ᠦᠪᠦᠷ ᠮᠤᠨᠭᠭᠤᠯ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ ᠶ᠋ᠢᠨ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ ᠢ᠋ ᠡᠮᠬᠢ ᠵᠢᠷᠤᠮ᠎ᠲᠠᠶ ᠠᠬᠢᠭᠤᠯᠵᠦ ᠪᠤᠢ
2025-10-15 10:10:45
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠲᠦᠷᠦᠭᠦᠦ ᠭᠤᠷᠪᠠᠨ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠦᠪᠡᠷᠳᠡᠭᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ ᠭᠤᠤᠯᠳᠠᠯᠭ᠎ᠠ᠎ᠲᠠᠶ ᠪᠠ ᠬᠦᠴᠢᠷ ᠠᠰᠠᠭᠤᠳᠠᠯ᠎ᠳᠤ  ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠶ᠋ᠢ ᠡᠭᠦᠳᠦᠨ 《ᠤᠷᠢᠳᠴᠢᠯᠠᠨ ᠣᠷᠣᠯᠴᠠᠬᠤ᠂ ᠲᠤᠬᠠᠶ ᠶ᠋ᠢᠨ ᠲᠠᠯᠠᠪᠠᠢ᠎ᠳᠤ ᠵᠢᠯᠣᠭᠣᠳᠭᠤ᠂ ᠴᠠᠭ ᠲᠤᠬᠠᠶ᠎ᠳᠤᠨᠢ ᠭᠦᠶ᠋ᠴᠡᠳᠭᠡᠬᠦ᠌》 ᠭᠤᠷᠪᠠᠨ ᠠᠯᠬᠤᠮ᠎ᠢᠶᠠᠷ ᠶᠠᠪᠤᠬᠳᠠᠭᠤᠯᠵᠦ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠡᠮᠬᠢ ᠵᠢᠷᠤᠮ᠎ᠲᠠᠶ ᠠᠬᠢᠭᠤᠯᠵᠤ᠂ ᠪᠥᠬᠥ᠌ ᠣᠷᠣᠨ᠎ᠤ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ ᠶ᠋ᠢᠨ ᠬᠥᠭ᠌ᠵᠢᠯᠲᠡ ᠶ᠋ᠢ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶ᠋ᠢ ᠥᠷᠭᠡᠳᠭᠡᠬᠦ᠌᠎ᠳᠦ ᠬᠦᠴᠦᠨ ᠨᠡᠮᠡᠷᠢᠯᠡᠪᠡ᠃

1— 9 ᠰᠠᠷ᠎ᠠ᠎ᠳᠤ ᠬᠢᠨᠠᠨ ᠵᠥᠪᠱᠢᠶᠡᠷᠡᠬᠦ᠌᠂ ᠬᠠᠷᠭᠤᠭᠤᠯᠤᠨ ᠵᠥᠪᠱᠢᠶᠡᠷᠡᠬᠦ᠌ ᠡᠷᠬᠡ ᠶ᠋ᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠶ᠋ᠢᠨ ᠲᠥᠷᠥᠯ ᠵᠦᠶ᠋ᠯ ᠨᠡᠢᠲᠡ 29 ᠪᠠᠢᠵᠤ᠂ ᠪᠠᠯᠠ ᠣᠷᠣᠭᠤᠯᠤᠯᠲᠠ ᠶ᠋ᠢᠨ ᠶᠡᠷᠦᠩᠬᠡᠶ ᠬᠡᠪᠴᠢᠶ᠎ᠡ᠎ᠨᠢ ᠪᠠᠷᠤᠭ 493.5 ᠳ᠋ᠦᠩᠱᠢᠭᠤᠷ ᠲᠥᠭᠥᠷᠢᠭ᠎ᠲᠦ ᠬᠦᠷᠴᠡᠶ᠃ ᠰᠢᠨ᠎ᠠ ᠵᠡᠭᠡᠯᠢ ᠵᠢᠨ ᠪᠠᠷᠠᠭᠤᠨ ᠦᠷᠳᠡᠭᠡ ᠵᠢᠨ ᠲᠡᠮᠦᠷ  ᠵᠠᠮ᠎ᠤᠨ ᠲᠤᠰᠭᠠᠶ ᠱᠤᠭᠤᠮ᠂ ᠵᠡᠭᠦᠨᠭᠠᠷ᠎ᠤᠨ ᠠᠵᠤ ᠦᠶ᠋ᠯᠡᠰ᠎ᠦᠨ ᠬᠦᠷᠢᠶᠡᠯᠡᠩ᠎ᠦᠨ ᠲᠡᠮᠦᠷ ᠵᠠᠮ᠎ᠤᠨ ᠲᠤᠰᠭᠠᠶ ᠱᠤᠭᠤᠮ ᠵᠡᠷᠭᠡ 9 ᠲᠥᠷᠥᠯ ᠵᠦᠶ᠋ᠯ᠎ᠢ ᠬᠢᠨᠠᠨ ᠵᠥᠪᠱᠢᠶᠡᠷᠡᠵᠦ᠍᠂ ᠪᠠᠯᠠ ᠣᠷᠣᠭᠤᠯᠤᠯᠲᠠ ᠶ᠋ᠢᠨ ᠶᠡᠷᠦᠩᠬᠡᠶ ᠬᠡᠪᠴᠢᠶ᠎ᠡ᠎ᠨᠢ ᠪᠠᠷᠤᠭ 40.61 ᠳ᠋ᠦᠩᠱᠢᠭᠤᠷ ᠲᠥᠭᠥᠷᠢᠭ᠎ᠲᠦ ᠬᠥᠷᠴᠠᠢ; ᠵᠠᠰᠠᠮᠠᠯ ᠵᠠᠮ᠎ᠤᠨ ᠲᠠᠯ᠎ᠠ᠎ᠪᠠᠷ᠂ ᠤᠯᠤᠰ᠎ᠤᠨ 628 ᠱᠤᠭᠤᠮ᠎ᠤᠨ ᠾᠸᠢ ᠯᠢᠦ ᠽᠢ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ᠎ᠠᠴᠠ ᠯᠢᠦ ᠭᠤᠸᠠᠶ ᠱᠠ ᠳᠧᠦ ᠬᠥᠷᠬᠥ᠌ ᠵᠠᠰᠠᠮᠠᠯ ᠵᠠᠮ ᠵᠡᠷᠭᠡ 17 ᠲᠥᠷᠥᠯ ᠵᠦᠶ᠋ᠯ᠎ᠦᠨ ᠪᠣᠯᠤᠮᠵᠢᠲᠤ ᠰᠤᠳᠤᠯᠭᠠᠨ᠎ᠤ ᠮᠡᠳᠡᠭᠦᠯᠦᠯᠲᠡ ᠶ᠋ᠢ ᠬᠢᠨᠠᠨ ᠵᠥᠪᠱᠢᠶᠡᠷᠡᠵᠦ᠍᠂ ᠪᠠᠯᠠ ᠣᠷᠣᠭᠤᠯᠤᠯᠲᠠ ᠶ᠋ᠢᠨ ᠶᠡᠷᠦᠩᠬᠡᠶ ᠬᠡᠪᠴᠢᠶ᠎ᠡ᠎ᠨᠢ 446.11 ᠳ᠋ᠦᠩᠱᠢᠭᠤᠷ ᠲᠥᠭᠥᠷᠢᠭ᠎ᠲᠦ ᠬᠦᠷᠴᠡᠶ᠃ ᠲᠤᠯᠤᠨ ᠨᠤᠤᠷ ᠱᠢᠶᠠᠨ᠂ ᠲᠠᠢᠪᠦᠰᠧ ᠬᠣᠱᠢᠭᠤ᠂ ᠰᠥᠨᠢᠳ ᠵᠡᠭᠦᠨ ᠬᠣᠱᠢᠭᠤᠨ᠎ᠤ 3 ᠨᠡᠢᠳᠡᠮ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ᠎ᠤᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠪᠠ ᠷᠠᠱᠢᠶᠠᠨ᠎ᠤ ᠨᠢᠰᠭᠡᠯ᠎ᠦᠨ ᠪᠠᠭᠤᠳᠠᠯ᠎ᠤᠨ ᠥᠭᠡᠷᠡᠴᠢᠯᠡᠵᠦ᠍ ᠥᠷᠭᠡᠳᠭᠡᠨ ᠪᠠᠢᠭᠤᠯᠬᠤ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠠᠵᠢᠯ᠎ᠢ ᠪᠡᠶᠡᠯᠡᠭᠦᠯᠵᠦ᠍᠂ ᠪᠡᠯᠡ ᠣᠷᠣᠭᠤᠯᠤᠯᠲᠠ ᠶ᠋ᠢᠨ ᠶᠡᠷᠦᠩᠬᠡᠢ  ᠬᠡᠪᠴᠢᠶ᠎ᠡ  ᠪᠠᠷᠤᠭ 6.8 ᠳ᠋ᠦᠩᠱᠢᠭᠤᠷ ᠲᠥᠭᠥᠷᠢᠭ᠎ᠲᠦ ᠬᠦᠷᠴᠠᠢ᠃

ᠦᠪᠡᠷᠳᠡᠬᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ ᠦᠷᠭᠦᠯᠵᠢᠯᠡᠨ ᠡᠯ᠎ᠡ ᠠᠢᠮᠠᠭ ᠬᠣᠲᠠ ᠪᠣᠯᠤᠨ ᠲᠥᠷᠥᠯ ᠵᠦᠶ᠋ᠯ᠎ᠦᠨ ᠨᠢᠭᠡᠴᠢ᠎ᠳᠦ ᠦᠶ᠋ᠯᠡᠴᠢᠯᠡᠵᠦ᠍᠂ ᠡᠷᠬᠡ᠎ᠶᠢᠨ ᠬᠡᠪᠴᠢᠶᠡᠨ᠎ᠳᠡᠬᠢ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ ᠶ᠋ᠢᠨ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠢᠳᠡᠪᠬᠢᠲᠡᠶ ᠠᠬᠢᠭᠤᠯᠵᠤ᠂ ᠲᠥᠷᠥᠯ ᠵᠦᠶ᠋ᠯ᠎ᠦᠨ ᠨᠥᠭᠡᠴᠡᠯᠡᠬᠦ᠌ ᠬᠡᠪᠴᠢᠶ᠎ᠡ ᠶ᠋ᠢ ᠥᠷᠭᠡᠳᠭᠡᠬᠦ᠌᠂ ᠴᠢᠬᠤᠯᠠ ᠶᠡᠬᠡ ᠲᠥᠷᠥᠯ ᠵᠦᠶ᠋ᠯ᠎ᠦᠨ ᠲᠥᠯᠦᠪᠵᠢᠬᠦᠯᠬᠦ ᠠᠵᠢᠯᠯᠠᠭ᠎ᠠ ᠶ᠋ᠢ ᠨᠠᠢᠳᠠᠪᠤᠷᠢᠵᠢᠭᠤᠯᠬᠤ᠂ ᠪᠥᠬᠥ᠌ ᠣᠷᠣᠨ᠎ᠤ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠤᠤᠷ ᠰᠦᠯᠵᠢᠶ᠎ᠡ ᠶ᠋ᠢᠨ ᠪᠠᠢᠷᠢᠱᠢᠭᠤᠯᠤᠯᠲᠠ ᠶ᠋ᠢ ᠲᠡᠭᠦᠯᠳᠡᠷᠵᠢᠭᠦᠯᠬᠦ᠌᠎ᠳᠦ ᠳᠡᠮᠵᠢᠯᠭᠡ ᠬᠠᠩᠭᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号