ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠᠠᠴᠠ ᠣᠢᠯᠠᠭᠠᠭ᠍ᠰᠠᠨ ᠵᠢᠡᠷ᠂ ᠣᠲᠣᠬᠠᠨ ᠪᠣᠯᠲᠠᠯ᠎ᠠ᠂ ᠥᠪᠥᠷ ᠮᠣᠩᠭᠣᠯ ᠤ᠋ᠨ ᠨᠢᠭᠡᠨᠳᠡ ᠠᠰᠢᠬᠯᠠᠯᠳᠠ ᠳ᠋ᠦ ᠤᠷᠤᠭᠤᠯᠤᠭᠰᠠᠨ ᠱᠢᠨ᠎ᠡ ᠬᠡᠯᠪᠡᠷᠢ ᠵᠢᠨ ᠡᠨᠧᠷᠭᠢ ᠨᠦᠭᠡᠴᠡᠯᠡᠬᠦ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 963 ᠲᠦᠮᠡᠨ ᠺᠢᠯᠦᠸᠠᠲᠲᠤ ᠬᠦᠷᠴᠦ᠍᠂ ᠦᠪᠡᠷᠳᠡᠭᠡᠨ ᠵᠠᠰᠠᠬᠤ ᠣᠷᠣᠨ ᠤ᠋ ᠡᠨᠧᠷᠭᠢ ᠨᠦᠭᠡᠴᠡᠯᠡᠬᠦ ᠱᠢᠰᠲ᠋ᠧᠮ ᠤ᠋ᠨ ᠠᠵᠢᠯᠯᠠᠭᠠᠨ ᠥᠨᠳᠥᠷ ᠪᠦᠲᠦᠮᠵᠢᠲᠡᠶ ᠪᠤᠯᠵᠦ᠂ ᠴᠠᠬᠢᠯᠭᠠᠨ ᠬᠦᠴᠦᠨᠦ 《ᠲᠣᠭ᠍ᠲᠠᠪᠤᠷᠢᠵᠢᠭᠤᠯᠤᠭ᠍ᠴᠢ》 ᠵᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠪᠠ᠃
ᠤᠢᠯᠠᠭᠠᠭᠰᠠᠨᠵᠢᠡᠷ᠂ ᠱᠢᠯᠵᠢᠭᠦᠯᠦᠨ ᠬᠡᠷᠡᠭ᠌ᠯᠡᠬᠦ᠌ ᠴᠠᠬᠢᠯᠭᠠᠨ ᠤ᠋ ᠬᠡᠮᠵᠢᠶ᠎ᠡ᠂ ᠱᠢᠯᠵᠢᠭᠦᠯᠦᠨ ᠬᠡᠷᠡᠭ᠌ᠯᠡᠬᠦ᠌ ᠴᠢᠳᠠᠮᠵᠢ᠂ ᠱᠢᠯᠵᠢᠭᠦᠯᠦᠨ ᠬᠡᠷᠡᠭ᠌ᠯᠡᠬᠦ᠌ ᠳᠠᠪᠲᠠᠮᠵᠢ ᠵᠡᠷᠭᠡ ᠭᠤᠷᠪᠠᠨ ᠶᠡᠬᠡ ᠭᠤᠤᠯ ᠬᠡᠮᠵᠢᠭᠳᠡᠯ ᠲᠤᠭᠠᠡᠴᠡ ᠦᠵᠡᠪᠡᠯ᠂ ᠦᠪᠡᠷᠳᠡᠭᠡᠨ ᠵᠠᠰᠠᠬᠤ ᠣᠷᠣᠨ ᠤ᠋ ᠡᠨᠧᠷᠭᠢ ᠨᠦᠭᠡᠴᠡᠯᠡᠬᠦ ᠱᠢᠰᠲ᠋ᠧᠮ ᠤ᠋ᠨ ᠠᠵᠢᠯᠯᠠᠭᠠᠨ ᠤ᠋ ᠪᠠᠢᠳᠠᠯ ᠰᠠᠢᠨ᠂ ᠬᠡᠷᠡᠭ᠌ᠯᠡᠭᠡᠨᠦ ᠦᠷ᠎ᠡ ᠪᠦᠲᠦᠮᠵᠢ ᠲᠣᠪᠣᠢᠮ᠎ᠠ ᠪᠠᠢᠵᠤ᠂ ᠤᠨᠴᠠᠭᠠᠢᠯᠠᠨ ᠡᠨᠡ ᠵᠢᠯ ᠤ᠋ᠨ 《ᠵᠣᠨ ᠤ᠋ ᠴᠠᠬᠢᠯᠭᠠᠨ ᠭᠡᠷᠡᠭᠯᠡᠬᠦ ᠤᠷᠬᠢᠯ ᠤ᠋ᠨ ᠬᠤᠭᠤᠴᠠᠭ᠎ᠠ ᠵᠢ ᠤᠷᠤᠭᠰᠢᠳᠠᠢ ᠥᠩᠭᠡᠷᠡᠭᠦᠯᠬᠦ᠌》 ᠴᠠᠬᠢᠯᠭᠠᠨ ᠬᠦᠴᠦᠨᠦ ᠬᠠᠩᠭᠠᠯᠭ᠎ᠠ ᠵᠢ ᠪᠠᠲᠤᠯᠠᠬᠤ ᠵᠠᠩᠭᠢᠯᠠᠭ᠎ᠠ ᠵᠢᠨ ᠴᠠᠭ ᠬᠤᠭᠤᠴᠠᠭᠠᠨᠳᠤ ᠡᠨᠧᠷᠭᠢ ᠨᠦᠭᠡᠴᠡᠯᠡᠬᠦ ᠱᠢᠰᠲ᠋ᠧᠮ ᠴᠠᠭ ᠲᠤᠬᠠᠶᠳᠤᠨᠢ ᠴᠤᠤᠷᠢᠶᠠᠲᠤᠵᠤ᠂ ᠥᠨᠳᠥᠷ ᠪᠦᠲᠦᠮᠵᠢᠲᠡᠶ ᠲᠣᠬᠢᠷᠠᠭᠤᠯᠤᠯᠲᠠ ᠬᠢᠬᠰᠡᠨ ᠵᠢᠡᠷ ᠴᠠᠬᠢᠯᠭᠠᠨ ᠬᠦᠴᠦᠨᠦ 《ᠤᠰᠤ ᠬᠠᠳᠠᠭᠠᠯᠠᠬᠤ ᠴᠥᠭᠥᠷᠥᠮ》 ᠪᠣᠯᠤᠨ 《ᠲᠣᠭ᠍ᠲᠠᠪᠤᠷᠢᠵᠢᠭᠤᠯᠤᠭ᠍ᠴᠢ》 ᠵᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠦᠪᠡᠷᠳᠡᠭᠡᠨ ᠵᠠᠰᠠᠬᠤ ᠣᠷᠣᠨ ᠤ᠋ ᠴᠠᠬᠢᠯᠭᠠᠨ ᠬᠦᠴᠦᠨᠦ ᠠᠮᠤᠷ ᠲᠦᠪᠱᠢᠨ ᠲᠣᠭ᠍ᠲᠠᠪᠤᠷᠢᠳᠠᠢ ᠬᠠᠩᠭᠠᠯᠭᠠᠳᠤ ᠪᠠᠲᠤ ᠪᠠᠬᠢ ᠪᠠᠲᠤᠯᠠᠭ᠎ᠠ ᠬᠠᠩᠭᠠᠪᠠ᠃ ᠡᠨᠡ ᠵᠢᠯ ᠤ᠋ᠨ ᠲᠦᠷᠦᠬᠦᠤ 8 ᠰᠠᠷ᠎ᠠ ᠳ᠋ᠦ᠂ ᠥᠪᠥᠷ ᠮᠣᠩᠭᠣᠯ ᠤ᠋ᠨ ᠱᠢᠨ᠎ᠡ ᠬᠡᠯᠪᠡᠷᠢ ᠵᠢᠨ ᠨᠦᠭᠡᠴᠡ ᠡᠨᠧᠷᠭᠢ ᠵᠢᠨ ᠰᠢᠯᠵᠢᠬᠦᠯᠦᠨ ᠭᠡᠷᠡᠭᠯᠡᠭᠰᠡᠨ ᠴᠠᠬᠢᠯᠭᠠᠨ ᠤ᠋ ᠬᠡᠮᠵᠢᠶ᠎ᠡ ᠲᠠᠪᠠᠯᠳᠠᠳᠤ ᠮᠠᠶᠢᠭ ᠤ᠋ᠨ ᠨᠡᠮᠡᠭ᠌ᠳᠡᠯ ᠤ᠋ᠨ ᠬᠠᠨᠳᠤᠰᠢᠲᠠᠶ ᠪᠣᠯᠵᠣ᠂ ᠦᠪᠡᠷᠳᠡᠭᠡᠨ ᠵᠠᠰᠠᠬᠤ ᠣᠷᠣᠨ ᠤ᠋ ᠱᠢᠨ᠎ᠡ ᠬᠡᠯᠪᠡᠷᠢ ᠵᠢᠨ ᠨᠦᠭᠡᠴᠡ ᠡᠨᠧᠷᠭᠢ ᠵᠢᠨ ᠰᠢᠯᠵᠢᠬᠦᠯᠦᠨ ᠬᠡᠷᠡᠭ᠌ᠯᠡᠭ᠌ᠰᠡᠨ ᠴᠠᠬᠢᠯᠭᠠᠨ ᠴᠡᠨᠡᠭ᠌ᠯᠡᠭ᠌ᠰᠡᠨ ᠬᠡᠮᠵᠢᠶ᠎ᠡ 27.1 ᠳ᠋ᠦᠩᠱᠢᠭᠤᠷ ᠺᠢᠯᠦᠸᠠᠲ ᠴᠠᠭᠲᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ᠬᠢᠡᠴᠡ 422% ᠵᠢᠡᠷ ᠨᠡᠮᠡᠭ᠌ᠳᠡᠪᠡ; ᠴᠠᠬᠢᠯᠭᠠᠨ ᠭᠠᠷᠭᠠᠭᠰᠠᠨ ᠬᠡᠮᠵᠢᠶ᠎ᠡ ᠡᠴᠡ ᠨᠡᠢᠲᠡ 23.6 ᠳ᠋ᠦᠩᠱᠢᠭᠤᠷ ᠺᠢᠯᠦᠸᠠᠲ ᠴᠠᠭ ᠱᠢᠯᠵᠢᠭᠦᠯᠦᠨ ᠬᠡᠷᠡᠭ᠌ᠯᠡᠵᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ᠬᠢᠡᠴᠡ 439% ᠪᠡᠷ ᠨᠡᠮᠡᠭ᠌ᠳᠡᠪᠡ᠃ ᠳᠦᠬᠦᠷᠡᠩ ᠴᠡᠨᠡᠭᠯᠡᠵᠦ ᠳᠦᠭᠦᠷᠡᠩ ᠭᠠᠷᠭᠠᠬᠤ ᠪᠠᠷᠢᠮᠵᠢᠶᠠᠪᠠᠷ ᠨᠤᠭᠤᠯᠤᠨ ᠪᠤᠳᠤᠪᠠᠯ᠂ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠨᠡᠢᠲᠡ 190 ᠤᠳᠠᠭ᠎ᠠ ᠳᠦᠬᠦᠷᠡᠩ ᠴᠡᠨᠡᠭᠯᠡᠵᠦ᠂ 163 ᠤᠳᠠᠭ᠎ᠠ ᠳᠦᠬᠦᠷᠡᠩ ᠭᠠᠷᠭᠠᠵᠦ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠨᠡᠢᠲᠡ 103 ᠤᠳᠠᠭ᠎ᠠ ᠳᠦᠬᠦᠷᠡᠩ ᠴᠡᠨᠡᠭᠯᠡᠵᠦ᠂ 94 ᠤᠳᠠᠭ᠎ᠠ ᠳᠦᠬᠦᠷᠡᠩ ᠭᠠᠷᠭᠠᠵᠠᠢ᠃ ᠦᠪᠦᠷ ᠮᠤᠩᠭᠤᠯ ᠤ᠋ᠨ ᠪᠠᠷᠠᠭᠤᠨ ᠭᠡᠰᠡᠭ ᠤ᠋ᠨ ᠴᠠᠬᠢᠯᠭᠠᠨ ᠲᠤᠤᠷ ᠤ᠋ᠨ ᠡᠨᠧᠷᠭᠢ ᠨᠦᠭᠡᠴᠡᠯᠡᠬᠦ ᠬᠠᠮᠤᠭ ᠤ᠋ᠨ ᠶᠡᠬᠡ ᠴᠠᠬᠢᠯᠭᠠᠨ ᠭᠠᠷᠭᠠᠬᠤ ᠴᠢᠳᠠᠮᠵᠢᠨᠢ ᠲᠤᠬᠠᠶ ᠵᠢᠨ ᠦᠶ᠎ᠡ ᠵᠢᠨ ᠡᠨᠧᠷᠭᠢ ᠨᠦᠭᠡᠴᠡᠯᠡᠬᠦ ᠮᠠᠱᠢᠨ ᠴᠣᠭ᠍ᠴᠠᠯᠠᠪᠤᠷᠢ ᠵᠢᠨ 90%ᠳ᠋ᠤ ᠬᠦᠷᠴᠦ᠍᠂ ᠦᠪᠦᠷ ᠮᠤᠩᠭᠤᠯ ᠤ᠋ᠨ ᠵᠡᠬᠦᠨ ᠬᠡᠰᠡᠭ ᠤ᠋ᠨ ᠴᠠᠬᠢᠯᠭᠠᠨ ᠲᠤᠤᠷ ᠤ᠋ᠨ ᠬᠠᠮᠤᠭ ᠤ᠋ᠨ ᠶᠡᠬᠡ ᠴᠠᠬᠢᠯᠭᠠᠨ ᠭᠠᠷᠭᠠᠬᠤ ᠴᠢᠳᠠᠮᠵᠢᠨᠢ ᠴᠦ᠍ ᠲᠤᠬᠠᠶ ᠵᠢᠨ ᠦᠶ᠎ᠡ ᠵᠢᠨ ᠡᠨᠧᠷᠭᠢ ᠨᠦᠭᠡᠴᠡᠯᠡᠬᠦ ᠮᠠᠱᠢᠨ ᠴᠣᠭ᠍ᠴᠠᠯᠠᠪᠤᠷᠢ ᠵᠢᠨ 70% ᠣᠷᠴᠢᠮᠳᠤ ᠬᠦᠷᠴᠡᠶ᠃ ᠡᠭᠦᠨᠦ ᠬᠠᠮᠲᠤ᠂ 8 ᠰᠠᠷ᠎ᠠ ᠵᠢᠨ ᠰᠡᠭᠦᠯᠴᠢ ᠪᠣᠯᠲᠠᠯ᠎ᠠ ᠴᠠᠬᠢᠯᠭᠠᠨ ᠲᠤᠤᠷ ᠤ᠋ᠨ ᠠᠵᠤ ᠠᠬᠤᠢᠯᠠᠯ ᠤ᠋ᠨ ᠱᠢᠯᠵᠢᠭᠦᠯᠦᠨ ᠲᠤᠭᠠᠴᠠᠭ᠎ᠠ ᠬᠢᠭᠰᠡᠨ ᠱᠢᠨ᠎ᠡ ᠬᠡᠯᠪᠡᠷᠢ ᠵᠢᠨ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠵᠢᠨ ᠴᠠᠬᠢᠯᠭᠠᠨ ᠭᠠᠷᠭᠠᠬᠤ ᠬᠡᠮᠵᠢᠶ᠎ᠡ ᠵᠢᠨ ᠨᠥᠬᠥᠪᠥᠷᠢ ᠵᠢᠨ ᠵᠣᠭᠣᠰ ᠤ᠋ᠨ ᠲᠣᠭ᠎ᠠ ᠨᠡᠢᠲᠡ 3.55 ᠳ᠋ᠦᠩᠱᠢᠭᠤᠷ ᠲᠥᠭᠥᠷᠢᠭ ᠲᠣ᠌ ᠬᠦᠷᠴᠡᠶ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号