— 《ᠬᠥᠬᠡᠬᠣᠲᠠ᠎ᠶ᠋ᠢᠨ ᠰᠠᠢᠨ ᠬᠥᠮᠦᠨ》 ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠯᠠᠭᠠᠨ᠎ᠤ ᠡᠵᠡᠮᠳᠡᠯ᠎ᠦᠨ ᠲᠥᠪ᠎ᠦᠨ ᠵᠢᠵᠢᠭᠦᠷᠯᠡᠭ᠌ᠴᠢ ᠳᠠᠭᠠᠭᠠᠮᠠᠯ ᠬᠤᠸᠠᠩ ᠴᠢ ᠳ᠋ᠦᠩ ᠢ᠋ ᠲᠡᠮᠳᠡᠭᠯᠡᠪᠡ
ᠬᠤᠸᠠᠩ ᠴᠢ ᠳ᠋ᠦᠩ᠎ᠦᠨ ᠠᠯᠪᠠᠨ ᠭᠡᠷ᠎ᠦᠨ ᠱᠢᠷᠡᠭᠡᠨ ᠳᠡᠭᠡᠷ᠎ᠡ ᠨᠢ ᠲᠡᠬᠦᠨ᠎ᠤ ᠦᠷᠭᠦᠯᠵᠢ ᠬᠡᠷᠡᠭ᠌ᠯᠡᠳᠡᠭ ᠡᠳ᠋ ᠬᠡᠷᠡᠭ᠌ᠰᠡᠯ ᠡᠮᠬᠢ ᠴᠡᠭ᠌ᠴᠡ᠎ᠲᠡᠶ ᠲᠠᠯᠪᠢᠭᠠᠰᠤᠳᠠᠢ᠂ ᠠᠵᠢᠯ᠎ᠤᠨ ᠦᠨᠡᠮᠯᠡᠯ᠎ᠤᠨ ᠰᠡᠬᠦᠳᠡᠷ ᠲᠡᠭᠡᠷᠡᠬᠢ ᠬᠤᠸᠠᠩ ᠴᠢ ᠳ᠋ᠦᠩ ᠡᠶᠡᠯᠳᠡᠭ ᠵᠥᠭᠡᠯᠡᠨ ᠬᠠᠷᠠᠴᠠ᠎ᠪᠠᠷ ᠲᠡᠭᠦᠨ᠎ᠦ ᠲᠠᠨᠢᠯ ᠲᠠᠰᠤᠯ᠂ ᠬᠢᠨᠠᠮᠠᠭᠠᠢ ᠬᠢᠴᠢᠶᠡᠩᠭᠦᠢ ᠠᠵᠢᠯᠯᠠᠵᠤ ᠥᠩᠭᠡᠷᠡᠭ᠌ᠰᠡᠨ ᠭᠠᠵᠠᠷ ᠵᠢᠡᠨ ᠰᠢᠷᠳᠡᠨ᠎ᠡ᠃
《ᠬᠠᠭᠠᠰ ᠰᠠᠷ᠎ᠠ᠎ᠶ᠋ᠢᠨ ᠡᠮᠦᠨ᠎ᠡ᠂ ᠠᠵᠢᠯ᠎ᠠᠴᠠ᠎ᠪᠠᠨ ᠠᠮᠠᠷᠠᠬᠰᠠᠨᠦ ᠲᠠᠷᠠᠭ᠎ᠠ ᠠᠵᠢᠯ᠎ᠤᠨ ᠪᠠᠢᠷᠢ ᠪᠠᠨ ᠨᠠᠳᠠ᠎ᠳᠤ ᠦᠭᠭᠦ ᠤᠤ ᠭᠡᠵᠦ ᠬᠤᠸᠠᠩ ᠳᠠᠭᠠᠭᠠᠮᠠᠯ᠎ᠲᠠᠢ ᠨᠠᠭᠠᠳᠤᠮ ᠬᠢᠬᠦ᠎ᠳᠦ᠂ ᠲᠡᠷᠡ ᠪᠡᠷ ᠮᠢᠨᠦ᠍ ᠠᠵᠢᠯ ᠤ᠋ᠨ ᠪᠠᠢᠷᠢ ᠭᠡᠵᠦ ᠪᠤᠶᠠᠠ ᠬᠡᠰᠢᠭ ᠲᠠᠢ ᠭᠠᠵᠠᠷ ᠰᠢᠤ᠂ ᠡᠷᠳᠡᠨ ᠡᠴᠡ ᠶᠠᠭᠠᠬᠢᠵᠤ ᠬᠡᠷᠡᠭᠯᠡᠬᠦ ᠪᠠᠨ ᠲᠥᠯᠥᠪᠯᠡᠵᠦ᠍ ᠪᠠᠢᠭᠠᠷᠠᠢ ᠭᠡᠵᠦ᠍ ᠪᠠᠶᠠᠷᠳᠠᠢᠬᠠᠨ ᠬᠡᠯᠡᠪᠡ》 ᠭᠡᠵᠦ ᠳᠤᠮᠳᠠᠳᠤ ᠤᠯᠤᠰ᠎ᠤᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠠᠭᠠᠷ᠎ᠤᠨ ᠠᠶᠠᠯᠠᠯ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠡᠯᠳᠡᠰ ᠤ᠋ᠨ ᠲᠣᠭ᠎ᠠ ᠪᠠᠷᠢᠮᠲᠠ ᠵᠠᠳᠠᠯᠤᠭ᠍ᠴᠢ ᠯᠢ ᠱᠢᠨ ᠶᠠᠨ ᠬᠠᠮᠤᠭ᠎ᠤᠨ ᠰᠡᠭᠦᠯᠴᠢ᠎ᠶ᠋ᠢᠨ ᠤᠳᠠᠭ᠎ᠠ ᠬᠤᠸᠠᠩ ᠴᠢ ᠳ᠋ᠦᠩ᠎ᠲᠡᠶ ᠠᠭᠤᠯᠵᠠᠭ᠍ᠰᠠᠨ ᠪᠠᠢᠳᠠᠯ᠎ᠢᠶᠠᠨ ᠡᠷᠬᠢᠴᠡᠬᠦᠯᠬᠦ ᠳ᠋ᠡᠭᠡᠨ᠄ 《ᠡᠨᠡ ᠬᠦ᠌ ᠨᠠᠭᠠᠳᠤᠮ ᠨᠢ ᠲᠡᠭᠦᠨ᠎ᠦ ᠠᠵᠢᠯ᠎ᠠᠴᠠ᠎ᠪᠠᠨ ᠠᠮᠠᠷᠠᠬᠤ ᠡᠴᠡ 23 ᠡᠳᠦᠷ᠎ᠦᠨ ᠡᠮᠦᠨᠡᠬᠢ ᠬᠠᠮᠤᠭ᠎ᠤᠨ ᠰᠡᠬᠦᠯᠴᠢ ᠵᠢᠨ ᠲᠤᠷᠠᠳᠬᠠᠯ ᠪᠤᠯᠤᠭᠰᠠᠨ ᠬᠡᠳᠡᠭ᠎ᠢ ᠪᠤᠳᠤᠵᠤ ᠣᠯᠤᠭ᠍ᠰᠠᠨ ᠦᠭᠡᠢ》 ᠭᠡᠯᠡ᠃
ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠣᠶᠠᠳᠤᠭᠠᠷ ᠡᠳᠦᠷ᠂ ᠬᠥᠬᠡᠬᠣᠲᠠ᠎ᠶ᠋ᠢᠨ ᠶᠢᠨ ᠾᠧ ᠵᠡᠭᠡᠯᠢ᠎ᠶ᠋ᠢᠨ ᠵᠢᠩ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠬᠠᠪᠢ ᠵᠢᠨ ᠰᠣᠯᠣᠩᠭᠠᠨ ᠬᠥᠭᠥᠷᠭᠡᠨ ᠳᠣᠣᠷ᠎ᠠ 6 ᠨᠠᠰᠤᠲᠠᠢ ᠵᠢᠭᠠᠯ ᠬᠦᠦ ᠤᠪᠠᠢᠨ ᠳ᠋ᠤ ᠦᠭᠡᠢ ᠤᠰᠤᠨ᠎ᠳᠤ ᠤᠨᠠᠵᠠᠢ᠂ ᠠᠪᠤ ᠨᠢ ᠭᠣᠣᠯ᠎ᠳᠤ ᠬᠠᠷᠠᠢᠨ ᠠᠪᠤᠷᠠᠬᠰᠠᠨ ᠪᠣᠯᠪᠠᠴᠤ᠌ ᠤᠰᠤᠨ᠎ᠳᠤ ᠤᠮᠪᠠᠵᠤ ᠴᠢᠳᠠᠬᠤ ᠦᠭᠡᠢ ᠡᠴᠨ ᠪᠤᠯᠵᠦ ᠬᠤᠶᠠᠭᠤᠯᠠ ᠪᠠᠨ ᠲᠦᠭᠰᠢᠬᠦᠷᠢᠳᠤ ᠪᠠᠢᠳᠠᠯ ᠳ᠋ᠤ ᠤᠷᠤᠪᠠ᠃ ᠲᠤᠰᠠᠯᠠᠮᠵᠢ ᠬᠦᠰᠡᠬᠦ᠌ ᠲᠠᠭᠤᠨ᠎ᠢ ᠰᠣᠨᠣᠰᠤᠭᠠᠳ ᠡᠬᠡᠨᠡᠷᠲᠡᠶᠪᠡᠨ ᠬᠠᠮᠲᠤ ᠰᠡᠯᠡᠭᠦᠴᠡᠨ ᠠᠯᠬᠤᠵᠦ ᠪᠠᠢᠬᠰᠠᠨ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠺᠣᠮᠫᠠᠨᠢ᠎ᠶ᠋ᠢᠨ ᠠᠵᠢᠯᠯᠠᠭᠠᠨ᠎ᠤ ᠡᠵᠡᠮᠳᠡᠯ᠎ᠦᠨ ᠲᠥᠪ᠎ᠦᠨ ᠵᠢᠵᠢᠭᠦᠷᠯᠡᠭ᠌ᠴᠢ ᠳᠠᠭᠠᠭᠠᠮᠠᠯ᠂ ᠠᠭᠠᠷ᠎ᠤᠨ ᠠᠶᠠᠯᠠᠯ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠡᠯᠲᠡᠰ᠎ᠦᠨ ᠪᠠᠢᠴᠠᠭᠠᠭ᠍ᠴᠢ ᠬᠤᠸᠠᠩ ᠴᠢ ᠳ᠋ᠦᠩ ᠥᠴᠦᠬᠡᠨ ᠴᠦ᠍ ᠲᠠᠲᠠᠭᠠᠯᠵᠠᠯ ᠥᠬᠡᠶ᠎ᠪᠡᠷ ᠬᠠᠬᠢᠷ ᠬᠦᠶ᠋ᠲᠡᠨ ᠤᠰᠤᠨ᠎ᠳᠤ ᠦᠰᠦᠷᠦᠨ ᠣᠷᠣᠵᠤ᠂ ᠤᠷᠢᠳ᠎ᠢᠶᠠᠷ ᠵᠢᠭᠠᠯ ᠬᠦᠦ᠍᠎ᠶ᠋ᠢ ᠭᠤᠤᠯ ᠤ᠋ᠨ ᠬᠦᠪᠡᠭᠡᠨ᠎ᠳᠦ ᠭᠠᠷᠭᠠᠵᠦ᠂ ᠬᠡᠦᠬᠡᠳ᠎ᠦᠨ ᠠᠮᠤᠷ ᠲᠦᠪᠱᠢᠨ᠎ᠢ ᠪᠠᠲᠤᠯᠠᠭ᠍ᠰᠠᠨ᠎ᠤ ᠳᠠᠷᠠᠭ᠎ᠠ᠂ ᠳᠠᠬᠢᠨ ᠬᠦᠴᠦ᠍ ᠲᠠᠮᠢᠷ᠎ᠢᠶᠠᠨ ᠪᠠᠷᠠᠭ᠍ᠰᠠᠨ ᠬᠡᠦᠬᠡᠳ ᠤ᠋ᠨ ᠠᠪᠤ ᠱᠢᠨ ᠠᠪᠤᠭᠠᠶ᠎ᠶ᠋ᠢ ᠠᠪᠤᠷᠬᠠᠤ᠎ᠪᠠᠷ ᠲᠠᠬᠢᠨᠳᠠ ᠭᠤᠤᠯ ᠤᠷᠤᠭᠤ ᠪᠤᠴᠠᠪᠠ᠂ ᠬᠤᠸᠠᠩ ᠴᠢ ᠳ᠋ᠦᠩ ᠪᠥᠬᠥ᠌ ᠬᠦᠴᠦᠨ᠎ᠢᠶᠡᠷ᠎ᠢᠶᠡᠨ ᠲᠡᠭᠦᠨ᠎ᠢ ᠭᠤᠤᠯ ᠤ᠋ᠨ ᠬᠦᠪᠡᠭᠡᠨ᠎ᠳᠦ ᠳᠥᠯᠭᠢᠨ ᠭᠠᠷᠭᠠᠵᠤ᠂ ᠥᠪᠡᠷ᠎ᠢᠶᠡᠨ ᠬᠠᠷᠢᠨ ᠬᠦᠴᠦ᠍ ᠲᠠᠮᠢᠷ ᠬᠦᠷᠦᠯᠴᠡᠬᠦ᠌ ᠥᠬᠡᠶ᠎ᠡᠴᠡ ᠪᠣᠯᠵᠣ ᠲᠦᠷᠭᠡᠨ ᠤᠷᠤᠰᠭᠠᠯᠲᠤ ᠭᠤᠤᠯ᠎ᠳᠤ ᠵᠢᠪᠪᠦᠨ ᠣᠷᠣᠵᠠᠶ᠃ ᠲᠤᠰ ᠤᠷᠤᠢ᠎ᠶ᠋ᠢᠨ 6 ᠴᠠᠭ 55 ᠮᠢᠨᠦ᠋ᠲ᠎ᠲᠦ᠂ ᠬᠤᠸᠠᠩ ᠴᠢ ᠳ᠋ᠦᠩ᠎ᠢ ᠡᠷᠢᠵᠦ᠍ ᠣᠯᠤᠭ᠍ᠰᠠᠨ ᠪᠥᠭᠡᠳ ᠲᠠᠷᠤᠢ ᠲᠦᠷᠭᠡᠨ ᠡᠮᠨᠡᠯᠭᠡ᠎ᠳᠦ ᠬᠦᠷᠭᠡᠵᠦ᠍᠂ ᠲᠦᠷᠭᠡᠨ ᠠᠪᠤᠷᠠᠯᠳᠠ ᠬᠢᠭ᠌ᠰᠡᠨ ᠪᠤᠯᠪᠠᠴᠤ ᠲᠤᠰᠠ ᠪᠤᠯᠤᠬᠰᠠᠨ ᠦᠭᠡᠢ ᠠᠵᠠ ᠪᠤᠰᠤ᠎ᠪᠠᠷ ᠨᠠᠰᠤ ᠪᠠᠷᠠᠪᠠ᠂ ᠨᠠᠰᠤᠨ ᠰᠡᠬᠦᠳᠡᠷ 60᠃
ᠴᠢᠨᠳᠠᠷ ᠡᠴᠨ ᠰᠠᠯᠬᠤ ᠶᠣᠰᠣᠯᠠᠯ ᠳᠡᠭᠡᠷ᠎ᠡ᠂ ᠠᠪᠤᠷᠠᠭ᠍ᠳᠠᠭ᠍ᠴᠢ ᠱᠢᠨ ᠠᠪᠤᠭᠠᠢ᠄ 《ᠮᠢᠨᠤ ᠶᠡᠷᠦ᠍᠎ᠡᠴᠡ ᠠᠭᠤᠯᠵᠠᠭ᠎ᠠ ᠦᠭᠡᠢ ᠠᠴᠢᠲᠤ ᠬᠥᠮᠦᠨ! ᠤᠳᠤ ᠪᠢ ᠡᠨᠳᠡ ᠵᠣᠭ᠍ᠰᠣᠵᠤ ᠰᠡᠳᠭᠢᠯ ᠤ᠋ᠨ ᠦᠭᠡ ᠪᠠᠨ ᠬᠠᠮᠢᠭ᠎ᠠ᠎ᠠᠴᠠ ᠡᠬᠢᠯᠡᠵᠦ᠍ ᠶᠠᠷᠢᠬᠤ᠎ᠪᠠᠨ ᠮᠡᠳᠡᠬᠦ᠌ ᠦᠭᠡᠢ ᠪᠠᠢᠨ᠎ᠠ᠃ ᠪᠢ ᠲᠠᠨ ᠤ᠋ ᠨᠡᠷ᠎ᠡ᠎ᠶ᠋ᠢ ᠮᠡᠳᠡᠬᠦ᠌ ᠦᠭᠡᠢ᠂ ᠲᠠᠨ ᠤ᠋ ᠨᠢᠭᠤᠷ ᠵᠢᠰᠤ᠎ᠶ᠋ᠢ ᠴᠤ᠌ ᠦᠵᠡᠵᠦ᠍ ᠥᠩᠭᠡᠷᠡᠭ᠌ᠰᠡᠨ ᠦᠭᠡᠢ᠂ ᠭᠡᠲᠡᠯ᠎ᠡ ᠲᠠ ᠥᠪᠡᠷ᠎ᠦᠨ ᠠᠮᠢ ᠨᠠᠰᠤ᠎ᠪᠠᠷ᠎ᠢᠶᠠᠨ ᠬᠦᠦ᠍ ᠪᠢᠳᠡ ᠬᠤᠶᠠᠭᠤᠯᠠ᠎ᠶ᠋ᠢᠨ ᠠᠮᠢ ᠨᠠᠰᠤ᠎ᠶ᠋ᠢ ᠰᠣᠯᠢᠵᠤ ᠠᠪᠴᠢᠷᠠᠪᠠ》 ᠭᠡᠵᠦ ᠬᠤᠭᠤᠯᠠᠢ ᠴᠡᠴᠡᠷᠡᠬᠦᠯᠦᠨ ᠬᠡᠯᠡᠨ᠎ᠠ᠃
