— ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠵᠢᠨ ᠠᠮᠢᠳᠤᠯᠢᠭ ᠦᠢᠯᠡᠳᠦᠯᠭᠡ᠎ᠶ᠋ᠢᠨ ᠱᠢᠷᠢᠰ ᠬᠦᠦᠷᠨᠢᠯ ᠱᠢᠭᠦᠮᠵᠢ (ᠬᠣᠶᠠᠷ)
ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠪᠣᠯ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠴᠢᠬᠤᠯᠠ ᠲᠠᠯ᠎ᠠ ᠪᠣᠯᠤᠨ᠎ᠠ᠃
ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ ᠡᠴᠡ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠪᠠᠢᠷᠢᠯᠠᠭᠤᠯᠤᠯᠲᠠ ᠬᠢᠵᠡᠢ᠃ 2024 ᠣᠨ᠎ᠤ 10 ᠰᠠᠷ᠎ᠠ᠎ᠳᠤ᠂ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠤᠪᠴᠢᠶ᠎ᠠ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠲᠤᠬᠠᠢ ᠠᠷᠪᠠᠨ ᠳᠣᠯᠣᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠡ᠂ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ᠎ᠶ᠋ᠢ ᠡᠷᠬᠢᠯᠡᠬᠦ᠌᠎ᠳᠡᠭᠡᠨ᠂ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠵᠤ᠂ ᠳᠤᠮᠳᠠᠳᠤ ᠵᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠦᠢᠯᠡᠰ᠎ᠲᠦ ᠬᠣᠯᠪᠣᠭ᠍ᠳᠠᠵᠤ᠂ ᠳᠡᠯᠡᠬᠡᠢ ᠳᠡᠭᠡᠷᠡᠬᠢ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠦ ᠬᠣᠯᠪᠣᠭ᠍ᠳᠠᠨ᠎ᠠ ᠭᠡᠵᠦ ᠴᠢᠬᠤᠯᠠᠴᠢᠯᠠᠪᠠ᠃
ᠱᠢᠨ᠎ᠡ ᠱᠠᠲᠤᠨ᠎ᠳᠤ ᠰᠠᠭᠤᠷᠢᠯᠠᠵᠤ᠂ ᠲᠤᠮᠤ ᠠᠯᠬᠤᠮ᠎ᠢᠶᠠᠷ ᠱᠢᠨ᠎ᠡ ᠠᠶᠠᠨ᠎ᠳᠤ ᠤᠷᠤᠭᠰᠢᠯᠠᠨ᠂ ᠪᠢᠳᠡ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢᠨ ᠳᠣᠲᠣᠭᠠᠳᠤ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠠᠵᠢᠯ᠎ᠤᠨ ᠤᠳᠤᠷᠢᠳᠤᠮᠵᠢ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠰᠣᠶᠣᠯ᠎ᠤᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠭᠡᠨ ᠪᠠᠢᠭᠤᠯᠵᠤ᠂ ᠪᠣᠳᠠᠰ᠎ᠤᠨ ᠪᠣᠯᠪᠠᠰᠤᠨ ᠪᠣᠯᠤᠨ ᠤᠶᠤᠨ᠎ᠤ ᠪᠣᠯᠪᠠᠰᠤᠨ ᠵᠣᠬᠢᠴᠠᠩᠭᠤᠢ ᠬᠥᠭ᠌ᠵᠢᠭ᠌ᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠬᠠᠩᠭᠠᠬᠤ ᠬᠡᠷᠡᠭ᠌ᠲᠡᠢ᠃
ᠬᠦᠴᠦᠨ ᠴᠢᠳᠠᠯ ᠤᠯᠭᠤᠵᠤ᠄ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠨᠠᠩ ᠥᠨᠳᠥᠷ ᠱᠠᠭᠠᠷᠳᠠᠯᠭ᠎ᠠ᠎ᠶ᠋ᠢ ᠬᠠᠩᠭᠠᠨ᠎ᠠ
ᠤᠯᠤᠰ ᠣᠷᠣᠨ᠎ᠤ ᠬᠦᠴᠦᠷᠬᠡᠭ᠌ᠵᠢᠯ᠂ ᠦᠨᠳᠦᠰᠦᠲᠡᠨ᠎ᠦ ᠰᠡᠷᠭᠦᠨ ᠮᠠᠨᠳᠤᠯᠲᠠ ᠨᠢ ᠪᠣᠳᠠᠰ᠎ᠤᠨ ᠪᠣᠯᠪᠠᠰᠤᠨ᠎ᠤ ᠬᠤᠷᠠᠮᠳᠤᠭᠤᠯᠤᠯ᠎ᠢ ᠱᠠᠭᠠᠷᠳᠠᠵᠤ᠂ ᠤᠶᠤᠨ᠎ᠤ ᠪᠣᠯᠪᠠᠰᠤᠨ᠎ᠤ ᠳᠡᠭᠡᠭ᠌ᠰᠢᠯᠡᠯᠲᠡ᠎ᠶ᠋ᠢ ᠨᠡᠩ ᠱᠠᠭᠠᠷᠳᠠᠨ᠎ᠠ᠃
2024 ᠣᠨ᠎ᠳᠤ᠂ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠠᠩᠬ᠎ᠠ ᠤᠳᠠᠭ᠎ᠠ 130 ᠲᠦᠮᠡᠨ ᠳ᠋ᠦᠩᠱᠢᠭᠤᠷ ᠲᠥᠭᠥᠷᠢᠭ ᠢ ᠳᠠᠪᠠᠵᠤ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢᠨ ᠬᠡᠪᠴᠢᠶ᠎ᠡ ᠪᠦᠬᠦ᠌ ᠪᠥᠮᠪᠥᠷᠴᠡᠭ᠎ᠦᠨ ᠬᠣᠶᠠᠳᠤᠭᠠᠷ᠎ᠲᠤ ᠣᠷᠣᠪᠠ᠃ ᠳᠣᠷᠣᠨᠠᠳᠠᠬᠢᠨ᠎ᠤ ᠲᠤᠮᠤ ᠤᠯᠤᠰ ᠬᠦᠴᠦᠷᠬᠡᠭ ᠶᠡᠬᠡ ᠪᠣᠳᠠᠰ᠎ᠤᠨ ᠪᠣᠯᠪᠠᠰᠤᠨ᠎ᠢ ᠡᠭᠦᠳᠴᠦ᠍ ᠪᠠᠢᠨ᠎ᠠ᠂ ᠮᠥᠨ ᠴᠦ᠍ ᠴᠠᠭ ᠦᠶ᠎ᠡ᠎ᠶ᠋ᠢ ᠬᠦᠳᠦᠯᠦᠨ ᠳᠠᠭᠠᠭᠤᠯᠬᠤ ᠤᠶᠤᠨ᠎ᠤ ᠪᠣᠯᠪᠠᠰᠤᠨ᠎ᠢ ᠡᠭᠦᠳᠴᠦ᠍ ᠪᠠᠢᠨ᠎ᠠ᠃
《ᠬᠤᠳᠠ ᠬᠥᠳᠡᠭᠡ᠎ᠶ᠋ᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠰᠣᠶᠣᠯ᠎ᠤᠨ ᠦᠢᠯᠡᠳᠭᠦᠨ ᠪᠣᠯᠤᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠰᠣᠶᠣᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠨ ᠴᠢᠳᠠᠯ ᠤᠯᠭᠤᠬᠤ ᠬᠡᠷᠡᠭ᠌ᠲᠡᠢ》᠃ 2025 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠰᠣᠶᠣᠯ᠎ᠤᠨ ᠳᠠᠷᠪᠠᠭᠤᠯ᠎ᠢ ᠥᠨᠳᠥᠷ ᠮᠠᠨᠳᠤᠭᠤᠯᠵᠠᠢ᠃
2025 ᠣᠨ᠎ᠤ 7 ᠰᠠᠷ᠎ᠠ᠎ᠳᠤ᠂ ᠵᠢᠩ ᠰᠢ ᠵᠣᠴᠢᠳ᠎ᠤᠨ ᠪᠠᠭᠤᠳᠠᠯ᠎ᠳᠤ᠃ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠳᠡᠭᠡᠷ᠎ᠡ᠄ 《ᠣᠳᠣᠬᠢᠴᠢᠯᠠᠭ᠍ᠰᠠᠨ ᠠᠷᠠᠳ᠎ᠤᠨ ᠬᠤᠳᠠ ᠪᠣᠯ ᠪᠣᠳᠠᠰ᠎ᠤᠨ ᠪᠣᠯᠪᠠᠰᠤᠨ ᠪᠣᠯᠤᠨ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠭ᠍ᠰᠠᠨ ᠬᠤᠳᠠ ᠪᠠᠢᠬᠤ ᠶᠣᠰᠣᠲᠠᠢ》 ᠭᠡᠵᠦ᠍ ᠦᠭᠡ ᠴᠢᠬᠡᠴᠢ ᠤᠳᠭ᠎ᠠ ᠭᠦᠨ᠎ᠢᠶᠡᠷ ᠵᠢᠭᠠᠵᠤ ᠭᠠᠷᠭᠠᠪᠠ᠃
ᠡᠳ᠋ ᠪᠣᠳᠠᠰ ᠡᠯᠪᠡᠭ ᠳᠡᠯᠪᠡᠭ 《ᠦᠩᠭᠡᠨ ᠲᠠᠯ᠎ᠠ》 ᠪᠠᠢᠬᠤ ᠬᠡᠷᠡᠭ᠌ᠲᠡᠢ ᠮᠥᠷᠲᠡᠭᠡᠨ ᠤᠶᠤᠨ ᠰᠠᠨᠠᠭ᠎ᠠ ᠡᠯᠪᠡᠭ ᠪᠠᠶᠠᠯᠢᠭ 《ᠳᠣᠲᠣᠷ》 ᠪᠠᠢᠬᠤ ᠬᠡᠷᠡᠭ᠌ᠲᠡᠢ᠃ 《ᠬᠣᠶᠠᠷ ᠲᠠᠯ᠎ᠠ᠎ᠶ᠋ᠢ ᠠᠳᠭᠤᠵᠤ᠂ ᠬᠣᠶᠠᠷ ᠲᠠᠯ᠎ᠠ ᠴᠦᠮ ᠬᠦᠴᠦᠷᠬᠡᠭ ᠪᠠᠢᠬᠤ ᠬᠡᠷᠡᠭᠳᠡᠢ》 ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠦᠨᠳᠦᠰᠦᠨ ᠱᠠᠭᠠᠷᠳᠠᠯᠭ᠎ᠠ᠎ᠶ᠋ᠢ ᠢᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠡᠷᠬᠢᠮ ᠳᠡᠭᠡᠳᠦ ᠬᠥᠭᠡᠭᠡᠴᠡᠯᠳᠦᠯ᠎ᠢ ᠲᠤᠰᠭᠠᠵᠤ ᠪᠠᠢᠳᠠᠭ᠃
ᠥᠨᠥᠳᠦᠷ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠪᠠ ᠠᠷᠠᠳ᠎ᠤᠨ ᠠᠮᠢᠳᠤᠷᠠᠯ᠎ᠤᠨ ᠲᠦᠪᠱᠢᠨ ᠱᠢᠨ᠎ᠡ ᠶᠡᠬᠡ ᠳᠡᠭ᠌ᠲᠡᠷ᠎ᠲᠦ ᠭᠠᠷᠤᠭ᠍ᠰᠠᠨ ᠪᠣᠯᠬᠣᠷ ᠰᠣᠶᠣᠯ᠎ᠤᠨ ᠪᠠᠢᠭᠤᠯᠤᠯᠲᠠ᠎ᠶ᠋ᠢ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠍᠎ᠶ᠋ᠢᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ ᠪᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠲᠤᠭᠤᠱᠢᠯᠠᠭᠤᠯᠬᠤ᠎ᠶ᠋ᠢ ᠨᠡᠩ ᠴᠢᠬᠤᠯᠠᠴᠢᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠷᠢᠯᠠᠭᠤᠯᠤᠯᠲᠠ᠎ᠳᠠᠬᠢ ᠰᠣᠶᠣᠯ᠎ᠤᠨ ᠲᠤᠯᠭᠠᠭᠤᠷᠢᠯᠠᠬᠤ ᠴᠢᠨᠠᠷ᠂ ᠬᠦᠳᠦᠯᠦᠨ ᠳᠠᠭᠠᠭᠤᠯᠬᠤ ᠴᠢᠨᠠᠷ᠎ᠤᠨ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃
《ᠲᠣᠰᠭᠣᠨ ᠤ᠋ ᠬᠦᠯ ᠪᠦᠮᠪᠦᠭᠡ᠎ᠶᠢᠨ ᠤᠷᠤᠯᠳᠤᠭᠠᠨ》᠂ 《ᠲᠣᠰᠭᠣᠨ ᠤ᠋ ᠰᠠᠭᠰᠤᠨ ᠪᠦᠮᠪᠦᠭᠡ᠎ᠶᠢᠨ ᠤᠷᠤᠯᠳᠤᠭᠠᠨ》 ᠂ 《ᠲᠣᠰᠭᠣᠨ ᠤ᠋ ᠦᠳᠡᠰᠢᠯᠡᠭᠡ》 ᠨᠢ ᠬᠥᠳᠡᠭᠡ ᠲᠣᠰᠭᠣᠨ ᠤ᠋ ᠳᠦᠷᠰᠦ ᠪᠠᠢᠳᠠᠯ ᠢ᠋ ᠬᠤᠪᠢᠷᠠᠭᠤᠯᠤᠭ᠍ᠰᠠᠨ ᠡᠴᠡ ᠲᠣᠭ᠍ᠯᠠᠭᠠᠮ 《ᠳᠤᠮᠤᠭᠳᠤ ᠡᠦ ᠺᠦᠩ》 ᠨᠢ ᠵᠢᠭᠤᠯᠴᠢᠯᠠᠯ᠂ ᠰᠣᠶᠣᠯ᠎ᠦᠨ ᠪᠦᠳᠦᠭᠡᠯᠴᠢ ᠦᠢᠯᠡᠳᠭᠦᠨ ᠵᠡᠷᠭᠡ ᠬᠡᠷᠡᠭ᠌ᠯᠡᠭᠡᠨ᠎ᠦ ᠥᠷᠨᠢᠯᠲᠡ᠎ᠶ᠋ᠢ ᠲᠠᠢ᠌ᠴᠢᠯᠠᠵᠤ᠂ ᠲᠠᠬᠢᠭᠠᠳ 《 ᠰᠣᠶᠣᠯ ᠦᠨ ᠮᠦᠽᠧᠢ᠎ᠶᠢᠨ ᠬᠠᠯᠠᠮᠱᠢᠯ》᠂ 《ᠵᠢᠭᠤᠯᠴᠢᠯᠠᠯ᠎ᠤᠨ ᠬᠠᠯᠠᠮᠱᠢᠯ》 ᠁ 《ᠰᠣᠶᠣᠯ +》᠎ᠨᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠦᠴᠦᠨ ᠴᠢᠳᠠᠯ ᠤᠯᠭᠤᠬᠤ ᠦᠢᠯᠡᠳᠦᠯ᠎ᠢᠶᠡᠨ ᠲᠠᠰᠤᠷᠠᠯᠳᠠ ᠦᠬᠡᠢ ᠪᠠᠳᠠᠷᠠᠭᠤᠯᠵᠤ ᠪᠠᠢᠨ᠎ᠠ᠃
ᠰᠣᠶᠣᠯ᠎ᠢ ᠨᠢᠭᠡ ᠵᠦᠢᠯ᠎ᠦᠨ ᠬᠠᠮ ᠬᠡᠯᠪᠡᠷᠢ᠎ᠶᠢᠨ ᠱᠢᠨ᠎ᠡ᠎ᠶ᠋ᠢ ᠡᠭᠦᠳᠬᠦ᠌ ᠡᠯᠧᠮᠧᠨ᠋ᠲ ᠪᠣᠯᠭᠠᠨ ᠠᠵᠤ ᠠᠬᠤᠢ᠎ᠶ᠋ᠢᠨ ᠠᠵᠢᠯᠯᠠᠭ᠎ᠠ᠎ᠳᠤ ᠠᠭᠤᠰᠤᠯᠴᠠᠭᠤᠯᠬᠤ ᠨᠢ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠠᠵᠤ ᠠᠬᠤᠢ᠎ᠶ᠋ᠢᠨ ᠪᠦᠲᠦᠴᠡ᠎ᠶ᠋ᠢᠨ ᠱᠢᠯᠢᠳᠡᠭ᠌ᠵᠢᠨ ᠲᠡᠰ ᠳᠡᠪᠱᠢᠬᠦ᠌᠎ᠶ᠋ᠢ ᠠᠬᠢᠭᠤᠯᠵᠤ ᠴᠢᠳᠠᠨ᠎ᠠ ᠭᠡᠳᠡᠭ᠎ᠢ ᠦᠢᠯᠡᠳᠦᠯᠭᠡ ᠬᠡᠷᠡᠴᠢᠯᠡᠪᠡ᠃
ᠰᠣᠶᠣᠯ᠎ᠤᠨ《ᠠᠬᠢᠭᠤᠯᠬᠤ ᠲᠦᠯᠬᠢᠭ᠌ᠴᠢ》 ᠵᠢᠨ ᠦᠢᠯᠡᠳᠦᠯ᠎ᠢ ᠤᠯᠠᠮ ᠨᠢᠭᠡ ᠠᠯᠬᠤᠮ ᠲᠠᠨᠢᠵᠤ᠂ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠭᠦᠨ ᠵᠤᠵᠠᠭᠠᠨ ᠰᠣᠶᠣᠯ ᠢᠷᠭᠡᠨᠱᠢᠯ᠎ᠦᠨ ᠦᠷᠳᠡᠭ ᠣᠯᠭᠣᠪᠠᠯ᠂ ᠯᠠᠪᠲᠠᠢ ᠨᠡᠩ ᠤᠯᠠᠨ ᠱᠢᠨ᠎ᠡ ᠨᠡᠮᠡᠭ᠌ᠳᠡᠯ᠎ᠦᠨ ᠴᠡᠭ᠎ᠢ ᠪᠤᠢ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠭᠦᠷ᠎ᠢ ᠡᠭᠦᠳᠴᠦ᠍ ᠥᠭ᠌ᠬᠦ ᠪᠣᠯᠤᠨ᠎ᠠ᠃
ᠡᠨᠡ ᠵᠢᠯ᠎ᠦᠨ ᠴᠠᠭᠠᠨ ᠰᠠᠷ᠎ᠠ ᠡᠴᠡ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ ᠯᠢᠶᠣᠤᠨᠢᠩ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠰᠣᠶᠣᠯ᠎ᠢᠶᠠᠷ ᠬᠥᠮᠦᠰ᠎ᠦᠨ ᠰᠡᠳᠭᠢᠯ᠎ᠢ ᠨᠡᠩ ᠰᠠᠢ᠌ᠨ ᠨᠢᠭ᠍ᠲᠠᠷᠠᠭᠤᠯᠵᠤ᠂ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠢᠲᠡᠭᠡᠯ ᠵᠣᠷᠢᠭ᠎ᠢ ᠪᠠᠲᠤᠳᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠂ ᠬᠥᠭ᠌ᠵᠢᠨ ᠮᠠᠨᠳᠤᠬᠤ ᠣᠷᠭᠢᠯᠤᠮ᠎ᠠ ᠰᠡᠳᠭᠢᠯᠭᠡ ᠪᠣᠯᠤᠨ ᠲᠡᠮᠡᠴᠡᠯ᠎ᠦᠨ ᠵᠣᠷᠢᠭ᠎ᠢ ᠭᠦᠢᠴᠡᠳ ᠬᠥᠭ᠌ᠵᠢᠭᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠤᠯᠤᠰ ᠣᠷᠣᠨ᠎ᠤ ᠬᠣᠯᠪᠣᠭᠠᠰᠤ ᠂ ᠬᠠᠢᠷ᠎ᠠ ᠰᠡᠳᠭᠢᠯᠭᠡ ᠵᠢᠨ ᠠᠴᠢᠶᠠᠯᠠᠪᠤᠷᠢ ᠪᠤᠯᠵᠤ ᠮᠢᠩᠭᠠᠨ ᠵᠢᠯ ᠤᠯᠠᠮᠵᠢᠯᠠᠭ᠍ᠳᠠᠭ᠍ᠰᠠᠨ ᠴᠠᠭᠠᠨ ᠰᠠᠷ᠎ᠠ ᠨᠢ ᠰᠣᠶᠣᠯ᠎ᠤᠨ ᠬᠦᠴᠦᠨ᠎ᠢ ᠠᠮᠢᠳᠤᠯᠢᠭ᠎ᠢᠶᠠᠷ ᠢᠯᠡᠷᠡᠭᠦᠯᠵᠦ᠍᠂ ᠰᠣᠶᠣᠯ᠎ᠤᠨ ᠨᠢᠭ᠍ᠲᠠᠷᠠᠭᠤᠯᠬᠤ᠂ ᠵᠥᠭᠡᠯᠡᠷᠡᠭᠦᠯᠬᠦ᠂ ᠨᠡᠢᠳᠭᠡᠬᠦ᠂ ᠪᠣᠢᠵᠢᠭᠤᠯᠬᠤ ᠴᠢᠳᠠᠮᠵᠢ᠎ᠶ᠋ᠢ ᠭᠦᠶ᠋ᠴᠡᠳ ᠡᠵᠡᠮᠱᠢᠬᠦ᠌᠎ᠶ᠋ᠢ ᠪᠢᠳᠡᠨ᠎ᠳᠦ ᠰᠠᠨᠠᠭᠤᠯᠵᠤ ᠪᠠᠢᠨ᠎ᠠ᠃
ᠳᠤᠮᠳᠠᠳᠤ ᠤᠯᠤᠰ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ ᠵᠢᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠤ᠂ ᠰᠣᠶᠣᠯ᠎ᠢᠶᠡᠷ ᠵᠤᠷᠢᠭ ᠰᠠᠨᠠᠭ᠎ᠠ᠎ᠶᠢ ᠪᠤᠢᠵᠢᠭᠤᠯᠬᠤ᠂ ᠦᠵᠡᠯ ᠰᠡᠳᠭᠢᠯᠭᠡ᠎ᠶ᠋ᠢ ᠬᠥᠮᠦᠵᠢᠭᠦᠯᠬᠦ᠌ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠴᠦᠷᠬᠡᠭ ᠶᠡᠬᠡ ᠤᠷᠢᠶᠠᠯᠠᠬᠤ ᠬᠦᠴᠦᠨ᠎ᠲᠡᠶ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠠᠢᠭᠤᠯᠵᠤ᠂ ᠨᠡᠢᠭᠡᠮ᠎ᠦᠨ ᠤᠬᠠᠮᠰᠠᠷ᠎ᠢ ᠨᠡᠢᠳᠭᠡᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ᠃
ᠥᠩᠭᠡ ᠪᠤᠳᠤᠭ ᠨᠡᠮᠡᠷᠢᠯᠡᠵᠦ᠄ ᠠᠷᠠᠳ ᠣᠯᠠᠨ᠎ᠤ ᠨᠠᠩ ᠥᠨᠳᠥᠷ ᠬᠦᠰᠡᠯ ᠡᠷᠡᠮᠡᠯᠵᠡᠯ᠎ᠳᠦ ᠨᠡᠢᠴᠡᠭᠦᠯᠦᠨᠡ
ᠪᠥᠵᠢᠭ 《ᠭᠠᠱᠢᠭᠤᠳᠠᠯ》 ᠨᠢ ᠨᠤᠭᠤᠷᠠᠰᠢ ᠥᠬᠡᠶ ᠪᠠᠢᠬᠤ ᠵᠢ ᠴᠤᠤᠷᠢᠶᠠᠲᠤᠭᠤᠯᠵᠤ᠂ ᠦᠵᠡᠭᠳᠡᠯᠳᠦ ᠱᠢᠯᠦᠭ 《ᠵᠤᠷᠪᠤᠰ ᠬᠡᠷᠡᠯ》 ᠨᠢ ᠵᠠᠯᠠᠭᠤ ᠨᠠᠰᠤᠨ᠎ᠤ ᠴᠣᠭ ᠵᠢᠪᠬᠤᠭ᠎ᠠ᠎ᠶ᠋ᠢ ᠴᠤᠬᠤᠯᠵᠠᠭᠤᠯᠵᠤ᠂ ᠦᠵᠡᠭᠳᠡᠯᠳᠦ ᠰᠢ ᠵᠦᠴᠦᠭᠡ 《ᠥᠨᠢᠳᠡ᠎ᠶ᠋ᠢᠨ ᠰᠤᠮᠤᠨ ᠠᠩᠬᠢ᠎ᠶᠢᠨ ᠳ᠋ᠤᠭᠠᠷ》᠎ᠢ᠋ ᠦᠵᠡᠭᠰᠡᠨ ᠬᠦᠮᠦᠰ ᠦᠪᠡᠷ᠎ᠤᠨ ᠡᠷᠬᠡ ᠦᠭᠡᠢ ᠬᠠᠯᠠᠭᠤᠨ ᠨᠢᠯᠪᠤᠰᠤ ᠪᠦᠮᠪᠦᠷᠢᠬᠦᠯᠦᠨᠠ ᠁
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠤᠷᠠᠨ ᠰᠠᠢᠬᠠᠨ᠎ᠤ ᠦᠳᠡᠱᠢᠯᠡᠭᠡ 9 ᠰᠠᠷ᠎ᠠ᠎ᠶ᠋ᠢᠨ 3 ᠤ᠋ ᠡᠳᠦᠷ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠲᠧᠯᠸᠢᠰ᠂ ᠰᠦᠯᠵᠢᠶ᠎ᠡ᠎ᠪᠡᠷ ᠳᠠᠮᠵᠢᠨ᠂ ᠬᠥᠮᠦᠰ ᠰᠡᠳᠭᠢᠯ᠎ᠢ ᠬᠥᠳᠡᠯᠭᠡᠮ᠎ᠡ ᠫᠷᠤᠭ᠌ᠷᠠᠮ᠎ᠢ ᠳᠠᠬᠢᠨ ᠳᠠᠪᠲᠠᠨ ᠰᠤᠨᠢᠷᠬᠠᠵᠤ᠂ ᠨᠡᠢᠭᠡᠮ᠎ᠦᠨ ᠬᠠᠷᠢᠯᠴᠠᠭᠠᠨ᠎ᠤ ᠲᠠᠪᠴᠠᠩ ᠳᠡᠭᠡᠷ᠎ᠡ ᠮᠠᠭᠳᠠᠨ ᠰᠠᠢᠰᠢᠶᠠᠭᠰᠠᠨ ᠦᠨᠡᠯᠡᠯᠲᠡ ᠦᠯᠡᠳᠡᠭᠡᠵᠡᠶ᠃
ᠠᠮᠢᠳᠤᠷᠠᠯ᠎ᠤᠨ ᠬᠢᠷᠢ ᠲᠦᠪᠱᠢᠨ ᠲᠠᠰᠤᠷᠠᠯᠳᠠ ᠦᠭᠡᠢ ᠳᠡᠭᠡᠭ᠌ᠰᠢᠯᠡᠬᠦ᠌᠎ᠶ᠋ᠢ ᠲᠠᠭᠠᠯᠳᠤᠨ᠂ ᠠᠷᠠᠳ ᠲᠦᠮᠡᠨ᠎ᠡᠴᠡ ᠰᠣᠶᠣᠯ᠎ᠤᠨ ᠦᠢᠯᠡᠳᠭᠦᠨ᠎ᠦ ᠴᠢᠨᠠᠷ ᠳᠡᠰ᠂ ᠬᠡᠪ ᠨᠠᠮᠪᠠ ᠵᠡᠷᠭᠡ᠎ᠳᠦ ᠲᠠᠯᠪᠢᠬᠤ ᠱᠠᠭᠠᠷᠳᠠᠯᠭ᠎ᠠ ᠴᠤ᠌ ᠨᠡᠩ ᠥᠨᠳᠥᠷ ᠪᠣᠯᠪᠠ᠃
ᠶᠡᠷᠦᠩᠬᠡᠢ ᠱᠦᠵᠢ ᠰᠢ ᠵᠢᠨ ᠫᠢᠩ᠄ 《ᠰᠣᠶᠣᠯ᠎ᠤᠨ ᠬᠦᠴᠦᠷᠬᠡᠭ ᠤᠯᠤᠰ᠎ᠤᠨ〈ᠬᠦᠴᠦᠷᠬᠡᠭ〉 ᠨᠢ ᠡᠴᠦᠰ᠎ᠲᠡᠬᠡᠨ ᠠᠷᠠᠳ ᠲᠦᠮᠡᠨ᠎ᠦ ᠦᠵᠡᠯ ᠰᠠᠨᠠᠭᠠᠨ᠎ᠤ ᠠᠬᠤᠢ ᠪᠠᠢᠳᠠᠯ᠂ ᠤᠶᠤᠨ ᠰᠠᠨᠠᠭᠠᠨ᠎ᠤ ᠪᠠᠢᠳᠠᠯ᠂ ᠰᠣᠶᠣᠯ ᠪᠣᠯᠪᠠᠰᠤᠷᠠᠯ ᠳᠡᠭᠡᠷ᠎ᠡ ᠢᠯᠡᠷᠡᠬᠦ᠌ ᠪᠣᠯᠤᠨ᠎ᠠ》 ᠭᠡᠵᠦ ᠵᠢᠭᠠᠵᠤ ᠭᠠᠷᠭᠠᠪᠠ᠃ ᠡᠨᠡ ᠨᠢ ᠪᠢᠳᠡᠨ᠎ᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠳᠠᠭᠠᠵᠤ ᠠᠮᠵᠢᠬᠤ᠂ ᠠᠷᠠᠳ ᠲᠦᠮᠡᠨ᠎ᠦ ᠬᠡᠷᠡᠭ᠌ᠴᠡᠭᠡ᠎ᠶ᠋ᠢ ᠡᠵᠡᠮᠳᠡᠬᠦ᠌᠂ ᠠᠷᠠᠳ ᠲᠦᠮᠡᠨ᠎ᠢᠶᠡᠷ ᠭᠣᠣᠯ ᠪᠣᠯᠭᠠᠵᠤ ᠰᠣᠶᠣᠯ᠎ᠤᠨ ᠬᠦᠴᠦᠷᠬᠡᠭ ᠤᠯᠤᠰ ᠢ ᠪᠠᠢᠭᠤᠯᠬᠤ᠎ᠶ᠋ᠢ ᠱᠠᠭᠠᠷᠳᠠᠵᠤ ᠪᠠᠢᠨ᠎ᠠ᠃
ᠠᠷᠠᠳ ᠲᠦᠮᠡᠨ᠎ᠢᠶᠡᠷ ᠭᠣᠣᠯ ᠪᠣᠯᠭᠠᠵᠤ᠂ ᠠᠷᠠᠳ ᠲᠦᠮᠡᠨ᠎ᠦ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠵᠣᠷᠢᠯᠲᠠ ᠪᠠ ᠲᠤᠰᠤᠯᠳᠠ ᠪᠣᠯᠭᠠᠬᠤ ᠬᠡᠷᠡᠭ᠌ᠲᠡᠢ᠃
ᠲᠢᠶᠠᠨᠵᠢᠨ ᠲᠦᠷᠪᠡᠨ ᠲᠤᠮᠤ ᠰᠢᠷᠢᠰ 500 ᠭᠠᠷᠤᠢ ᠲᠦᠷᠦᠯ᠎ᠦᠨ ᠰᠣᠶᠣᠯᠵᠢᠭᠤᠯᠴᠢᠯᠠᠯᠤᠨ ᠠᠵᠢᠯᠯᠠᠭ᠎ᠠ᠎ᠶᠢ ᠥᠷᠨᠢᠭᠦᠯᠵᠦ᠂ ᠪᠡᠭᠡᠵᠢᠩ 1485 ᠲᠠᠯᠠᠪᠠᠢ ᠲᠣᠭᠯᠠᠯᠲᠠᠭᠠᠷᠭᠠᠵᠤ᠂ ᠾᠸᠪᠸᠢ ᠨᠠᠢ᠍ᠮᠠᠨ ᠲᠤᠮᠤ ᠭᠣᠣᠯ ᠰᠡᠳᠦᠪᠲᠦ 200 ᠭᠠᠷᠤᠢ ᠲᠠᠯᠠᠪᠠᠢ ᠵᠢᠱ᠌ᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠪᠡ ︱ ᠡᠨᠡ ᠬᠦ᠌ ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠪᠡᠭᠡᠵᠢᠩ ᠲᠢᠶᠠᠨᠵᠢᠨ ᠾᠸᠪᠸᠢ ᠬᠣᠯᠪᠤᠭᠠᠯᠠᠨ ᠰᠣᠶᠣᠯ ᠵᠢᠭᠤᠯᠴᠢᠯᠠᠯ᠎ᠤᠨ ᠦᠪᠡᠳᠡᠭᠰᠢ ᠠᠵᠢᠯᠯᠠᠭ᠎ᠠ᠎ᠶᠢ ᠴᠣᠭᠴᠠᠯᠠᠵᠤ᠂ ᠠᠯᠳᠠᠨ ᠨᠠᠮᠤᠷ᠎ᠤᠨ ᠰᠣᠶᠣᠯ ᠢᠷᠭᠡᠨᠰᠢᠯ᠎ᠦᠨ ᠠᠮᠢᠳᠤᠯᠢᠭ᠋ ᠰᠠᠢᠬᠠᠨ ᠦᠵᠡᠮᠵᠢ᠎ᠶᠢ ᠪᠦᠲᠦᠭᠡᠵᠡᠢ᠃
