠨ ᠰᠤᠷᠭᠠᠨ ᠬᠥᠮᠦᠵᠢᠯ ᠢ᠋ ᠥᠷᠨᠢᠭᠦᠯᠬᠦ᠎ᠳᠦ ᠰᠢᠰᠲᠧᠮᠵᠢᠭᠰᠡᠨ ᠬᠢᠴᠢᠶᠡᠯ᠎ᠦᠨ ᠵᠢᠯᠣᠭᠣᠳᠤᠯᠭ᠎ᠠ ᠬᠠᠩᠭᠠᠨ᠎ᠠ᠃
ᠬᠢᠴᠢᠶᠡᠯ᠎ᠦᠨ ᠬᠦᠳᠦᠯᠪᠦᠷᠢ ᠳ᠋ᠤ᠂ ᠵᠣᠬᠢᠶᠠᠮᠠᠯ ᠤᠶᠤᠨ ᠴᠢᠳᠠᠪᠤᠷᠢ ᠵᠢᠨ ᠬᠢᠴᠢᠶᠡᠯ ᠢ᠋ ᠳᠤᠮᠳᠠᠳᠤ ᠪᠠᠭ᠎ᠠ ᠰᠤᠷᠭᠠᠭᠤᠯᠢ ᠶ᠋ᠢᠨ ᠪᠥᠬᠥ ᠰᠤᠷᠤᠯᠭ᠎ᠠ ᠶ᠋ᠢᠨ ᠱᠠᠳᠤᠨ᠎ᠳᠤ ᠨᠡᠭᠡᠭᠡᠵᠦ᠂ ᠰᠤᠷᠤᠯᠭ᠎ᠠ ᠶ᠋ᠢᠨ ᠤᠨ ᠪᠦᠷᠢᠳᠦ 8 ᠬᠢᠴᠢᠶᠡᠯ᠎ᠦᠨ ᠴᠠᠭ ᠠ᠋ᠴᠠ ᠳᠤᠲᠠᠭᠤ ᠪᠠᠢᠯᠭᠠᠵᠤ ᠪᠣᠯᠬᠤ ᠦᠭᠡᠢ᠃ ᠳᠤᠮᠳᠠᠳᠤ ᠪᠠᠭ᠎ᠠ ᠰᠤᠷᠭᠠᠭᠤᠯᠢ᠎ᠨᠤᠭᠤᠳ ᠵᠣᠬᠢᠶᠠᠮᠠᠯ ᠤᠶᠤᠨ ᠴᠢᠳᠠᠪᠤᠷᠢ ᠵᠢᠨ ᠬᠢᠴᠢᠶᠡᠯ ᠢ ᠲᠤᠰᠠᠭᠠᠷ ᠲᠣᠬᠢᠷᠠᠭᠤᠯᠵᠤ ᠪᠣᠯᠣᠨ᠎ᠠ᠂ ᠪᠠᠰᠠ ᠮᠡᠳᠡᠭᠡ ᠵᠠᠩᠭᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠢᠳᠡᠮ ᠬᠡᠷᠡᠭᠯᠡᠬᠡᠨ᠎ᠤ ᠮᠡᠷᠭᠡᠵᠢᠯ᠂ ᠰᠢᠨᠵᠢᠯᠡᠬᠦ ᠤᠬᠠᠭᠠᠨ᠂ ᠶᠡᠷᠦᠩᠬᠡᠢᠯᠡᠭᠰᠡᠨ ᠦᠢᠯᠡᠳᠦᠯᠭᠡ᠎ᠶᠢᠨ ᠠᠵᠢᠯᠯᠠᠭ᠎ᠠ᠂ ᠬᠥᠳᠡᠯᠮᠦᠷᠢ ᠵᠡᠷᠭᠡ ᠬᠢᠴᠢᠶᠡᠯ᠎ᠲᠠᠢ ᠠᠭᠤᠰᠤᠯᠴᠠᠭᠤᠯᠤᠨ ᠥᠷᠨᠢᠭᠦᠯᠵᠦ ᠪᠣᠯᠣᠨ᠎ᠠ ᠬᠡᠵᠦ ᠳᠤᠷᠠᠳᠪᠠ᠃ ᠬᠢᠴᠢᠶᠡᠯ᠎ᠦᠨ ᠬᠥᠲᠥᠯᠪᠦᠷᠢ᠎ᠳᠦ ᠪᠠᠰᠠ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠂ ᠲᠤᠰᠬᠠᠢ ᠮᠡᠷᠭᠡᠵᠢᠯ᠎ᠦᠨ ᠳᠡᠮᠵᠢᠯᠭᠡ᠂ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠂ ᠬᠠᠮᠵᠢᠯᠴᠠᠨ ᠬᠥᠮᠥᠨ ᠬᠥᠮᠥᠵᠢᠭᠦᠯᠬᠦ ᠵᠡᠷᠭᠡ ᠲᠠᠯ᠎ᠠ᠎ᠪᠠᠷ ᠬᠢᠴᠢᠶᠡᠯ᠎ᠦᠨ ᠬᠠᠮᠢᠶᠠᠷᠤᠯᠲᠠ ᠪᠠ ᠪᠠᠲᠤᠯᠠᠭ᠎ᠠ᠎ᠶᠢᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠴᠠᠢ᠃