ᠬᠤᠸᠠᠩ ᠴᠢ ᠳ᠋ᠦᠩ ᠤᠨ ᠠᠮᠢ ᠪᠡᠶ᠎ᠡ᠎ᠪᠡᠨ ᠬᠠᠢᠬᠤᠷᠤᠯ ᠦᠭᠡᠢ ᠪᠤᠰᠤᠳ ᠢ᠋ ᠠᠪᠤᠷᠠᠬᠰᠠᠨ ᠠᠵᠢᠯᠯᠠᠭ᠎ᠠ ᠨᠢ ᠬᠤᠷᠤᠮᠬᠠᠨ ᠵᠠᠭᠤᠷ᠎ᠠ ᠵᠢᠨ ᠪᠤᠳᠤᠯ ᠲᠡᠳᠤᠢ ᠪᠢᠰᠢ᠂ ᠠᠶᠤᠯ ᠲᠦᠭ᠌ᠰᠢᠭᠦᠷᠢᠲᠡᠶ ᠦᠶ᠎ᠡ᠎ᠳᠦ᠂ ᠲᠡᠭᠦᠨ᠎ᠦ ᠠᠮᠢ ᠪᠡᠶ᠎ᠡ᠎ᠪᠡᠨ ᠬᠠᠢᠬᠤᠷᠤᠯ ᠦᠭᠡᠢ ᠲᠡᠮᠡᠴᠡᠭ᠌ᠰᠡᠨ ᠨᠢ ᠨᠢᠭᠡᠨ ᠡᠪ ᠬᠠᠮᠲᠤ ᠨᠠᠮ᠎ᠤᠨ ᠭᠡᠱᠢᠭᠦᠨ ᠤ᠋ ᠬᠠᠷᠢᠭᠤᠴᠠᠯᠭ᠎ᠠ ᠪᠠ ᠡᠭᠦᠷᠭᠡᠯᠡᠯ ᠮᠥᠨ᠂ ᠨᠢᠭᠡᠨ ᠠᠷᠠᠳ᠎ᠤᠨ ᠠᠭᠠᠷ ᠤᠨ ᠲᠡᠭᠡᠭᠡᠪᠦᠷᠢ᠎ᠶ᠋ᠢᠨ ᠠᠵᠢᠯᠳᠡᠨ᠎ᠤ ᠠᠮᠢ ᠨᠠᠰᠤ᠎ᠶ᠋ᠢ ᠲᠡᠭᠡᠳᠦᠯᠡᠨ ᠬᠦᠨᠳᠦᠯᠡᠭᠰᠡᠨ ᠶᠠᠪᠤᠳᠠᠯ ᠮᠥᠨ᠂ ᠨᠢᠭᠡᠨ 《ᠬᠥᠬᠡᠬᠣᠲᠠ᠎ᠶ᠋ᠢᠨ ᠰᠠᠢ᠌ᠨ ᠬᠥᠮᠦᠨ》 ᠤ᠋ ᠬᠠᠷᠠᠮᠰᠠᠯ ᠦᠭᠡᠢ ᠰᠣᠩᠭᠣᠯᠲᠠ ᠮᠥᠨ᠃
ᠦᠪᠡᠷ ᠤ᠋ᠨ ᠠᠵᠢᠯ᠎ᠳᠠᠭᠠᠨ ᠬᠤᠸᠠᠩ ᠴᠢ ᠳ᠋ᠦᠩ ᠱᠢᠷᠭᠠᠭᠤ ᠬᠢᠴᠢᠶᠡᠩᠭᠦᠢ ᠪᠡᠷ ᠬᠠᠨᠳᠤᠵᠤ᠂ ᠪᠦᠬᠦ ᠰᠡᠳᠬᠢᠯ ᠪᠦᠬᠦ ᠬᠦᠴᠦᠨ ᠵᠢᠡᠷ ᠵᠢᠡᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠎ᠠ᠃ ᠬᠠᠮᠲᠤ ᠠᠵᠢᠯᠲᠠᠳ ᠨᠢ ᠬᠤᠭᠤᠷᠤᠨᠳᠤ ᠪᠠᠨ ᠦᠷᠬᠦᠯᠵᠢ᠄ 《ᠶᠠᠮᠠᠷ ᠤᠴᠢᠷ ᠶᠠᠪᠤᠳᠠᠯ ᠢ ᠴᠢ ᠳ᠋ᠦᠩ ᠠᠬ᠎ᠠ᠎ᠳᠦ ᠲᠤᠱᠢᠶᠠᠵᠦ ᠦᠭᠪᠡᠯ ᠯᠠᠪᠲᠠᠶ ᠰᠠᠨᠠᠭ᠎ᠠ ᠠᠮᠤᠷ!》 ᠬᠡᠵᠦ ᠬᠡᠯᠡᠯᠴᠡᠳᠡᠭ᠃ ᠬᠤᠸᠠᠩ ᠴᠢ ᠳ᠋ᠦᠩ᠎ᠲᠡᠶ 22 ᠵᠢᠯ ᠬᠠᠮᠲᠤ ᠠᠵᠢᠯᠯᠠᠭ᠍ᠰᠠᠨ ᠳᠤᠮᠳᠠᠳᠤ ᠤᠯᠤᠰ᠎ᠤᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠯᠠᠭᠠᠨ᠎ᠤ ᠡᠵᠡᠮᠳᠡᠯ᠎ᠦᠨ ᠲᠥᠪ᠎ᠦᠨ ᠳᠡᠳ᠋ ᠶᠡᠷᠦᠩᠬᠡᠢ ᠳᠠᠭᠠᠭᠠᠮᠠᠯ ᠸᠧᠢ ᠱ᠌ᠢ ᠮᠢᠨ 《ᠴᠢ ᠳ᠋ᠦᠩ ᠠᠬ᠎ᠠ》 ᠵᠢᠨ 《ᠠᠬ᠎ᠠ》 ᠭᠡᠬᠦ᠌ ᠦᠬᠡ ᠳ᠋ᠤ ᠲᠠᠢᠯᠤᠮᠵᠢ ᠬᠢᠪᠡ — ᠡᠨᠡ ᠬᠦ᠌ 《ᠠᠬ᠎ᠠ》 ᠭᠡᠳᠡᠭ ᠨᠢ ᠵᠦᠪᠬᠡᠨ ᠲᠡᠬᠦᠨ᠎ᠤ ᠨᠠᠰᠤ ᠵᠢᠯ᠎ᠢ ᠬᠡᠯᠡᠵᠦ᠍ ᠪᠠᠢᠭ᠎ᠠ ᠪᠢᠰᠢ᠂ ᠨᠡᠩ ᠤᠯᠠᠨ ᠨᠢ ᠲᠡᠬᠦᠨ᠎ᠤ ᠲᠤᠬᠠᠢ ᠬᠦᠨᠳᠦᠳᠭᠡᠯ ᠪᠢᠰᠢᠷᠡᠯ ᠢ ᠠᠬᠤᠭᠤᠯᠵᠤ ᠂ ᠲᠡᠭᠦᠨ᠎ᠦ ᠤᠤᠷ ᠴᠢᠨᠠᠷ᠎ᠢ᠋ ᠨᠤᠳᠠᠯᠠᠵᠤ ᠪᠠᠢᠭ᠎ᠠ ᠶᠤᠮ᠂ ᠲᠡᠭᠦᠨ᠎ᠦ ᠠᠵᠢᠯ ᠬᠢᠬᠦ᠌ ᠠᠷᠭ᠎ᠠ ᠬᠡᠯᠪᠡᠷᠢ᠂ ᠦᠷ᠎ᠡ ᠳ᠋ᠦᠩ ᠨᠢ ᠶᠡᠷᠦ᠎ᠨᠢ ᠬᠥᠮᠦᠰ ᠢ ᠮᠠᠰᠢ ᠰᠠᠨᠠᠭ᠎ᠠ ᠠᠮᠤᠷ ᠰᠠᠨᠠᠭ᠍ᠳᠠᠭᠤᠯᠳᠠᠭ ᠠᠵᠢ᠃
1984 ᠣᠨ᠎ᠳᠤ ᠠᠵᠢᠯ᠎ᠤᠨ ᠭᠠᠷᠤᠭ᠎ᠠ ᠪᠠᠨ ᠠᠪᠤᠭᠰᠠᠨ ᠡᠴᠡ ᠨᠠᠭᠠᠰᠢ ᠂ ᠠᠩᠬ᠎ᠠ ᠠᠵᠢᠯ᠎ᠤᠨ ᠪᠠᠢᠷᠢᠨ᠎ᠳᠤ ᠭᠠᠷᠤᠭ᠍ᠰᠠᠨ ᠴᠢᠮᠡᠭᠡ ᠬᠣᠯᠪᠣᠭᠠᠨ᠎ᠤ ᠰᠠᠯᠠᠭ᠎ᠠ ᠵᠢᠨ ᠴᠠᠬᠢᠯᠭᠠᠨ ᠮᠡᠳᠡᠭᠡᠯᠡᠭ᠌ᠴᠢᠪᠠᠢᠬᠰᠠᠨ ᠡᠴᠡ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠯᠠᠭᠠᠨ᠎ᠤ ᠡᠵᠡᠮᠳᠡᠯ᠎ᠦᠨ ᠲᠥᠪ᠎ᠦᠨ ᠵᠢᠵᠢᠭᠦᠷᠯᠡᠭᠴᠢ ᠳᠠᠭᠠᠭᠠᠮᠠᠯ᠂ ᠠᠭᠠᠷ᠎ᠤᠨ ᠠᠶᠠᠯᠠᠯ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠡᠯᠲᠡᠰ᠎ᠦᠨ ᠪᠠᠢᠴᠠᠭᠠᠭ᠍ᠴᠢ᠎ᠶᠢᠨ ᠠᠵᠢᠯ᠎ᠤᠨ ᠪᠠᠢᠷᠢᠨ᠎ᠳᠦ ᠬᠤᠸᠠᠩ ᠴᠢ ᠳ᠋ᠦᠩ ᠯᠠᠪᠳᠠᠭᠤᠨ ᠪᠠᠲᠤᠲᠠᠶ ᠠᠵᠢᠯᠯᠠᠵᠦ᠂ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠶ᠋ᠢᠨ ᠱᠢᠯᠢᠳᠡᠭ ᠨᠠᠮ᠎ᠤᠨ ᠠᠵᠢᠯᠲᠠᠨ᠂ ᠲᠡᠷᠢᠭᠦᠨ᠎ᠦ ᠬᠤᠪᠢ ᠬᠥᠮᠦᠨ᠂ ᠠᠭᠠᠷ᠎ᠤᠨ ᠠᠶᠠᠯᠠᠯ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠵᠢᠱ᠌ᠢᠶᠡᠴᠢ ᠵᠡᠷᠭᠡ ᠠᠯᠢ ᠣᠯᠠᠨ ᠢᠷᠠᠭᠤ ᠠᠯᠳᠠᠷ᠎ᠢ ᠭᠥᠷᠳᠡᠵᠦ᠍ ᠥᠩᠭᠡᠷᠡᠵᠡᠶ᠃ ᠲᠡᠷᠡ ᠪᠤᠯ ᠠᠮᠤᠷ ᠲᠦᠪᠱᠢᠨ᠎ᠦ ᠪᠠᠲᠤ ᠬᠠᠮᠠᠭᠠᠯᠠᠭ᠍ᠴᠢ ᠮᠥᠨ᠂ ᠤᠯᠠᠨ᠎ᠤ ᠲᠥᠯᠥᠭᠡ ᠭᠤᠶᠠᠴᠢ ᠦᠭᠡᠢ ᠵᠢᠳᠬᠦᠵᠦ᠍᠂ ᠲᠦᠷᠢᠮ ᠲᠣᠭ᠍ᠲᠠᠭᠠᠯ ᠶᠣᠰᠣᠭᠠᠷ ᠠᠵᠢᠯᠯᠠᠵᠤ᠂ 《ᠵᠣᠷᠢᠭ᠍ᠲᠠᠢ ᠠᠳᠭᠤᠵᠤ᠂ ᠵᠣᠷᠢᠭ᠍ᠲᠠᠢ ᠬᠠᠮᠢᠶᠠᠷᠴᠤ᠌᠂ ᠵᠣᠷᠢᠭ᠍ᠲᠠᠢ ᠰᠢᠯᠭᠠᠬᠤ》 ᠵᠢ ᠪᠠᠷᠢᠮᠳᠠᠯᠠᠪᠠ; ᠲᠡᠷᠡ ᠪᠡᠷ ᠠᠵᠢᠯᠳᠡᠭᠡᠷᠡ ᠦᠷᠭᠦᠯᠵᠢ ᠬᠠᠮᠤᠭ᠎ᠤᠨ ᠲᠡᠷᠢᠭᠦᠨ᠎ᠳᠦ ᠬᠦᠷᠴᠦ᠍᠂ ᠬᠠᠮᠤᠭ᠎ᠤᠨ ᠰᠡᠭᠦᠯ᠎ᠳᠦ ᠠᠵᠢᠯ᠎ᠠᠴᠠ ᠪᠠᠨ ᠪᠠᠭᠤᠨ᠎ᠠ; ᠲᠡᠷᠡ ᠪᠡᠷ ᠤᠯᠠᠨ ᠵᠢᠯ᠎ᠦᠨ ᠲᠤᠷᠰᠢ ᠬᠤᠷᠠᠮᠳᠤᠭᠤᠯᠤᠭ᠍ᠰᠠᠨ ᠡᠷᠬᠢᠮ ᠨᠠᠨᠳᠢᠨ ᠲᠤᠷᠱᠢᠯᠭ᠎ᠠ ᠪᠣᠯᠤᠨ ᠱᠢᠯᠢᠳᠡᠭ ᠰᠤᠷᠲᠠᠯ᠎ᠢᠶᠠᠨ ᠵᠠᠯᠠᠭᠤᠴᠤᠳ᠎ᠲᠤ ᠬᠠᠷᠠᠮ ᠦᠭᠡᠢ ᠤᠯᠠᠮᠵᠢᠯᠠᠪᠠ᠃
ᠬᠡᠳᠦᠨ ᠠᠷᠪᠠᠨ ᠵᠢᠯ᠎ᠦᠨ ᠲᠤᠷᠰᠢ ᠬᠤᠸᠠᠩ ᠴᠢ ᠳ᠋ᠦᠩ᠎ᠦᠨ ᠦᠪᠡᠷ᠎ᠤᠨ ᠭᠡᠷ ᠪᠦᠯᠢᠳ᠋ᠡᠭᠢ ᠬᠠᠷᠢᠭᠤᠴᠠᠯᠭ᠎ᠠ ᠡᠭᠦᠷᠭᠡᠯᠡᠯ ᠨᠢ ᠭᠡᠷ᠎ᠦᠨ ᠬᠥᠮᠦᠰ᠎ᠲᠡᠬᠡᠨ ᠬᠢᠵᠦ᠍ ᠥᠭ᠌ᠭᠦᠭ᠌ᠰᠡᠨ ᠥᠷᠯᠥᠭᠡᠪᠦᠷᠢ ᠶ᠋ᠢᠨ ᠲᠠᠭᠠᠳᠠᠢ ᠬᠣᠭᠣᠯᠠ ᠪᠠ ᠪᠠᠶᠠᠷ᠎ᠤᠨ ᠡᠳᠦᠷ ᠪᠣᠯᠭᠠᠨ᠎ᠤ ᠠᠮᠳᠠᠳᠤ ᠵᠠᠭᠤᠰᠢ᠎ᠳᠦ ᠠᠭᠤᠰᠴᠠᠢ᠃ ᠪᠤᠰᠤᠳ᠎ᠤᠨ ᠲᠦᠯᠦᠭᠡ ᠠᠯᠲᠠᠨ ᠠᠮᠢ ᠪᠠᠨ ᠦᠷᠡᠭᠳᠡᠭᠦᠯᠦᠭᠰᠡᠨ ᠬᠤᠸᠠᠩ ᠴᠢ ᠳ᠋ᠦᠩ᠎ᠦᠨ ᠬᠦᠦ ᠨᠢ ᠨᠢᠯᠪᠤᠰᠤ ᠠᠰᠭᠠᠷᠠᠭᠤᠯᠤᠨ᠄ 《ᠪᠢ ᠡᠵᠢ᠎ᠪᠡᠨ ᠰᠠᠢᠲᠤᠷ ᠬᠠᠷᠠᠭᠠᠯᠵᠠᠵᠤ᠂ ᠰᠠᠢᠬᠠᠨ ᠠᠮᠢᠳᠤᠷᠠᠨ᠎ᠠ᠂ ᠠᠪᠤ ᠡ᠂ ᠲᠠ ᠰᠠᠨᠠᠭ᠎ᠠ ᠠᠮᠤᠷ ᠪᠠᠢᠭᠠᠷᠠᠢ》 ᠭᠡᠵᠦ ᠶᠠᠷᠢᠨ᠎ᠠ᠃
ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭ᠌ᠯᠡᠯ᠎ᠦᠨ ᠨᠠᠮ᠎ᠤᠨ ᠤᠳᠤᠷᠢᠳᠭᠤ ᠳᠤᠭᠤᠢᠯᠠᠩ ᠬᠤᠸᠠᠩ ᠴᠢ ᠳ᠋ᠦᠩ ᠨᠥᠬᠥᠷ᠎ᠦᠨ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠪᠠ᠃ ᠬᠤᠸᠠᠩ ᠴᠢ ᠳ᠋ᠦᠩ ᠨᠥᠬᠥᠷ ᠪᠣᠯ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭ᠌ᠯᠡᠯ᠎ᠦᠨ 3.3 ᠲᠦᠮᠡᠨ ᠨᠠᠮ᠎ᠤᠨ ᠭᠡᠱᠢᠭᠦᠨ᠎ᠦ ᠱᠢᠯᠢᠳᠡᠭ ᠲᠥᠯᠥᠭᠡᠯᠡᠭ᠌ᠴᠢ ᠪᠣᠯᠤᠨ᠎ᠠ᠃ ᠬᠤᠸᠠᠩ ᠴᠢ ᠳ᠋ᠦᠩ ᠨᠥᠬᠥᠷ᠎ᠦᠨ ᠲᠡᠷᠢᠭᠦᠨ᠎ᠦ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠬᠥᠬᠢᠭᠦᠯᠦᠨ ᠰᠠᠢᠱᠢᠶᠠᠬᠤ᠎ᠶ᠋ᠢᠨ ᠲᠥᠯᠥᠭᠡ᠂ ᠬᠤᠸᠠᠩ ᠴᠢ ᠳ᠋ᠦᠩ ᠨᠥᠬᠥᠷ᠎ᠲᠦ 《ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭ᠌ᠯᠡᠯ ᠺᠣᠮᠫᠠᠨᠢ᠎ᠶ᠋ᠢᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ》 ᠤ᠋ ᠴᠣᠯᠠ᠎ᠶ᠋ᠢ ᠨᠡᠬᠡᠮᠵᠢᠯᠡᠨ ᠣᠯᠭᠣᠪᠠ᠂ ᠪᠠᠰᠠ ᠪᠦᠬᠦ᠌ ᠳᠤᠮᠳᠠᠳᠤ᠎ᠤᠯᠤᠰ᠎ᠤᠨ ᠠᠭᠠᠷ᠎ᠤᠨ ᠠᠶᠠᠯᠠᠯ᠎ᠤᠨ ᠬᠢᠨᠢ ᠡᠮᠭᠡᠨᠢᠯ᠎ᠢᠶᠡᠨ ᠬᠦᠴᠦᠨ ᠴᠢᠳᠠᠯ ᠪᠣᠯᠭᠠᠨ ᠬᠤᠪᠢᠷᠠᠭᠤᠯᠵᠦ᠂ ᠬᠤᠸᠠᠩ ᠴᠢ ᠳ᠋ᠦᠩ ᠨᠥᠬᠥᠷ᠎ᠦᠨ ᠨᠠᠮ᠎ᠳᠠᠭᠠᠨ ᠦᠨᠡᠨᠴᠢ ᠱᠢᠳᠤᠷᠭᠤ᠂ ᠤᠭ ᠰᠠᠨᠠᠭ᠎ᠠ᠎ᠪᠠᠨ ᠪᠠᠲᠤ ᠰᠠᠬᠢᠬᠤ ᠤᠯᠤᠰ ᠲᠥᠷᠥ᠎ᠶ᠋ᠢᠨ ᠬᠡᠪ ᠴᠢᠨᠠᠷ ᠡᠴᠡ ᠰᠤᠷᠤᠯᠴᠠᠶᠡ᠂ ᠡᠮᠦᠨ᠎ᠡ ᠹᠷᠣᠨᠲ᠎ᠲᠤ ᠦᠨᠳᠦᠰᠦᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠰᠠᠨ ᠦᠶ᠋ᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ ᠡᠴᠡ ᠰᠤᠷᠤᠯᠴᠠᠶ᠎ᠠ᠂ ᠠᠷᠠᠳ ᠲᠦᠮᠡᠨ᠎ᠢ ᠳᠡᠭᠡᠳᠦᠯᠡᠬᠦ᠂ ᠦᠷᠡᠭ᠌ᠳᠡᠬᠦ ᠡᠴᠡ ᠠᠶᠤᠬᠤ ᠦᠭᠡᠢ ᠡᠷᠬᠢᠮ ᠳᠡᠭᠡᠳᠦ ᠵᠤᠷᠢᠭ ᠰᠠᠨᠠᠭ᠎ᠠ᠎ᠡᠴᠡ ᠰᠤᠷᠤᠯᠴᠠᠶ᠎ᠠ ᠭᠡᠵᠦ ᠤᠷᠢᠶᠠᠯᠠᠪᠠ᠃
10 ᠰᠠᠷ᠎ᠠ᠎ᠶ᠋ᠢᠨ 9 ᠤ᠋ ᠡᠳᠦᠷ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠣᠲᠠ᠎ᠶ᠋ᠢᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠬᠤᠷᠢᠶᠠᠨ᠎ᠤ ᠠᠯᠪᠠᠨ ᠬᠡᠷ᠎ᠦᠨ ᠠᠵᠢᠯᠲᠠᠳ ᠲᠤᠰᠭᠠᠢᠯᠠᠨ ᠬᠤᠸᠠᠩ ᠴᠢ ᠳ᠋ᠦᠩ᠎ᠦᠨ ᠬᠡᠷ᠎ᠲᠦ ᠬᠦᠷᠴᠦ᠍᠂ ᠬᠡᠷ᠎ᠦᠨ ᠬᠥᠮᠦᠰ᠎ᠢ ᠨᠢ ᠡᠷᠬᠢᠨ ᠦᠵᠡᠭ᠌ᠰᠡᠨ ᠪᠥᠭᠡᠳ ᠲᠣᠬᠣᠨᠢᠭᠤᠯᠵᠤ᠂ ᠬᠤᠸᠠᠩ ᠴᠢ ᠳ᠋ᠦᠩ ᠨᠥᠬᠥᠷ᠎ᠲᠦ 《ᠬᠥᠬᠡᠬᠣᠲᠠ᠎ᠶ᠋ᠢᠨ ᠰᠠᠢᠨ ᠬᠥᠮᠦᠨ》 ᠭᠡᠬᠦ᠌ ᠢᠷᠠᠭᠤ ᠠᠯᠳᠠᠷ᠎ᠤᠨ ᠴᠣᠯᠠ ᠨᠡᠬᠡᠮᠵᠢᠯᠡᠨ ᠣᠯᠭᠣᠵᠤ᠂ ᠲᠡᠭᠦᠨ᠎ᠦ ᠣᠯᠠᠨ ᠲᠦᠮᠡᠨ ᠠᠮᠢ ᠨᠠᠰᠤᠨ᠎ᠤ ᠠᠶᠤᠯ ᠲᠦᠭ᠌ᠰᠢᠭᠦᠷᠢ᠎ᠳᠦ ᠲᠤᠯᠭᠠᠷᠠᠬᠤ ᠦᠶ᠎ᠡ ᠴᠡᠭᠡᠵᠢ ᠳᠦᠷᠢᠨ ᠭᠠᠷᠴᠤ᠌᠂ ᠤᠰᠤᠨ᠎ᠳᠤ ᠤᠨᠠᠭ᠍ᠰᠠᠨ ᠡᠴᠢᠭᠡ ᠬᠦᠦ᠍᠎ᠶ᠋ᠢᠨ ᠠᠮᠢ ᠵᠢ ᠠᠪᠤᠷᠠᠭᠰᠠᠨ ᠪᠠᠭᠠᠲᠤᠷᠯᠢᠭ ᠦᠶ᠋ᠯᠡ ᠠᠵᠢᠯᠯᠠᠭ᠎ᠠ᠎ᠶ᠋ᠢ ᠬᠥᠬᠢᠭᠦᠯᠦᠨ ᠰᠠᠢᠱᠢᠶᠠᠵᠤ᠂ ᠨᠡᠢᠭᠡᠮ ᠳᠠᠶᠠᠭᠠᠷ᠎ᠢᠶᠠᠨ ᠲᠡᠭᠦᠨ᠎ᠦ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ᠌ ᠡᠷᠬᠢᠮ ᠳᠡᠭᠡᠳᠦ ᠵᠠᠩ ᠴᠢᠨᠠᠷ᠎ᠠᠴᠠ ᠳᠠᠭᠠᠨ ᠰᠤᠷᠤᠯᠴᠠᠬᠤ᠎ᠶ᠋ᠢ ᠤᠷᠢᠶᠠᠯᠠᠪᠠ᠃ 《ᠬᠥᠬᠡᠬᠣᠲᠠ᠎ᠶ᠋ᠢᠨ ᠰᠠᠢᠨ ᠬᠥᠮᠦᠨ》 ᠤ᠋ ᠢᠷᠠᠭᠤ ᠠᠯᠳᠠᠷ᠎ᠤᠨ ᠦᠨᠡᠮᠯᠡᠯ ᠪᠠ ᠱᠠᠩᠨᠠᠯ᠎ᠤᠨ ᠲᠡᠮᠳᠡᠭ᠎ᠢ ᠲᠣᠰᠴᠤ᠌ ᠠᠪᠤᠭᠠᠳ᠂ ᠬᠤᠸᠠᠩ ᠴᠢ ᠳ᠋ᠦᠩ᠎ᠦᠨ ᠡᠬᠡᠨᠡᠷ ᠯᠢ ᠶᠠᠨ ᠷᠦᠩ᠄ 《ᠨᠥᠬᠥᠷ ᠮᠢᠨᠢ ᠨᠢᠭᠡᠨ ᠠᠭᠤᠤ ᠶᠡᠬᠡ ᠶᠠᠪᠤᠳᠠᠯ ᠬᠢᠵᠡᠶ᠂ ᠲᠡᠷᠡ ᠥᠪᠡᠷ᠎ᠦᠨ ᠠᠮᠢ ᠨᠠᠰᠤ᠎ᠪᠠᠷ᠎ᠢᠶᠠᠨ ᠬᠣᠶᠠᠷ ᠬᠥᠮᠦᠨ᠎ᠦ ᠠᠮᠢ ᠨᠠᠰᠤ᠎ᠶ᠋ᠢ ᠠᠪᠤᠷᠠᠵᠠᠶ》 ᠭᠡᠪᠡ᠃
ᠨᠠᠮᠤᠷ᠎ᠤᠨ ᠳᠤᠯᠠᠭᠠᠨ ᠨᠠᠷᠠᠠ ᠡᠬᠡ ᠭᠠᠵᠠᠷ᠎ᠲᠤ ᠲᠤᠰᠴᠤ᠌ ᠂ ᠬᠤᠸᠠᠩ ᠴᠢ ᠳ᠋ᠦᠩ᠎ᠦᠨ ᠦᠶ᠋ᠯᠡ ᠠᠵᠢᠯᠯᠠᠭ᠎ᠠ ᠨᠢ ᠪᠥᠬᠥ᠌ ᠬᠣᠲᠠ᠎ᠳᠤ ᠬᠠᠯᠠᠭᠤᠨ ᠳᠤᠯᠠᠭᠠᠨ ᠦᠩᠭᠡ ᠪᠤᠳᠤᠭ ᠨᠡᠮᠡᠷᠢᠯᠡᠵᠦ᠍᠂ ᠬᠦᠮᠦᠨ ᠴᠢᠨᠠᠷ᠎ᠤᠨ ᠭᠤᠸ᠎ᠠ ᠰᠠᠢᠬᠠᠨ᠂ ᠶᠤᠰᠤ ᠰᠤᠷᠳᠠᠬᠤᠨ᠎ᠤ ᠡᠷᠬᠢᠮ ᠳᠡᠭᠡᠳᠦ ᠨᠢ ᠬᠦᠮᠦᠰ᠎ᠤᠨ ᠰᠡᠳᠬᠢᠯ᠎ᠳᠦ ᠮᠦᠨᠭᠭᠡᠷᠡᠨᠡ᠃