ᠰᠣᠶᠣᠯ᠎ᠤᠨ ᠬᠥᠭᠵᠢᠯᠲᠡ ᠪᠣᠯ ᠠᠷᠠᠳ ᠲᠦᠮᠡᠨ᠎ᠦ ᠲᠥᠯᠥᠭᠡ ᠶᠤᠮ᠂ ᠠᠷᠠᠳ ᠲᠦᠮᠡᠨ᠎ᠳᠦ ᠲᠦᠰᠢᠭᠯᠡᠳᠡᠭ᠂ ᠦᠷ᠎ᠡ ᠪᠦᠲᠦᠭᠡᠯ᠎ᠢ ᠴᠦ᠍ ᠠᠷᠠᠳ ᠲᠦᠮᠡᠨ ᠬᠠᠮᠲᠤ᠎ᠪᠠᠷ ᠡᠳ᠋ᠯᠡᠪᠡᠯ ᠵᠣᠬᠢᠨ᠎ᠠ᠃
ᠨᠢᠭᠡ ᠲᠠᠯ᠎ᠠ᠎ᠪᠠᠷ᠂ ᠠᠷᠠᠳ ᠤᠯᠠᠨ᠎ᠤ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭ᠎ᠠ᠎ᠶᠢᠨ᠂ ᠤᠯᠠᠨ ᠲᠠᠯ᠎ᠠ᠎ᠶᠢᠨ ᠤᠶᠤᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠬᠤ᠎ᠶᠢ ᠪᠣᠳᠣᠯᠬᠢᠯᠠᠵᠤ᠂ ᠣᠳᠣᠬᠠᠨ᠎ᠤ ᠰᠣᠶᠣᠯ᠎ᠤᠨ ᠬᠡᠷᠡᠭᠴᠡᠭᠡ᠎ᠶᠢᠨ ᠲᠠᠯ᠎ᠠ᠎ᠶᠢᠨ ᠰᠢᠨ᠎ᠡ ᠬᠠᠨᠳᠤᠰᠢ ᠪᠠ ᠰᠢᠨ᠎ᠡ ᠣᠨᠴᠠᠯᠢᠭ᠋᠎ᠢ ᠭᠦᠨᠵᠡᠭᠡᠢ ᠠᠭᠤᠳᠠᠯᠵᠤ᠂ ᠨᠡᠩ ᠤᠯᠠᠨ ᠰᠢᠯᠢᠳᠡᠭ ᠰᠣᠶᠣᠯ᠎ᠤᠨ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠬᠡᠷᠡᠭᠲᠡᠢ᠃
ᠨᠦᠭᠦᠭᠡ ᠲᠠᠯ᠎ᠠ᠎ᠪᠠᠷ᠂ ᠠᠷᠠᠳ ᠲᠦᠮᠡᠨ᠎ᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠬᠡᠵᠦ᠂ ᠠᠷᠠᠳ ᠲᠦᠮᠡᠨ᠎ᠦ ᠰᠣᠶᠣᠯ᠎ᠤᠨ ᠡᠷᠬᠡ ᠠᠰᠢᠭ᠋᠎ᠢ ᠪᠠᠲᠤᠯᠠᠵᠤ᠂ ᠤᠬᠠᠭᠤᠯᠬᠤ᠂ ᠬᠥᠮᠥᠵᠢᠭᠦᠯᠬᠦ᠂ ᠬᠥᠲᠥᠯᠥᠨ ᠵᠢᠯᠤᠭᠣᠳᠬᠤ ᠪᠠ ᠤᠯᠠᠨ ᠲᠦᠮᠡᠨ᠎ᠳᠦ ᠦᠢᠯᠡᠴᠢᠯᠡᠬᠦ᠎ᠶᠢ ᠤᠶᠠᠯᠳᠤᠭᠤᠯᠵᠤ᠂ ᠠᠷᠠᠳ ᠲᠦᠮᠡᠨ᠎ᠦ ᠰᠣᠶᠣᠯ᠎ᠤᠨ ᠬᠡᠷᠡᠭᠴᠡᠭᠡ᠎ᠶᠢ ᠬᠠᠩᠭᠠᠬᠤ ᠪᠠ ᠠᠷᠠᠳ ᠲᠦᠮᠡᠨ᠎ᠦ ᠤᠶᠤᠨ ᠰᠠᠨᠠᠭᠠᠨ᠎ᠤ ᠬᠦᠴᠦᠨ᠎ᠢ ᠴᠢᠩᠭᠠᠳᠬᠠᠬᠤ᠎ᠶᠢ ᠬᠠᠷᠢᠯᠴᠠᠨ ᠨᠢᠭᠡᠳᠦᠭᠦᠯᠬᠦ᠎ᠶᠢ ᠠᠬᠢᠭᠤᠯᠬᠤ ᠬᠡᠷᠡᠭᠲᠡᠢ᠃
ᠠᠷᠠᠳ ᠲᠦᠮᠡᠨ᠎ᠢᠶᠡᠷ ᠭᠣᠣᠯ ᠪᠣᠯᠭᠠᠬᠤ᠎ᠳᠤ᠂ ᠤᠳᠬ᠎ᠠ ᠤᠷᠠᠯᠢᠭ᠋᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠨᠡᠮᠡᠭᠳᠡᠭᠦᠯᠬᠦ ᠬᠡᠷᠡᠭᠲᠡᠢ᠃
2025 ᠣᠨ᠎ᠤ ᠴᠠᠭᠠᠨ ᠰᠠᠷ᠎ᠠ᠎ᠶᠢᠨ ᠡᠬᠢ᠎ᠪᠡᠷ᠂ 《ᠨᠸ ᠵᠠ 2》ᠪᠢᠯᠧᠲ᠎ᠦᠨ ᠣᠷᠣᠯᠭ᠎ᠠ᠎ᠶᠢᠨ ᠲᠡᠮᠳᠡᠭᠯᠡᠯ ᠢ ᠤᠳᠠᠭ᠎ᠠ ᠳᠠᠷᠠᠭᠠᠯᠠᠨ ᠰᠢᠨᠡᠳᠭᠡᠵᠦ᠂ ᠰᠢᠨ᠎ᠡ ᠴᠠᠭ ᠦᠶ᠎ᠡ᠎ᠶᠢᠨ ᠤᠳᠬ᠎ᠠ ᠤᠷᠠᠯᠢᠭ᠋᠎ᠤᠨ ᠤᠤᠭᠠᠯ ᠡᠭᠦᠳᠦᠯᠲᠡ᠎ᠶᠢᠨ ᠬᠦᠴᠦᠨ᠂ ᠠᠮᠢᠵᠢᠷᠠᠯ᠎ᠤᠨ ᠬᠦᠴᠦᠨ᠎ᠢ ᠢᠯᠡᠷᠡᠭᠦᠯᠦᠭᠰᠡᠨ ᠠᠮᠢᠳᠤᠯᠢᠭ᠋ ᠵᠢᠱ᠌ᠢᠶ᠎ᠡ ᠪᠠᠷᠢᠮᠲᠠ ᠪᠣᠯᠤᠭᠰᠠᠨ ᠪᠠᠢᠨ᠎ᠠ᠃
ᠬᠦᠨ ᠵᠤᠵᠠᠭᠠᠨ᠂ ᠪᠠᠶᠠᠯᠢᠭ᠋ ᠰᠠᠢᠬᠠᠨ ᠰᠣᠶᠣᠯ᠎ᠤᠨ ᠦᠢᠯᠡᠳᠭᠦᠨ ᠪᠣᠯ ᠠᠷᠠᠳ ᠲᠦᠮᠡᠨ᠎ᠦ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠬᠠᠩᠭᠠᠬᠤ᠎ᠶᠢᠨ ᠵᠠᠩᠭᠢᠯᠠᠭ᠎ᠠ ᠮᠥᠨ᠃ ᠡᠨᠡ ᠨᠢ ᠪᠢᠳᠡᠨ᠎ᠳᠦ ᠰᠣᠶᠣᠯ᠎ᠤᠨ ᠡᠯ᠎ᠡ ᠬᠦᠷᠢᠶᠡᠨ᠎ᠦ ᠬᠢᠨ ᠣᠷᠭᠢᠯᠤᠮ᠎ᠠ ᠬᠠᠯᠠᠭᠤᠨ ᠰᠡᠳᠬᠢᠯᠭᠡ᠂ ᠠᠮᠢᠳᠤᠯᠢᠭ᠋ ᠵᠢᠷᠤᠯᠭ᠎ᠠ᠂ ᠢᠷᠠᠭᠤ ᠰᠠᠢᠬᠠᠨ ᠬᠦᠭ ᠠᠶᠠᠰ᠂ ᠰᠡᠳᠬᠢᠯ ᠬᠥᠳᠡᠯᠭᠡᠮ᠎ᠡ ᠳᠦᠷᠢ ᠲᠥᠷᠬᠦ᠎ᠪᠡᠷ ᠠᠷᠠᠳ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠂ ᠬᠠᠮᠤᠭ᠎ᠤᠨ ᠰᠠᠢᠨ ᠤᠶᠤᠨ᠎ᠤ ᠬᠦᠨᠡᠰᠦ᠎ᠪᠡᠨ ᠠᠷᠠᠳ ᠲᠦᠮᠡᠨ᠎ᠳᠦ ᠡᠷᠭᠦᠬᠦ ᠬᠡᠷᠡᠭᠲᠡᠢ ᠭᠡᠳᠡᠭ᠎ᠢ ᠬᠠᠷᠠᠭᠤᠯᠵᠤ ᠪᠠᠢᠨ᠎ᠠ᠃
