ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠨᠢ ᠠᠮᠢᠵᠢᠷᠠᠯ᠎ᠤᠨ ᠬᠦᠴᠦᠨᠪᠠ ᠤᠶᠠᠨ ᠬᠠᠳᠠᠨ ᠴᠢᠨᠠᠷ᠎ᠢᠶᠠᠷ ᠪᠢᠯᠬᠠᠵᠤ ᠪᠠᠢᠳᠠᠭ ᠲᠦᠭ ᠲᠦᠮᠡᠨ ᠡᠵᠡᠩᠨᠡᠯᠲᠡ᠎ᠶ᠋ᠢᠨ ᠭᠣᠣᠯ ᠴᠣᠭ᠍ᠴᠠ᠎ᠡᠴᠡ ᠰᠠᠯᠵᠤ ᠴᠢᠳᠠᠬᠤ ᠦᠭᠡᠢ ᠶᠤᠮ᠃ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠦᠶ᠋ᠯᠡᠴᠢᠯᠡᠬᠦ᠌ 《ᠭᠤᠤᠯ ᠬᠦᠴᠦᠨ》 ᠪᠣᠯᠤᠭ᠍ᠰᠠᠨ᠎ᠤ ᠬᠤᠪᠢ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠬᠥᠭ᠌ᠵᠢᠯᠲᠡ᠎ᠶ᠋ᠢᠨ ᠴᠢᠭ᠌ᠯᠡᠯ᠎ᠢᠶᠡᠨ ᠲᠣᠭ᠍ᠲᠠᠭᠠᠵᠤ᠂ ᠡᠵᠡᠩᠨᠡᠯᠲᠡ᠎ᠶ᠋ᠢᠨ ᠭᠤᠤᠯ ᠴᠣᠭ᠍ᠴᠠ ᠵᠢᠨ ᠪᠠᠢᠭᠤᠯᠤᠭᠳᠠᠬᠤ᠂ ᠦᠰᠦᠨ ᠪᠤᠢᠵᠢᠬᠤ ᠡᠴᠡ ᠦᠷᠭᠦᠯᠵᠢᠯᠡᠨ ᠬᠥᠭ᠌ᠵᠢᠬᠦ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ ᠵᠢᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠣᠨᠢᠨ ᠳᠡᠭᠡᠷ᠎ᠡ᠎ᠨᠢ ᠦᠶ᠋ᠯᠡᠴᠢᠯᠡᠬᠦ᠌᠎ᠪᠡᠷ ᠪᠠᠲᠤᠯᠠᠭ᠎ᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠴᠢᠳᠠᠪᠤᠷᠢ ᠣᠯᠭᠣᠵᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠡᠷᠡᠭᠦᠯ ᠬᠥᠭ᠌ᠵᠢᠯᠳᠠ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ᠃ 2025 ᠣᠨ᠎ᠤ 9 ᠰᠠᠷ᠎ᠠ᠎ᠶ᠋ᠢᠨ ᠡᠴᠦᠰ ᠪᠣᠯᠲᠠᠯ᠎ᠠ᠂ ᠥᠪᠥᠷ ᠮᠣᠩᠭᠣᠯ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ 300 ᠲᠦᠮᠡᠨ ᠡᠷᠦᠬᠡ᠎ᠶ᠋ᠢ ᠳᠠᠪᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠨ᠎ᠦ ᠦᠶᠡᠶ᠋ᠢᠨᠬᠢᠡᠴᠡ ᠶᠡᠬᠡᠪᠡᠷ ᠨᠡᠮᠡᠭ᠌ᠳᠡᠵᠦ᠍᠂ ᠠᠵᠤ ᠠᠬᠤᠢᠯᠠᠯ ᠬᠢᠭᠡᠳ ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶ᠋ᠢᠨ ᠲᠣᠭ᠎ᠠ ᠲᠣᠰ ᠲᠣᠰ ᠠᠳᠠᠯᠢ ᠬᠤᠭᠤᠴᠠᠭᠠᠨ᠎ᠤ ᠬᠢ᠎ᠡᠴᠡ ᠪᠠᠨ 8.52%᠂ 4.43%᠎ᠶ᠋ᠢᠨ ᠨᠡᠮᠡᠭ᠌ᠳᠡᠯ᠎ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠤᠯᠤᠨ ᠬᠥᠭ᠌ᠵᠢᠯᠲᠡ᠎ᠶ᠋ᠢᠨ ᠶᠠᠰᠤ ᠴᠢᠨᠠᠷ 《ᠬᠤᠤᠰ ᠳᠡᠭᠡᠭ᠌ᠰᠢᠯᠡᠯᠲᠡ》 ᠶ᠋ᠢ ᠪᠡᠶᠡᠯᠡᠭᠦᠯᠪᠡ᠃
ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠤ ᠵᠠᠬ᠎ᠠ ᠳᠡᠯᠭᠡᠭᠦᠷ᠎ᠦᠨ ᠠᠵᠢᠯ ᠶᠠᠪᠤᠳᠠᠯ ᠭᠦᠢᠴᠡᠳᠭᠡᠬᠦ᠌ ᠳ᠋ᠤ ᠳᠥᠭᠥᠮ ᠳᠥᠳᠠ ᠪᠤᠯᠭᠠᠵᠠᠢ
《ᠦᠶ᠋ᠯᠡᠳᠪᠦᠷᠢ ᠬᠤᠳᠠᠯᠳᠤᠭᠠᠨ᠎ᠤ ᠬᠤᠪᠢᠡᠷᠦᠬᠡᠡᠴᠡ ᠬᠡᠯᠬᠢᠶ᠎ᠡ ᠡᠵᠡᠩᠨᠡᠯᠲᠡ ᠳᠠᠢᠰᠢ ᠠᠮᠵᠢᠯᠲᠠ᠎ᠲᠠᠶ ᠬᠡᠯᠪᠡᠷᠢ᠎ᠪᠡᠨ ᠬᠤᠪᠢᠷᠠᠭᠤᠯᠤᠭ᠍ᠰᠠᠨ᠎ᠨᠢ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠦᠴᠦᠲᠡᠶ ᠳᠡᠮᠵᠢᠯᠭᠡ᠎ᠡᠴᠡ ᠰᠠᠯᠵᠤ ᠴᠢᠳᠠᠬᠤ ᠥᠬᠡᠶ ᠶᠤᠮ᠃ ᠢᠯᠠᠩᠭᠤᠶ᠎ᠠ 〈ᠨᠠᠷᠠᠲᠤ᠂ ᠣᠨᠴᠠᠯᠢᠬᠳᠤ᠂ ᠱᠢᠯᠢᠳᠡᠭ᠂ ᠱᠢᠨ᠎ᠡ〉 ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶ᠋ᠢ ᠠᠮᠵᠢᠯᠲᠠ᠎ᠲᠠᠶ ᠮᠡᠳᠡᠭᠦᠯᠦᠭ᠌ᠰᠡᠨᠦ ᠳᠠᠷᠠᠭ᠎ᠠ᠂ ᠭᠠᠢᠯᠢ ᠵᠢ ᠬᠠᠰᠤᠵᠤ ᠬᠡᠯᠲᠦᠷᠢᠭᠦᠯᠬᠦ᠌᠂ ᠦᠶ᠋ᠯᠡᠰ ᠪᠤᠰᠬᠠᠬᠤ ᠨᠥᠬᠥᠪᠥᠷᠢ᠂ ᠮᠥᠩᠭᠥᠨ ᠭᠦᠶ᠋ᠯᠭᠡᠭᠡᠨ᠎ᠦ ᠳᠡᠮᠵᠢᠯᠭᠡ ᠵᠡᠷᠭᠡ᠎ᠶ᠋ᠢ ᠪᠠᠭ᠍ᠲᠠᠭᠠᠭ᠍ᠰᠠᠨ ᠡᠯ᠎ᠡ ᠲᠥᠷᠥᠯ᠎ᠦᠨ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠨᠢ ᠦᠨᠡᠨ ᠬᠦ᠌ ᠳᠠᠷᠤᠭᠠᠰᠤ᠎ᠶ᠋ᠢ ᠬᠥᠩᠭᠡᠷᠡᠭᠦᠯᠪᠡ》 ᠭᠡᠵᠦ 10 ᠰᠠᠷ᠎ᠠ᠎ᠶ᠋ᠢᠨ 10 ᠤ᠋ ᠡᠳᠦᠷ᠂ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠪᠠᠶ ᠳ᠋ᠠ ᠲᠠᠯ᠎ᠠ ᠨᠤᠲᠤᠭ᠎ᠤᠨ ᠱᠠᠯᠪᠢᠩ᠎ᠤᠨ ᠳᠡᠯᠭᠡᠭᠦᠷ᠎ᠦᠨ ᠬᠠᠷᠢᠭᠤᠴᠠᠯᠭᠠᠲᠠᠨ ᠪᠠᠶ ᠿᠢ ᠷᠦᠩ ᠰᠡᠳᠭᠢᠯ ᠳᠣᠭ᠍ᠳᠣᠯᠤᠨ ᠬᠡᠯᠡᠪᠡ᠃ ᠡᠢᠮᠦᠷᠬᠦᠦ 《ᠬᠥᠭ᠌ᠵᠢᠯᠲᠡ᠎ᠶ᠋ᠢᠨ ᠬᠡᠯᠪᠡᠷᠢ》 ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠴᠢᠭ᠌ᠯᠡᠭᠦᠯᠦᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ᠎ᠶ᠋ᠢ ᠭᠤᠤᠯᠳᠠᠯᠭ᠎ᠠ ᠲᠠᠢ ᠴᠢᠩᠭᠠᠳᠭᠠᠬᠤ᠎ᠶ᠋ᠢᠨ ᠬᠠᠮᠲᠤ᠂ ᠲᠡᠳᠡᠨ ᠢ ᠪᠥᠬᠥ᠌ ᠬᠦᠴᠦᠨ᠎ᠢᠶᠡᠷ᠎ᠢᠶᠡᠨ ᠬᠠᠪᠰᠤᠷᠴᠤ᠌ ᠮᠡᠳᠡᠯᠭᠡ᠎ᠶ᠋ᠢᠨ ᠪᠦᠳᠦᠭᠡᠭᠳᠡᠬᠦᠨ᠎ᠦ ᠦᠮᠴᠢᠯᠡᠯ᠎ᠤᠨ ᠡᠷᠬᠡ᠎ᠪᠠᠨ ᠬᠡᠷᠡᠭ᠌ᠯᠡᠵᠤᠬᠠᠮᠠᠭᠠᠯᠠᠬᠤ ᠪᠠ ᠬᠠᠮᠢᠶᠠᠷᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠵᠦ᠍᠂ ᠲᠦᠷᠭᠡᠨ ᠪᠣᠢᠵᠢᠬᠤ ᠪᠠ ᠪᠤᠵᠠᠭᠠᠢᠷᠠᠨ ᠬᠦᠴᠦᠷᠬᠡᠭ᠌ᠵᠢᠬᠦ᠌᠎ᠶ᠋ᠢ ᠠᠬᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠦᠴᠦᠯᠡᠨ ᠪᠣᠢᠵᠢᠭᠤᠯᠵᠤ ᠪᠤᠵᠠᠭᠠᠢᠷᠠᠭᠤᠯᠤᠨ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠲᠡᠳᠠᠨᠦ ᠳᠠᠷᠤᠭᠠᠰᠤ᠎ᠶ᠋ᠢ ᠬᠥᠩᠭᠡᠷᠡᠭᠦᠯᠦᠨ ᠲᠥᠬᠥᠮ ᠦᠵᠡᠭᠦᠯᠪᠡ᠃ ᠪᠠᠭ᠎ᠠ ᠵᠢᠵᠢᠭ ᠠᠵᠤ ᠠᠬᠤᠢᠯᠠᠯ᠂ ᠠᠵᠤ ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶ᠋ᠢᠨ ᠬᠥᠭ᠌ᠵᠢᠯᠲᠡ᠎ᠶ᠋ᠢᠨ ᠳᠤᠮᠳᠠᠬᠢ 《ᠵᠠᠬ᠎ᠠ ᠲᠡᠯᠬᠡᠬᠦᠷ ᠲᠤ᠌ ᠤᠷᠤᠬᠤ᠎ᠳᠤ ᠬᠦᠴᠢᠷᠲᠡᠶ᠂ ᠡᠵᠡᠩᠨᠡᠬᠦ᠌᠎ᠳᠦ ᠬᠦᠴᠢᠷᠲᠡᠶ᠂ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠢᠷᠲᠡᠶ》ᠠᠰᠠᠭᠤᠳᠠᠯ᠎ᠳᠦ ᠴᠢᠭ᠌ᠯᠡᠭᠦᠯᠦᠨ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠪᠡᠷ ᠤᠳᠤᠷᠢᠳᠤᠮᠵᠢ ᠪᠣᠯᠭᠠᠵᠤ ᠲᠤᠬᠠᠢᠯᠠᠭ᠍ᠰᠠᠨ ᠠᠵᠢᠯ᠎ᠤᠨ ᠶᠠᠪᠤᠴᠠ ᠵᠢ ᠳᠠᠬᠢᠨ ᠲᠤᠬᠢᠷᠠᠭᠤᠯᠪᠠ᠂ ᠡᠭᠦᠨ᠎ᠳᠦ 《ᠨᠢᠭᠡ ᠤᠴᠢᠷ᠎ᠢ ᠥᠨᠳᠥᠷ ᠪᠦᠲᠦᠮᠵᠢᠲᠡᠶ ᠭᠦᠶ᠋ᠴᠡᠳᠭᠡᠬᠦ᠌》 ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠬᠤ᠂ ᠠᠵᠤ ᠠᠬᠤᠢᠯᠠᠯ᠎ᠤᠨ ᠮᠡᠳᠡᠭᠡ ᠵᠠᠩᠭᠢ᠎ᠶ᠋ᠢ ᠬᠤᠪᠢᠷᠠᠭᠤᠯᠬᠤ᠂ ᠱᠢᠯᠵᠢᠭᠦᠯᠦᠨ ᠳᠠᠩᠰᠠᠯᠠᠬᠤ᠂ ᠳᠡᠩᠰᠡᠯᠡᠯᠲᠡ᠎ᠶ᠋ᠢ ᠬᠦᠴᠦᠨ ᠥᠬᠡᠶ ᠪᠣᠯᠭᠠᠬᠤ᠂ ᠢᠳᠡᠭᠡᠨ ᠤᠮᠳᠠᠭᠠᠨ᠎ᠤ ᠳᠡᠯᠭᠡᠭᠦᠷ ᠡᠷᠭᠢᠯᠡᠬᠦ᠌᠂ 《ᠬᠤᠳᠠᠯᠳᠤᠭᠠᠨ᠎ᠤ ᠡᠷᠦᠬᠡ ᠡᠴᠡ ᠠᠵᠤ ᠠᠬᠤᠢᠯᠠᠯ ᠪᠤᠯᠵᠤ ᠬᠤᠪᠢᠷᠠᠬᠤ》 ᠵᠡᠷᠬᠡ ᠬᠦᠢᠴᠡᠳᠬᠡᠬᠦ ᠥᠨᠳᠥᠷ ᠳᠠᠪᠲᠠᠮᠵᠢᠲᠤ ᠵᠦᠶ᠋ᠯᠡᠰ᠎ᠢ ᠭᠦᠶ᠋ᠴᠡᠳᠭᠡᠬᠦ᠌ ᠴᠠᠭ᠎ᠤᠨ ᠬᠢᠵᠠᠭᠠᠷ᠎ᠢ ᠲᠣᠰ ᠲᠣᠰ 1᠂ 2᠂ 12᠂ 9᠂ 5 ᠠᠵᠢᠯᠯᠠᠬᠤ ᠡᠳᠦᠷ ᠪᠣᠯᠭᠠᠨ ᠪᠣᠭᠣᠨᠢᠰᠭᠠᠪᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶᠭᠦᠶ᠋ᠴᠡᠳᠭᠡᠬᠦ᠌》 ᠲᠤᠬᠠᠢᠯᠠᠭ᠍ᠰᠠᠨ ᠠᠵᠢᠯ᠎ᠢ ᠨᠡᠢᠲᠡ 70.37 ᠲᠦᠮᠡᠨ ᠬᠤᠪᠢ ᠭᠦᠶ᠋ᠴᠡᠳᠭᠡᠵᠦ᠍᠂ 1.34 ᠲᠦᠮᠡᠨ ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ 《ᠲᠦᠷᠭᠡᠨ ᠵᠠᠮ ᠵᠢᠡᠷ ᠲᠠᠩᠰᠠᠯᠠᠯᠳᠠ ᠪᠡᠨ ᠬᠦᠴᠦᠨ ᠥᠬᠡᠶ ᠪᠣᠯᠭᠠᠬᠤ》 ᠪᠠᠷ ᠳᠡᠮᠵᠢᠨ ᠵᠠᠬ᠎ᠠ ᠳᠡᠯᠭᠡᠭᠦᠷ᠎ᠡᠴᠡ ᠤᠬᠤᠷᠢᠨ ᠭᠠᠷᠴᠤ᠌᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ ᠢᠯᠡᠳᠲᠡ ᠳᠡᠭᠡᠭ᠌ᠰᠢᠯᠡᠵᠦ᠍᠂ ᠲᠦᠷᠢᠮ᠎ᠦᠨ ᠴᠢᠨᠠᠷᠲᠠᠶ ᠠᠷᠠᠯᠵᠢᠶᠠᠨ᠎ᠤ ᠥᠪᠡᠷ᠎ᠦᠨ ᠥᠷᠲᠡᠭ ᠦᠷᠭᠦᠯᠵᠢᠯᠡᠨ ᠪᠠᠭᠤᠷᠠᠪᠠ᠃
ᠬᠠᠤᠯᠢ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠤ ᠬᠠᠤᠯᠢ ᠰᠠᠬᠢᠭᠰᠠᠨ ᠡᠵᠡᠩᠨᠡᠯᠲᠡ᠎ᠳᠦ ᠲᠦᠱᠢᠭ ᠪᠣᠯᠪᠠ
ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠯᠤᠰ ᠭᠡᠳᠤ᠎ᠶ᠋ᠢᠨ ᠬᠥᠭ᠌ᠵᠢᠯᠲᠡ ᠨᠢ ᠲᠣᠭ᠍ᠲᠠᠪᠤᠷᠢᠳᠠᠢ ᠲᠦᠷᠢᠮ᠂ ᠲᠣᠳᠣᠷᠬᠠᠢ ᠵᠠᠭᠠᠭ ᠬᠢᠵᠠᠭᠠᠷ ᠪᠠ ᠲᠦᠷᠢᠮ᠎ᠦᠨ ᠪᠠᠲᠤᠯᠠᠭ᠎ᠠ᠎ᠳᠤ ᠲᠦᠱᠢᠭ᠌ᠯᠡᠨ᠎ᠡ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠠᠷᠠᠭᠠᠰᠤ᠎ᠡᠴᠡ ᠡᠭᠦᠰᠴᠦ᠍᠂ ᠬᠠᠤᠯᠢ ᠪᠡᠷ ᠵᠠᠰᠠᠬᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨᠧᠷᠭᠢ ᠣᠯᠭᠣᠬᠤ᠎ᠶ᠋ᠢ ᠴᠢᠩᠭᠠᠳᠭᠠᠵᠤ᠂ ᠬᠢᠨᠠᠯᠲᠠ ᠬᠠᠮᠢᠶᠠᠷᠤᠯᠲᠠ ᠶ᠋ᠢᠨ ᠠᠷᠭ᠎ᠠ ᠬᠡᠯᠪᠡᠷᠢ ᠶ᠋ᠢᠨ ᠱᠢᠨ᠎ᠡ᠎ᠶ᠋ᠢ ᠡᠭᠦᠳᠴᠦ᠍᠂ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶ᠋ᠢ ᠪᠡᠶᠡᠯᠡᠭᠦᠯᠪᠡ᠃
《ᠥᠩᠭᠡᠷᠡᠭ᠌ᠰᠡᠨ᠎ᠳᠦ ᠠᠳᠠᠯᠢ ᠪᠤᠰᠤ ᠰᠠᠯᠠᠭ᠎ᠠ ᠮᠥᠴᠢᠷ ᠡᠭᠡᠯᠵᠢᠯᠡᠨ ᠪᠠᠢᠴᠠᠭᠠᠬᠤ᠎ᠳᠤ᠂ ᠠᠵᠤ ᠠᠬᠤᠢᠯᠠᠯ ᠪᠠᠭ᠎ᠠ ᠪᠤᠰᠤ ᠴᠠᠭ ᠵᠠᠷᠤᠴᠠᠭᠤᠯᠤᠨ ᠵᠤᠯᠭᠠᠯᠴᠠᠭᠤᠯᠵᠤ᠂ ᠪᠠᠢᠴᠠᠭᠠᠯᠲᠠ᠎ᠶ᠋ᠢ ᠤᠭ᠍ᠲᠤᠳᠠᠭ᠂ ᠣᠲᠣ ᠬᠡᠳᠦᠨ ᠰᠠᠯᠠᠭ᠎ᠠ ᠮᠥᠴᠢᠷ ᠬᠠᠮᠲᠤᠷᠠᠨ ᠬᠦᠷᠴᠦ᠍᠂ ᠨᠢᠭᠡ ᠯᠡ ᠤᠳᠠᠭ᠎ᠠ᠎ᠳᠤ ᠣᠯᠠᠨ ᠵᠦᠢᠯ᠎ᠢ ᠪᠠᠢᠴᠠᠭᠠᠬᠤ ᠪᠣᠯᠵᠠᠶ》᠃ ᠣᠢᠷ᠎ᠠ᠎ᠳᠤ᠂ ᠪᠤᠭᠤᠲᠤ ᠬᠣᠲᠠ᠎ᠶ᠋ᠢᠨ ᠨᠢᠭᠡᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠢᠨᠭᠬᠢᠵᠦ ᠰᠡᠳᠭᠢᠯ᠎ᠦᠨ ᠦᠭᠡ᠎ᠪᠡᠨ ᠶᠠᠷᠢᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠬᠠᠤᠯᠢᠰᠠᠬᠢᠳᠠᠭ ᠡᠵᠡᠩᠨᠡᠯᠳᠠ ᠵᠢᠨ ᠭᠤᠤᠯ ᠴᠣᠭ᠍ᠴᠠ᠎ᠳᠤ 《ᠦᠮᠦᠭ ᠲᠦᠱᠢᠭ》 ᠪᠣᠯᠤᠭ᠍ᠰᠠᠨ ᠪᠥᠭᠡᠳ ᠪᠠᠰᠠ ᠬᠠᠤᠯᠢ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ 《ᠬᠤᠷᠴᠠ ᠰᠡᠯᠡᠮ᠎ᠡ ᠭᠠᠷᠭᠠᠵᠤ》᠂ 《ᠪᠠᠭ᠍ᠲᠠᠭᠠᠮᠵᠢᠲᠠᠶ ᠪᠣᠯᠭᠣᠮᠵᠢᠲᠠᠶ ᠪᠠᠢᠬᠤ + ᠴᠢᠩᠭ᠎ᠠ ᠬᠢᠨᠠᠨ ᠬᠠᠮᠢᠶᠠᠷᠬᠤ》 ᠬᠠᠤᠯᠢ ᠬᠡᠷᠡᠭ᠌ᠵᠢᠭᠦᠯᠬᠦ᠌ ᠱᠢᠨ᠎ᠡ ᠪᠠᠢᠷᠢᠱᠢᠯ᠎ᠢ ᠪᠠᠢᠭᠤᠯᠪᠠ᠃ ᠬᠠᠤᠯᠢ᠎ᠡᠴᠡ ᠵᠥᠷᠢᠴᠡᠭ᠌ᠰᠡᠨ ᠪᠠᠢᠳᠠᠯ ᠨᠢ ᠬᠥᠩᠭᠡᠬᠡᠨ ᠰᠢᠭ ᠦᠢᠯᠡ ᠠᠵᠢᠯᠯᠠᠭ᠎ᠠ᠎ᠳᠤ ᠴᠢᠭ᠌ᠯᠡᠭᠦᠯᠦᠨ ᠱᠢᠢᠳᠭᠡᠨ ᠲᠣᠷᠭᠠᠬᠤ᠎ᠡᠴᠡ ᠬᠡᠯᠲᠦᠷᠢᠭᠦᠯᠬᠦ᠌ ᠨᠠᠷᠢᠨ ᠳᠠᠩᠰᠠ ᠭᠠᠷᠭᠠᠵᠤ᠂ 《ᠬᠥᠩᠭᠡᠬᠡᠨ ᠪᠤᠯ ᠱᠢᠢᠳᠭᠡᠨ ᠲᠣᠷᠭᠠᠬᠤ᠎ᠡᠴᠡ ᠬᠡᠯᠲᠦᠷᠢᠭᠦᠯᠬᠦ᠌᠂ ᠠᠩᠬ᠎ᠠ ᠤᠳᠠᠭ᠎ᠠ ᠵᠥᠷᠢᠴᠡᠪᠡᠯ ᠱᠢᠢᠳᠭᠡᠨ ᠲᠣᠷᠭᠠᠬᠤ ᠦᠭᠡᠶ》 ᠨᠤᠬᠦᠴᠡᠯ ᠳ᠋ᠤ ᠲᠣᠬᠢᠷᠠᠬᠤ ᠪᠠᠢᠳᠠᠯ᠎ᠢ ᠲᠣᠳᠣᠷᠬᠠᠢᠯᠠᠨ᠂ ᠵᠠᠰᠠᠭ ᠵᠠᠬᠢᠷᠭᠠᠨ᠎ᠢᠶᠠᠷ ᠬᠠᠪᠰᠤᠷᠤᠨ ᠵᠢᠯᠣᠭᠣᠳᠭᠤ᠂ ᠰᠠᠨᠠᠭᠤᠯᠬᠤ᠂ ᠰᠡᠷᠡᠮᠵᠢᠯᠡᠭᠦᠯᠬᠦ᠌ ᠵᠡᠷᠭᠡ ᠠᠯᠪᠠᠳᠠᠯᠭ᠎ᠠ᠎ᠶ᠋ᠢᠨ ᠪᠤᠰᠤ ᠠᠷᠭ᠎ᠠ ᠬᠡᠮᠵᠢᠶ᠎ᠡ᠎ᠪᠡᠷ ᠳᠠᠮᠵᠢᠨ᠂ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠰᠠᠨᠠᠭᠠᠴᠢᠯᠠᠭ᠎ᠠ᠎ᠡᠴᠡ᠎ᠪᠠᠨ ᠴᠡᠭ᠌ᠴᠡᠯᠡᠨ ᠰᠠᠢᠵᠢᠷᠠᠭᠤᠯᠪᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠳᠤ ᠱᠢᠢᠳᠭᠡᠨ ᠲᠣᠷᠭᠠᠬᠤ᠎ᠡᠴᠡ ᠭᠡᠯᠳᠦᠷᠢᠭᠦᠯᠦᠭ᠌ᠰᠡᠨ ᠬᠡᠷᠡᠭ᠎ᠢ ᠨᠡᠢᠲᠡ 2873 ᠱᠢᠶ᠋ᠳᠪᠦᠷᠢᠯᠡᠵᠦ᠍᠂ ᠲᠣᠭ᠍ᠲᠠᠭᠠᠯ᠎ᠳᠤ ᠨᠡᠢᠴᠡᠭ᠌ᠰᠡᠨ ᠵᠢᠯᠣᠭᠣᠳᠣᠯᠭ᠎ᠠ᠎ᠶ᠋ᠢᠨ ᠨᠠᠷᠢᠨ ᠲᠠᠩᠰᠠ᠎ᠶ᠋ᠢ 365 ᠵᠦᠶ᠋ᠯ ᠨᠡᠢᠲᠡᠯᠡᠵᠦ᠍᠂ 4.4 ᠲᠦᠮᠡᠨ ᠠᠵᠤ ᠠᠬᠤᠢᠯᠠᠯ᠎ᠢ ᠬᠠᠪᠰᠤᠷᠤᠨ ᠢᠲᠡᠭᠡᠮᠵᠢ᠎ᠵᠢ ᠨᠢ ᠰᠡᠷᠭᠦᠭᠡᠵᠦ᠍᠂ ᠱᠢᠢᠳᠭᠡᠨ ᠲᠣᠷᠭᠠᠬᠤ᠎ᠡᠴᠡ ᠭᠡᠯᠳᠦᠷᠢᠭᠦᠯᠦᠭ᠌ᠰᠡᠨ ᠪᠠ ᠵᠠᠰᠠᠭ ᠵᠠᠬᠢᠷᠭᠠᠨ᠎ᠤ ᠰᠢᠢᠳᠭᠡᠯ ᠡᠴᠡ ᠭᠡᠯᠳᠦᠷᠢᠭᠦᠯᠦᠭ᠌ᠰᠡᠨ ᠬᠡᠷᠡᠭ᠎ᠦᠨ ᠡᠵᠡᠯᠡᠬᠦ᠌ ᠬᠤᠪᠢ᠎ᠶ᠋ᠢᠨ ᠵᠢᠩ᠎ᠢ 2020 ᠣᠨ᠎ᠳᠤ 11% ᠪᠠᠢᠭ᠍ᠰᠠᠨ᠎ᠡᠴᠡ 26% ᠪᠣᠯᠭᠠᠨ ᠳᠡᠭᠡᠭ᠌ᠰᠢᠯᠡᠭᠦᠯᠪᠡ᠃ 《ᠢᠲᠡᠭᠡᠮᠵᠢ᠎ᠶ᠋ᠢ ᠲᠠᠰ ᠬᠤᠪᠢᠶᠠᠨ ᠬᠢᠨᠠᠨ ᠬᠠᠮᠢᠶᠠᠷᠬᠤ》 ᠶ᠋ᠢ ᠬᠡᠷᠡᠭ᠌ᠵᠢᠭᠦᠯᠵᠦ᠍᠂ ᠢᠲᠡᠭᠡᠮᠵᠢᠲᠡᠶ ᠠᠵᠤ ᠠᠬᠤᠢᠯᠠᠯ ᠢ ᠬᠠᠷᠱᠢᠯᠠᠬᠤ ᠦᠬᠡᠢ ᠪᠠᠢᠵᠤ᠂ ᠢᠲᠡᠭᠡᠮᠵᠢ ᠠᠯᠳᠠᠭ᠍ᠰᠠᠨ ᠠᠵᠤ ᠠᠬᠤᠢᠯᠠᠯ᠎ᠢ ᠭᠤᠤᠯᠳᠠᠯᠭ᠎ᠠ᠎ᠲᠠᠶ ᠠᠩᠬᠠᠷᠪᠠ᠃
ᠬᠢᠨᠠᠯᠲᠠ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠵᠠᠭ᠍ᠪᠤᠷ ᠢ ᠡᠭᠦᠳᠴᠦ ᠵᠠᠰᠠᠭ᠎ᠤᠨ ᠶᠠᠪᠤᠳᠠᠯ᠎ᠤᠨ ᠲᠤᠱᠢᠶᠠᠯ᠎ᠢᠶᠠᠨ ᠭᠦᠶ᠋ᠴᠡᠳᠭᠡᠬᠦ ᠶᠠᠰᠤ ᠴᠢᠨᠠᠷ ᠦᠷ᠎ᠡ ᠪᠦᠲᠦᠮᠵᠢ᠎ᠵᠢ ᠳᠡᠭᠡᠭᠰᠢᠯᠡᠭᠦᠯᠪᠡ
《ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠣᠨᠣᠪᠴᠢᠲᠠᠢ ᠵᠢᠯᠤᠭᠤᠳᠤᠯᠭ᠎ᠠ ᠪᠠ ᠪᠦᠬᠦ᠌ ᠬᠦᠴᠦᠨ᠎ᠦ ᠳᠡᠮᠵᠢᠯᠭᠡ ᠦᠭᠡᠢ ᠪᠣᠯ ᠮᠠᠨ᠎ᠤ ᠦᠢᠯᠡᠳᠬᠦᠨ ᠡᠢᠮᠦ᠍ ᠲᠦᠷᠭᠡᠨᠠᠱᠢᠭ᠍ᠯᠠᠯᠲᠠᠳᠤ ᠣᠷᠣᠵᠤ ᠳᠡᠢᠯᠬᠦ᠌ ᠦᠭᠡᠢ》᠃ 10 ᠰᠠᠷ᠎ᠠ᠎ᠶ᠋ᠢᠨ 8 ᠤ᠋ ᠡᠳᠦᠷ᠂ ᠲᠦᠩᠯᠢᠶᠣᠤ ᠬᠣᠲᠠ᠎ᠶ᠋ᠢᠨ ᠱᠧᠩ ᠳ᠋ᠡ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠱᠢᠤᠢ ᡁᠢ ᠭᠠᠩ ᠲᠤᠰᠭᠠᠢᠯᠠᠨ ᠲᠦᠩᠯᠢᠶᠣᠤ ᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠤ ᠲᠠᠯᠠᠷᠬᠠᠯ᠎ᠢᠶᠠᠨ ᠳᠡᠪᠱᠢᠭᠦᠯᠪᠡ᠃
ᠡᠨᠡ ᠵᠢᠯ᠎ᠦᠨ 6 ᠰᠠᠷ᠎ᠠ᠎ᠳᠤ᠂ ᠲᠤᠰ ᠺᠣᠮᠫᠠᠨᠢ ᠰᠢᠷᠠᠰᠤ᠎ᠵᠢᠨ ᠢᠰᠭᠡᠯᠲᠡ᠎ᠶ᠋ᠢᠨ ᠲᠦᠷᠦᠯ ᠵᠦᠢᠯ᠎ᠦᠨ ᠦᠢᠯᠡᠳᠪᠦᠷᠢᠯᠡᠯ᠎ᠢ ᠡᠬᠢᠯᠡᠭᠦᠯᠬᠦ᠌᠎ᠪᠡᠷ ᠲᠣᠭ᠍ᠲᠠᠵᠠᠢ᠂ ᠭᠡᠪᠡᠴᠦ᠍ ᠡᠨᠡ ᠬᠦ᠌ ᠱᠢᠨ᠎ᠡ ᠦᠢᠯᠡᠳᠬᠦᠨ᠎ᠦ ᠦᠢᠯᠡᠳᠪᠦᠷᠢᠯᠡᠯ᠎ᠦᠨ ᠲᠠᠯ᠎ᠠ ᠪᠡᠷ ᠤᠯᠤᠰ᠎ᠤᠨ ᠳᠣᠲᠣᠭᠠᠳᠤ᠎ᠳᠤ ᠬᠠᠷᠠᠬᠠᠨ ᠤᠯᠤᠰ᠎ᠤᠨ ᠪᠠᠷᠢᠮᠵᠢᠶ᠎ᠠ ᠦᠭᠡᠢ ᠪᠠᠢᠬᠰᠠᠭᠠᠷ᠂ ᠠᠵᠤ ᠠᠬᠤᠢᠯᠠᠯ ᠨᠢ ᠦᠢᠯᠡᠳᠬᠦᠨ᠎ᠦ ᠪᠠᠷᠢᠮᠵᠢᠶ᠎ᠠ ᠲᠣᠭ᠍ᠲᠠᠭᠠᠬᠤ ᠪᠠ ᠬᠢᠨᠠᠨ ᠪᠠᠢᠴᠠᠭᠠᠬᠤ ᠲᠥᠰᠦᠯ ᠢ ᠨᠠᠢᠳᠠᠪᠤᠷᠢᠵᠢᠭᠤᠯᠬᠤ ᠬᠤᠤᠰ ᠬᠦᠴᠢᠷᠳᠠᠯ᠎ᠳᠤ ᠲᠤᠯᠭᠠᠷᠠᠪᠠ᠃ ᠲᠤᠬᠠᠶ᠎ᠶ᠋ᠢᠨ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠠᠢᠳᠠᠯ᠎ᠢ ᠮᠡᠳᠡᠭ᠌ᠰᠡᠨ᠎ᠦ ᠳᠠᠷᠠᠭ᠎ᠠ᠂ ᠰᠠᠨᠠᠭᠠᠴᠢᠯᠠᠭ᠎ᠠ᠎ᠡᠴᠡ᠎ᠪᠠᠨ ᠬᠡᠷ᠎ᠲᠦᠨᠢ ᠬᠦᠷᠴᠦ᠍ ᠵᠦᠪᠯᠡᠯᠬᠡ ᠦᠭᠴᠤ᠂ ᠣᠯᠠᠨ ᠤᠳᠠᠭ᠎ᠠ ᠲᠤᠰᠭᠠᠶ ᠮᠡᠷᠭᠡᠵᠢᠯ᠎ᠦᠨ ᠠᠵᠢᠯᠲᠠᠨ᠎ᠢ ᠵᠣᠬᠢᠶᠠᠨ ᠪᠠᠢᠭᠤᠯᠵᠤ ᠠᠵᠤ ᠠᠬᠤᠢᠯᠠᠯ᠎ᠲᠠᠶ ᠶᠠᠷᠢᠯᠴᠠᠭᠤᠯᠤᠨ᠂ ᠣᠷᠣᠨ᠎ᠤ ᠳᠣᠲᠣᠷᠠᠬᠢ ᠠᠵᠢᠯ ᠲᠥᠷᠥᠯ᠎ᠦᠨ ᠲᠤᠰᠭᠠᠶ ᠮᠡᠷᠭᠡᠵᠢᠯᠲᠡᠨ᠎ᠢ ᠢᠳᠡᠪᠬᠢᠲᠡᠶ ᠵᠣᠬᠢᠴᠠᠭᠤᠯᠵᠤ᠂ ᠪᠠᠷᠢᠮᠵᠢᠶ᠎ᠠ᠎ᠶ᠋ᠢᠨ ᠪᠣᠷᠣ ᠲᠥᠯᠥᠪ᠎ᠢ ᠪᠠᠢᠭᠤᠯᠬᠤ᠂ ᠵᠠᠩᠭᠢᠯᠠᠭ᠎ᠠ᠎ᠶ᠋ᠢᠨ ᠡᠵᠡᠮᠳᠡᠬᠦ᠌ ᠭᠣᠭ᠍ᠴᠣᠭ᠎ᠠ ᠵᠢᠴᠢ ᠹᠢᠽᠢᠺ ᠬᠢᠮᠢ ᠶ᠋ᠢᠨ ᠭᠦᠶ᠋ᠴᠡᠳᠭᠡᠯ ᠲᠣᠭ᠎ᠠ᠎ᠶ᠋ᠢ ᠲᠣᠭ᠍ᠲᠠᠭᠠᠬᠤ᠎ᠡᠴᠡ ᠬᠢᠨᠠᠨ ᠪᠠᠢᠴᠠᠭᠠᠬᠤ ᠶᠠᠪᠤᠴᠠ᠎ᠶ᠋ᠢ ᠱᠢᠯᠢᠳᠡᠭ᠌ᠵᠢᠭᠦᠯᠬᠦ᠌ ᠵᠡᠷᠭᠡ ᠪᠥᠬᠥ᠌ ᠶᠠᠪᠤᠴᠠ᠎ᠳᠤ ᠮᠥᠷᠳᠡᠨ ᠵᠢᠯᠣᠭᠣᠳᠴᠤ᠌᠂ ᠠᠵᠤ ᠠᠬᠤᠢᠯᠠᠯ᠎ᠢ ᠬᠠᠪᠰᠤᠷᠤᠨ ᠪᠠᠷᠢᠮᠵᠢᠶ᠎ᠠ᠎ᠶ᠋ᠢ ᠲᠣᠭ᠍ᠲᠠᠭᠠᠬᠤ ᠪᠠ ᠳᠠᠩᠰᠠᠯᠠᠭᠤᠯᠬᠤ᠎ᠶ᠋ᠢ ᠥᠨᠳᠥᠷ ᠪᠦᠲᠦᠮᠵᠢᠲᠡᠶ ᠪᠡᠶᠡᠯᠡᠭᠦᠯᠪᠡ᠃ ᠡᠢᠨᠬᠦ ᠬᠣᠶᠠᠷᠬᠠᠨ ᠰᠠᠷ᠎ᠠ᠎ᠶ᠋ᠢᠨ ᠬᠤᠭᠤᠴᠠᠭ᠎ᠠ ᠵᠠᠷᠤᠴᠠᠭᠤᠯᠤᠨ᠂ ᠪᠠᠷᠢᠮᠵᠢᠶ᠎ᠠ ᠲᠣᠭ᠍ᠲᠠᠭᠠᠵᠤ ᠬᠢᠷᠢ ᠬᠡᠮ᠎ᠢ ᠬᠢᠨᠠᠨ ᠪᠠᠢᠴᠠᠭᠠᠵᠤ ᠦᠨᠡᠮᠯᠡᠯ ᠭᠠᠷᠭᠠᠵᠤ ᠥᠭ᠌ᠴᠡᠶ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠪᠡᠶ᠎ᠡ᠎ᠶ᠋ᠢᠨ ᠪᠠᠢᠴᠠᠭᠠᠯᠲᠠ ᠬᠢᠬᠦ ᠮᠠᠶᠢᠭ᠎ᠤᠨ ᠬᠢᠨᠠᠯᠲᠠ ᠬᠠᠮᠢᠶᠠᠷᠤᠯᠲᠠ᠂ ᠦᠶ᠋ᠯᠡᠴᠢᠯᠡᠭᠡᠨ᠎ᠦ ᠮᠠᠶᠢᠭ᠎ᠤᠨ ᠬᠠᠤᠯᠢ ᠬᠡᠷᠡᠭ᠌ᠵᠢᠭᠦᠯᠦᠯᠲᠡ》 ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ 《ᠤᠷᠢᠳᠴᠢᠯᠠᠨ ᠰᠡᠷᠭᠡᠢᠯᠡᠬᠦ᠌᠂ ᠠᠯᠳᠠᠭ᠎ᠠ ᠪᠤᠷᠤᠭᠤ᠎ᠶ᠋ᠢ ᠠᠭᠤᠴᠢᠯᠠᠬᠤ᠂ ᠵᠠᠯᠬᠠᠭᠠᠨ ᠴᠡᠭᠡᠷᠯᠡᠭᠦᠯᠬᠦ᠌᠂ ᠳᠠᠬᠢᠨ ᠠᠱᠢᠭ᠍ᠯᠠᠬᠤ》 ᠪᠢᠲᠡᠭᠦᠤ ᠭᠤᠬᠴᠤᠭᠠᠳᠤ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠪᠠᠢᠭᠤᠯᠵᠤ᠂ ᠬᠢᠨᠠᠯᠲᠠ ᠬᠠᠮᠢᠶᠠᠷᠤᠯᠲᠠ᠎ᠶ᠋ᠢ 《ᠬᠡᠷᠡᠭ᠎ᠦᠨ ᠳᠠᠷᠠᠭ᠎ᠠ ᠠᠪᠤᠷᠠᠬᠤ》 ᠡᠴᠡ 《ᠬᠡᠷᠡᠭ᠎ᠦᠨ ᠡᠮᠦᠨ᠎ᠡ ᠤᠷᠢᠳᠴᠢᠯᠠᠨ ᠰᠡᠷᠭᠡᠢᠯᠡᠬᠦ᠌》 ᠲᠡᠢᠰᠢ ᠬᠤᠪᠢᠷᠠᠭᠤᠯᠤᠭ᠍ᠰᠠᠨ᠎ᠢᠶᠠᠷ ᠪᠠᠷᠠᠬᠤ ᠥᠬᠡᠶ᠂ 《ᠣᠷᠢᠵᠤ ᠠᠪᠴᠢᠷᠠᠨ ᠰᠠᠨᠠᠯ ᠰᠣᠨᠣᠰᠴᠤ᠌᠂ ᠦᠨᠳᠦᠰᠦᠨ ᠱᠠᠲᠤᠨ᠎ᠳᠤ ᠭᠦᠨᠵᠡᠭᠡᠢᠷᠡᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌》 ᠠᠵᠢᠯᠯᠠᠭ᠎ᠠ ᠵᠢ ᠥᠷᠨᠢᠭᠦᠯᠬᠦ᠌᠎ᠪᠡᠷ ᠳᠠᠮᠵᠢᠨ᠂ ᠵᠠᠰᠠᠭ ᠠᠵᠤ ᠠᠬᠤᠢᠯᠠᠯ᠎ᠤᠨ ᠨᠡᠪᠲᠡᠷᠡᠯᠴᠡᠬᠦ᠌ ᠬᠥᠭᠥᠷᠭᠡ᠎ᠶ᠋ᠢ ᠪᠠᠢᠭᠤᠯᠪᠠ᠃ ᠵᠥᠪᠬᠡᠨ ᠲᠦᠩᠯᠢᠶᠣᠤ ᠬᠣᠲᠠ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠢ ᠨᠡᠢᠲᠡ 424 ᠤᠳᠠᠭ᠎ᠠ ᠵᠣᠬᠢᠶᠠᠨ ᠪᠠᠢᠭᠤᠯᠵᠤ᠂ ᠵᠠᠰᠠᠭ ᠠᠵᠤ ᠠᠬᠤᠢᠯᠠᠯ ᠢ ᠵᠣᠯᠭᠠᠭᠤᠯᠬᠤ ᠠᠵᠢᠯᠯᠠᠭ᠎ᠠ᠎ᠶ᠋ᠢ 79 ᠤᠳᠠᠭ᠎ᠠ᠂ 334 ᠺᠠᠳ᠋ᠷ 428 ᠠᠵᠤ ᠠᠬᠤᠢᠯᠠᠯ᠎ᠢ ᠳᠠᠭᠠᠭᠠᠴᠢᠯᠠᠨ ᠬᠠᠷᠢᠯᠴᠠᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠦᠰᠡᠯ ᠱᠠᠭᠠᠷᠳᠠᠯᠭ᠎ᠠ ᠶ᠋ᠢ 2000 ᠭᠠᠷᠤᠶ ᠵᠤᠷᠪᠤᠰ ᠴᠤᠭ᠍ᠯᠠᠭᠤᠯᠵᠤ᠂ 《ᠵᠥᠪᠱᠢᠶᠡᠷᠡᠯ᠎ᠦᠨ ᠦᠨᠡᠮᠯᠡᠯ᠎ᠦᠨ ᠬᠤᠭᠤᠴᠠᠭ᠎ᠠ᠎ᠨᠢ ᠲᠤᠯᠤᠭ᠍ᠰᠠᠨ ᠰᠠᠨᠠᠭᠤᠯᠤᠮᠵᠢ》᠂ 《ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ᠎ᠳᠤ ᠬᠦᠴᠢᠷ ᠪᠠᠢᠬᠤ》 ᠵᠡᠷᠭᠡ ᠨᠢᠭᠡ ᠪᠦᠯᠦᠭ ᠲᠦᠭ᠌ᠵᠢᠷᠡᠯ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠡ᠃
ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠨᠢ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠪᠦᠲᠦᠭᠡᠯᠴᠢ ᠬᠦᠴᠦᠨ᠎ᠡᠴᠡ ᠢᠷᠡᠯᠲᠡ᠎ᠲᠡᠶ ᠪᠠᠢᠳᠠᠭ᠃ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠦᠶ᠋ᠯᠡᠴᠢᠯᠡᠭᠡ᠂ ᠨᠠᠩ ᠴᠢᠩᠭ᠎ᠠ ᠬᠢᠨᠠᠨ ᠬᠠᠮᠢᠶᠠᠷᠤᠯᠲᠠ ᠨᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠷᠠᠭ᠍ᠳᠠᠰᠢ ᠥᠬᠡᠶ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