ᠠᠷᠠᠳ ᠲᠦᠮᠡᠨ᠎ᠢᠶᠡᠷ ᠭᠣᠣᠯ ᠪᠣᠯᠭᠠᠬᠤ᠎ᠳᠤ᠂ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠦᠪᠰᠢᠨ ᠪᠠ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ ᠬᠠᠷᠠᠭᠤᠯᠤᠭᠰᠠᠨ ᠵᠢᠡᠷ᠂ 2024 ᠣᠨ᠎ᠤ ᠡᠴᠦᠰ ᠪᠣᠯᠲᠠᠯ᠎ᠠ ᠪᠥᠬᠥ ᠤᠯᠤᠰ᠎ᠲᠤ ᠨᠡᠶ᠋ᠢᠲᠡ 3248 ᠣᠯᠠᠨ ᠨᠡᠶ᠋ᠢᠲᠡ᠎ᠶᠢᠨ ᠨᠣᠮ᠎ᠤᠨ ᠰᠠᠩ᠂ 4.4 ᠲᠦᠮᠡ ᠰᠢᠬᠠᠮ ᠣᠯᠠᠨ ᠲᠦᠮᠡᠨ᠎ᠦ ᠰᠣᠶᠣᠯ᠎ᠤᠨ ᠪᠠᠢᠭᠤᠯᠤᠮᠵᠢ᠂ 4 ᠲᠦᠮᠡ ᠭᠠᠷᠤᠢ ᠰᠢᠨ᠎ᠡ ᠬᠡᠯᠪᠡᠷᠢ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠢ ᠪᠠᠢᠵᠤ᠂ ᠣᠯᠠᠨ ᠲᠦᠮᠡᠨ ᠰᠣᠶᠣᠯ᠎ᠤᠨ ᠦᠢᠯᠡᠴᠢᠯᠡᠭᠡ ᠭᠥᠷᠳᠡᠬᠦ ᠨᠠᠩ ᠣᠯᠠᠨ ᠳᠦᠭᠦᠮ ᠭᠠᠵᠠᠷ᠎ᠲᠠᠢ ᠪᠣᠯᠤᠭᠰᠠᠨ ᠪᠠᠢᠨ᠎ᠠ᠃
ᠠᠷᠠᠳ ᠲᠦᠮᠡᠨ᠎ᠦ ᠰᠣᠶᠣᠯ᠎ᠤᠨ ᠡᠷᠬᠡ ᠠᠰᠢᠭ᠋᠎ᠢ ᠨᠡᠩ ᠰᠠᠢᠲᠤᠷ ᠪᠠᠲᠤᠯᠠᠬᠤ᠎ᠳᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ᠎ᠶᠢ ᠪᠠᠷᠢᠮᠵᠢᠶᠠᠵᠢᠭᠤᠯᠬᠤ᠂ ᠲᠡᠨᠭᠴᠡᠭᠦᠷᠢᠰᠢᠭᠦᠯᠬᠦ ᠵᠢ ᠲᠦᠯᠬᠢᠨ ᠠᠬᠢᠭᠤᠯᠬᠤ᠎ᠶᠢ ᠪᠠᠷᠢᠮᠲᠠᠯᠠᠵᠤ᠂ ᠬᠤᠳᠠ ᠬᠥᠳᠡᠭᠡ᠎ᠶᠢᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠢ ᠨᠢᠭᠡ ᠴᠣᠭᠴᠠᠵᠢᠭᠤᠯᠤᠨ ᠪᠠᠶ᠋ᠢᠭᠤᠯᠬᠤ᠎ᠶᠢ ᠲᠦᠯᠬᠢᠨ ᠠᠬᠢᠭᠤᠯᠬᠤ ᠬᠡᠷᠡᠭᠲᠡᠢ; ᠰᠣᠶᠣᠯ᠎ᠤᠨ ᠬᠦᠷᠢᠶᠡᠨ᠎ᠦ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠠᠬᠢᠭᠤᠯᠵᠤ᠂ ᠰᠣᠶᠣᠯ᠎ᠤᠨ ᠠᠵᠤ ᠦᠢᠯᠡᠰ᠎ᠦᠨ ᠲᠥᠯᠦᠪᠵᠢᠭᠦᠯᠭᠡ ᠪᠠ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠰᠢᠯᠢᠳᠡᠭ ᠰᠣᠶᠣᠯ᠎ᠤᠨ ᠦᠢᠯᠡᠳᠭᠦᠨ᠎ᠦ ᠬᠠᠩᠭᠠᠯᠭ᠎ᠠ᠎ᠶᠢ ᠲᠠᠰᠤᠷᠠᠯᠲᠠ ᠦᠭᠡᠢ ᠥᠷᠭᠡᠳᠬᠡᠵᠦ᠂ ᠠᠷᠠᠳ ᠲᠦᠮᠡᠨ᠎ᠦ ᠰᠣᠶᠣᠯ᠎ᠤᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠎ᠢ ᠪᠦᠲᠦᠮᠵᠢᠲᠡᠢ ᠨᠡᠮᠡᠭᠳᠡᠭᠦᠯᠬᠦ ᠬᠡᠷᠡᠭᠳᠡᠢ᠃
ᠠᠮᠢ ᠠᠮᠢᠵᠷᠠᠯ ᠤᠯᠭᠤᠵᠤ᠄ ᠰᠢᠨ᠎ᠡ ᠭᠠᠷᠤᠭ᠎ᠠ ᠡᠴᠡ ᠰᠣᠶᠣᠯ᠎ᠤᠨ ᠴᠡᠴᠡᠭᠯᠡᠯ᠎ᠢ ᠦᠷᠭᠦᠯᠵᠢᠯᠡᠨ ᠠᠬᠢᠭᠤᠯᠵᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ
《ᠳᠡᠯᠡᠬᠡᠢ᠎ᠶᠢᠨ ᠵᠠᠭᠤᠨ ᠵᠢᠯ᠎ᠦᠨ ᠬᠤᠪᠢᠰᠤᠯᠲᠠ ᠲᠦᠷᠭᠡᠰᠦᠨ ᠤᠯᠠᠷᠢᠵᠤ᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ᠎ᠳᠦ ᠭᠦᠨᠵᠡᠭᠡᠢ ᠬᠤᠪᠢᠷᠠᠯᠲᠠ ᠭᠠᠷᠴᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠭᠦᠨᠵᠡᠭᠡᠢᠷᠡᠨ ᠬᠥᠭᠵᠢᠵᠦ ᠪᠠᠢᠭ᠎ᠠ ᠠᠬᠤᠢ ᠪᠠᠢᠳᠠᠯ ᠳᠣᠣᠷ᠎ᠠ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠮᠥᠨ ᠴᠥᠭᠡᠨ ᠪᠤᠰᠤ ᠳᠤᠲᠠᠭᠳᠠᠯ ᠪᠣᠯᠣᠨ ᠬᠦᠷᠦᠯᠴᠡᠬᠦ ᠦᠭᠡᠢ ᠲᠠᠯ᠎ᠠ ᠣᠷᠣᠰᠢᠵᠤ᠂ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ》᠃
ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠨᠢ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠭᠯᠡᠯ᠎ᠢ ᠲᠣᠳᠣᠷᠬᠠᠢ ᠵᠢᠭᠠᠭᠰᠠᠨ ᠪᠠᠢᠨ᠎ᠠ᠃
2035 ᠣᠨ᠎ᠳᠤ ᠰᠣᠶᠣᠯ᠎ᠤᠨ ᠬᠦᠴᠦᠷᠬᠡᠭ ᠤᠯᠤᠰ ᠢ ᠪᠦᠳᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢ ᠪᠠᠲᠦ ᠡᠵᠡᠮᠳᠡᠬᠦ᠎ᠳᠦ᠂ ᠪᠢᠳᠡ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶᠢᠨ ᠪᠣᠯᠪᠠᠰᠤᠨ᠎ᠳᠤ ᠦᠨᠳᠦᠰᠦᠯᠡᠵᠦ᠂ ᠮᠡᠳᠡᠭᠡ ᠵᠠᠩᠭᠢ᠎ᠶᠢᠨ ᠮᠡᠷᠭᠡᠵᠢᠯ᠎ᠦᠨ ᠬᠥᠭᠵᠢᠯᠲᠡ᠎ᠶᠢᠨ ᠤᠷᠤᠰᠬᠠᠯ᠎ᠢ ᠳᠠᠭᠠᠵᠤ᠂ ᠬᠦᠴᠦᠷᠬᠡᠭ ᠶᠡᠬᠡ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠶᠤᠨ ᠰᠠᠨᠠᠭᠠᠨ᠎ᠤ ᠨᠢᠭ᠍ᠲᠠᠷᠠᠭᠤᠯᠬᠤ ᠬᠦᠴᠦᠨ᠂ ᠦᠷᠳᠡᠭ᠎ᠦᠨ ᠤᠷᠢᠶᠠᠯᠠᠬᠤ ᠬᠦᠴᠦᠨ᠂ ᠳᠡᠯᠡᠬᠡᠢ ᠳ᠋ᠠᠬᠢᠨ᠎ᠳᠤ ᠨᠥᠯᠥᠭᠡᠯᠡᠬᠦ ᠬᠦᠴᠦᠨ᠎ᠲᠠᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠰᠣᠶᠣᠯ᠎ᠢ ᠳᠠᠰᠤᠷᠠᠯᠳᠠ ᠦᠭᠡᠢ ᠬᠥᠭᠵᠢᠭᠦᠯᠬᠦ ᠬᠡᠷᠡᠭᠲᠡᠢ᠃
ᠰᠣᠶᠣᠯ᠎ᠤᠨ ᠠᠮᠢᠵᠢᠷᠠᠯ᠎ᠤᠨ ᠬᠦᠴᠦᠨ ᠨᠢ ᠰᠢᠨ᠎ᠡ᠎ᠶᠢ ᠡᠭᠦᠳᠴᠤ ᠡᠭᠦᠳᠦᠨ ᠪᠦᠲᠦᠭᠡᠬᠦ᠎ᠳᠦ ᠪᠤᠢ᠃
ᠶᠡᠷᠦᠩᠬᠡᠢ ᠱᠦᠵᠢ ᠰᠢ᠎ᠶᠢᠨ ᠫᠢᠩ᠂ ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠬᠥᠭᠵᠢᠭᠡᠬᠦ᠎ᠶᠢ ᠰᠣᠶᠣᠯ᠎ᠤᠨ ᠪᠠᠢᠭᠤᠯᠤᠯ ᠲᠣᠭᠲᠡᠴᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢᠨ ᠭᠣᠣᠯ ᠵᠠᠩᠭᠢᠯᠠᠭ᠎ᠠ ᠪᠣᠯᠭᠠᠵᠤ᠂ ᠰᠣᠶᠣᠯ᠎ᠤᠨ ᠬᠠᠮᠢᠶᠠᠷᠤᠯᠲᠠ᠎ᠶᠢᠨ ᠪᠠᠢᠭᠤᠯᠤᠯ ᠪᠠ ᠦᠢᠯᠡᠳᠪᠦᠷᠢᠯᠡᠯ ᠡᠵᠡᠩᠨᠡᠯᠲᠡ᠎ᠶᠢᠨ ᠲᠣᠭᠲᠡᠴᠡ᠎ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠡᠬᠢ ᠡᠭᠦᠰᠦᠯ᠎ᠢ ᠨᠢ ᠡᠵᠡᠮᠳᠡᠬᠦ᠎ᠳᠦ᠂ ᠡᠯ᠎ᠡ ᠲᠦᠷᠦᠯ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠵᠦ᠂ ᠬᠡᠪᠴᠢᠶ᠎ᠡ ᠠᠰᠤᠷᠤ ᠲᠤᠮᠤ᠂ ᠪᠦᠲᠦᠴᠡ ᠵᠦᠢ ᠵᠣᠬᠢᠰᠲᠠᠢ᠂ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ ᠥᠨᠳᠥᠷ ᠲᠦᠪᠰᠢᠨ᠎ᠪᠦᠬᠦᠢ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠪᠠᠶ᠋ᠢᠭᠤᠯᠬᠤ ᠬᠡᠷᠡᠭᠲᠡᠢ; ᠴᠠᠭ᠎ᠤᠨ ᠤᠷᠤᠰᠬᠠᠯ᠎ᠢ ᠳᠠᠭᠠᠬᠤ᠎ᠳᠤ᠂ ᠰᠣᠶᠣᠯ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠰᠤᠯᠴᠠᠯ᠎ᠤᠨ ᠪᠦᠲᠦᠮᠵᠢᠲᠡᠶ ᠲᠣᠭᠲᠡᠴᠡ᠎ᠶᠢ ᠬᠠᠢᠨ ᠰᠦᠪᠡᠭᠴᠢᠯᠡᠵᠦ᠂ ᠢᠨᠲᠧᠷ ᠰᠦᠯᠵᠢᠶᠡᠨ᠎ᠦ ᠰᠡᠳᠬᠢᠬᠦᠢ ᠪᠠ ᠮᠡᠳᠡᠭᠡ ᠵᠠᠩᠭᠢ᠎ᠶᠢᠨ ᠮᠡᠷᠭᠡᠵᠢᠯ᠎ᠢ ᠣᠷᠣᠭᠤᠯᠤᠨ ᠠᠪᠴᠢᠷᠠᠵᠤ᠂ ᠰᠣᠶᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠢ ᠰᠣᠶᠣᠯ᠎ᠤᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ᠃
ᠲᠦᠷᠦᠭᠦᠬᠡᠨ ᠶᠠᠪᠤᠭᠳᠠᠭᠰᠠᠨ ᠪᠡᠭᠡᠵᠢᠩ᠎ᠦᠨ ᠰᠣᠶᠣᠯ᠎ᠤᠨ ᠶᠠᠷᠢᠶᠠᠨ᠎ᠤ ᠲᠠᠪᠴᠠᠩ᠎ᠳᠤ᠂ ᠰᠣᠶᠣᠯ᠎ᠤᠨ ᠪᠦᠳᠦᠭᠡᠯᠴᠢ ᠦᠢᠯᠡᠳᠭᠦᠨ᠎ᠤ ᠳᠡᠯᠭᠡᠨ ᠪᠣᠷᠣᠯᠠᠭᠤᠯᠬᠤ ᠲᠥᠪ᠎ᠲᠦ ᠬᠥᠮᠥᠰ ᠴᠤᠭᠯᠠᠷᠠᠵᠤ᠂ ᠤᠯᠠᠮᠵᠢᠯᠠᠯᠲᠤ ᠡᠯᠧᠮᠧᠨ᠋ᠲ ᠪᠣᠯᠣᠨ ᠴᠠᠭ᠎ᠤᠨ ᠥᠩᠭᠡ᠎ᠶᠢ ᠳᠠᠭᠠᠭᠰᠠᠨ ᠵᠢᠷᠤᠭ ᠲᠥᠯᠥᠪᠯᠡᠭᠡ᠎ᠶᠢ ᠠᠭᠤᠰᠤᠯᠴᠠᠭᠤᠯᠤᠭᠰᠠᠨ ᠡᠯ᠎ᠡ ᠲᠦᠷᠦᠯ᠎ᠦᠨ ᠦᠢᠯᠡᠳᠬᠦᠨ ᠤᠯᠠᠨ᠎ᠤ ᠬᠦᠷᠢᠶᠡᠯᠡᠯ᠎ᠢ ᠣᠯᠪᠠ᠃
ᠤᠯᠠᠮᠵᠢᠯᠠᠨ ᠵᠠᠯᠭᠠᠮᠵᠢᠯᠠᠵᠤ ᠴᠢᠳᠠᠪᠠᠯ ᠰᠠᠶᠢ ᠨᠡᠩ ᠰᠠᠢᠲᠤᠷ ᠰᠢᠨ᠎ᠡ᠎ᠶᠢ ᠡᠭᠦᠳᠴᠦ ᠴᠢᠳᠠᠨ᠎ᠠ᠃ ᠢᠷᠡᠭᠡᠳᠦᠢ ᠵᠢ ᠬᠠᠷᠠᠬᠤᠶ᠎ᠠ᠂ ᠭᠠᠭᠴᠠ ᠬᠦ᠌ ᠮᠠᠷᠺᠰ᠎ᠤᠨ ᠦᠵᠡᠯ᠎ᠢᠶᠡᠷ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠳᠠᠬᠢ ᠰᠢᠯᠢᠳᠡᠭ ᠡᠯᠧᠮᠧᠨ᠋ᠲ᠎ᠢ ᠬᠥᠭᠵᠢᠭᠡᠬᠦ᠎ᠶᠢ ᠪᠠᠷᠢᠮᠲᠠᠯᠠᠬᠤ᠎ᠶᠢᠨ ᠬᠠᠮᠲᠤ ᠲᠡᠭᠦᠨ᠎ᠳᠦ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ᠎ᠢ ᠣᠯᠭᠣᠪᠠᠯ ᠰᠠᠶᠢ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠋᠂ ᠳᠤᠮᠳᠠᠳᠤ᠎ᠶᠢᠨ ᠰᠣᠶᠣᠯ᠎ᠤᠨ ᠴᠢᠬᠤᠯᠠ ᠡᠯᠧᠮᠧᠨ᠋ᠲ᠎ᠢ ᠢᠯᠡᠷᠡᠭᠦᠯᠬᠦ ᠮᠥᠷᠲᠡᠭᠡᠨ ᠪᠠᠰᠠ ᠴᠠᠭ ᠦᠶ᠎ᠡ᠎ᠶᠢᠨ ᠳᠠᠪᠰᠢᠯᠲᠠ ᠪᠠ ᠦᠢᠯᠡᠳᠦᠯᠭᠡ᠎ᠶᠢᠨ ᠬᠥᠭᠵᠢᠯᠲᠡ᠎ᠶᠢ ᠲᠤᠰᠬᠠᠬᠤ ᠰᠣᠶᠣᠯ᠎ᠤᠨ ᠦᠷ᠎ᠡ ᠪᠦᠲᠦᠭᠡᠯ᠎ᠢ ᠨᠡᠩ ᠤᠯᠠᠨ ᠦᠢᠯᠡᠳᠦᠨ ᠭᠠᠷᠭᠠᠵᠤ ᠴᠢᠳᠠᠨ᠎ᠠ᠃
ᠪᠣᠯᠪᠠᠰᠤᠨ ᠨᠢ ᠤᠷᠤᠰᠬᠠᠯ ᠤᠰᠤᠨ ᠮᠡᠳᠦ ᠪᠡᠷ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠤᠢ᠃
2024 ᠣᠨ᠎ᠳᠤ᠂ ᠮᠠᠨ᠎ᠤ ᠤᠯᠤᠰ᠎ᠤᠨ ᠰᠣᠶᠣᠯ᠎ᠤᠨ ᠠᠷᠠᠯᠵᠢᠶᠠᠨ᠎ᠤ ᠶᠡᠷᠦᠩᠬᠡᠢ ᠬᠡᠮᠵᠢᠶ᠎ᠡ 1.4 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠃ ᠺᠠᠷᠲ᠋ᠣᠨ ᠵᠢᠷᠤᠭ᠂ ᠲᠣᠭᠯᠠᠭᠠᠮ᠂ ᠤᠷᠤᠰᠬᠠᠯ ᠲᠣᠭᠯᠠᠭᠠᠮ᠂ ᠤᠷᠠᠯᠢᠭ᠎ᠤᠨ ᠲᠣᠭᠯᠠᠯᠲᠠ ᠵᠡᠷᠭᠡ ᠰᠣᠶᠣᠯ᠎ᠤᠨ ᠦᠢᠯᠡᠳᠭᠦᠨ᠎ᠦ ᠭᠠᠳᠠᠭᠰᠢ ᠭᠠᠷᠬᠤ ᠶ᠋ᠢ ᠲᠦᠷᠭᠡᠳᠬᠡᠵᠦ᠂ ᠳᠤᠮᠳᠠᠳᠤ᠎ᠶᠢᠨ ᠰᠣᠶᠣᠯ᠎ᠤᠨ ᠳᠡᠯᠡᠬᠡᠢ᠎ᠳᠦ ᠬᠠᠨᠳᠤᠬᠤ᠎ᠳᠦ ᠬᠦᠴᠦᠨ ᠨᠡᠮᠡᠷᠢᠯᠡᠪᠡ᠃
ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠵᠤ᠂ ᠮᠠᠨ᠎ᠤ ᠤᠯᠤᠰ᠎ᠤᠨ ᠤᠯᠤᠰ᠎ᠤᠨ ᠶᠡᠷᠦᠩᠬᠡᠢ ᠬᠦᠴᠦᠨ ᠪᠠ ᠤᠯᠠᠨ ᠤᠯᠤᠰ᠎ᠤᠨ ᠪᠠᠢᠷᠢ ᠰᠠᠭᠤᠷᠢ᠎ᠲᠠᠢ ᠵᠣᠬᠢᠴᠠᠯᠳᠤᠭᠰᠠᠨ ᠤᠯᠠᠨ ᠤᠯᠤᠰ᠎ᠤᠨ ᠦᠭᠡ ᠬᠡᠯᠡᠬᠦ ᠡᠷᠬᠡ᠎ᠶᠢ ᠪᠤᠢ ᠪᠣᠯᠭᠠᠬᠤ ᠪᠣᠯ ᠪᠠᠢᠪᠠᠰᠤ ᠵᠣᠬᠢᠬᠤ ᠠᠭᠤᠯᠭ᠎ᠠ ᠮᠥᠨ᠃
ᠰᠢᠨ᠎ᠡ ᠠᠶᠠᠨ᠎ᠳᠤ᠂ ᠪᠢᠳᠡ ᠤᠯᠠᠨ ᠤᠯᠤᠰ᠎ᠤᠨ ᠳᠠᠮᠵᠢᠭᠤᠯᠭ᠎ᠠ᠎ᠶᠢᠨ ᠪᠠᠢᠷᠢᠰᠢᠯ᠎ᠤᠨ ᠲᠠᠬᠢᠨ ᠪᠦᠷᠢᠯᠳᠦᠬᠦ᠎ᠶᠢ ᠢᠳᠡᠪᠬᠢᠲᠡᠢ ᠠᠬᠢᠭᠤᠯᠵᠤ᠂ ᠤᠯᠠᠨ ᠠᠷᠭ᠎ᠠ ᠵᠠᠮ᠂ ᠪᠣᠰᠣᠭ᠎ᠠ ᠴᠣᠭᠴᠠᠲᠤ ᠮᠠᠶᠢᠭ᠋᠎ᠤᠨ ᠭᠠᠳᠠᠭᠠᠳᠤ ᠳᠠᠮᠵᠢᠭᠤᠯᠭ᠎ᠠ᠎ᠶᠢᠨ ᠪᠠᠢᠷᠢᠰᠢᠯ᠎ᠢ ᠪᠠᠢᠭᠤᠯᠵᠤ᠂ ᠤᠯᠠᠨ ᠬᠡᠯᠪᠡᠷᠢ᠎ᠶᠢᠨ ᠤᠯᠠᠨ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠨᠡᠩ ᠤᠯᠠᠨ ᠲᠡᠦᠬᠡ ᠰᠣᠶᠣᠯ᠎ᠤᠨ ᠠᠭᠤᠯᠤᠭᠳᠠᠬᠤᠨ᠎ᠲᠠᠢ᠂ ᠤᠳᠤ ᠦᠶ᠎ᠡ᠎ᠶᠢᠨ ᠳᠤᠮᠳᠠᠳᠤ ᠤᠯᠤᠰ᠎ᠤᠨ ᠠᠮᠢᠳᠤᠷᠠᠯ᠎ᠢ ᠲᠤᠰᠬᠠᠭᠰᠠᠨ᠂ ᠳᠡᠯᠡᠬᠡᠢ ᠵᠢᠨ ᠰᠣᠶᠣᠯ᠎ᠤᠨ ᠬᠠᠷᠠᠭ᠎ᠠ᠎ᠲᠠᠢ ᠪᠦᠲᠦᠭᠡᠯ᠎ᠢ ᠭᠠᠳᠠᠭᠠᠳᠤ᠎ᠳᠤ ᠭᠠᠷᠭᠠᠬᠤ᠎ᠶᠢ ᠠᠬᠢᠭᠤᠯᠬᠤ ᠬᠡᠷᠡᠭᠲᠡᠢ᠃
ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ᠎ᠦ ᠠᠯᠢᠪᠠ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ᠎ᠢ ᠢᠳᠡᠪᠬᠢᠲᠡᠢ ᠰᠠᠨᠠᠭᠠᠴᠢᠯᠠᠭ᠎ᠠ᠎ᠲᠠᠢ᠎ᠪᠠᠷ ᠰᠤᠷᠤᠯᠴᠠᠨ ᠲᠣᠯᠢᠳᠠᠵᠤ᠂ ᠡᠯ᠎ᠡ ᠲᠠᠯ᠎ᠠ᠎ᠶᠢᠨ ᠢᠳᠡᠪᠬᠢ ᠴᠢᠨᠠᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠳᠠᠶ᠋ᠢᠴᠢᠯᠠᠪᠠᠯ᠂ ᠪᠢᠳᠡ ᠯᠠᠪᠳᠠᠶ᠎ᠠ ᠰᠣᠶᠣᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠢᠭᠤᠯᠵᠤ᠂ ᠠᠷᠠᠳ ᠲᠦᠮᠡᠨ᠎ᠦ ᠤᠶᠤᠨ ᠰᠠᠨᠠᠭᠠᠨ᠎ᠤ ᠬᠦᠴᠦᠨ᠎ᠢ ᠲᠠᠰᠤᠷᠠᠯᠳᠠ ᠦᠭᠡᠢ ᠴᠢᠩᠭᠠᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠣᠶᠣᠯ᠎ᠤᠨ ᠰᠠᠭᠤᠷᠢ᠎ᠶᠢ ᠪᠠᠲᠤ ᠴᠣᠭᠴᠠᠯᠠᠵᠤ ᠴᠢᠳᠠᠨ᠎ᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 9᠎ᠤ᠋ ᠴᠠᠬᠢᠯᠭᠠᠨ ᠮᠡᠳᠡᠭᠡ)