10 ᠰᠠᠷ᠎ᠠ᠎ᠶ᠋ᠢᠨ 8᠎ᠤ᠋ ᠡᠳᠦᠷ ᠪᠤᠯᠳᠠᠯ᠎ᠠ ᠡᠨᠡ ᠵᠢᠯ᠎ᠤᠨ ᠡᠷᠢᠶᠡᠨ ᠬᠢᠯᠢ ᠵᠢᠨ ᠪᠤᠭᠤᠮᠳᠠ ᠪᠠᠷ ᠦᠩᠭᠡᠷᠡᠭᠰᠡᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 3000 ᠴᠤᠪᠤᠭ᠎ᠠ᠎ᠶ᠋ᠢ ᠲᠠᠪᠠᠵᠠᠢ᠃
ᠡᠷᠢᠶᠡᠨᠤ ᠲᠡᠮᠦᠷ ᠵᠠᠮ᠎ᠤᠨ ᠬᠢᠯᠢ ᠵᠢᠨ ᠪᠣᠭᠣᠮᠲᠠ ᠨᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠵᠢᠨ ᠳᠤᠮᠳᠠ ᠵᠠᠮ᠎ᠤᠨ ᠴᠣᠷ᠎ᠤᠨ ᠭᠠᠭ᠍ᠴᠠ ᠵᠠᠩᠭᠢᠯᠠᠭ᠎ᠠ᠎ᠶ᠋ᠢᠨ ᠴᠡᠭ ᠪᠤᠯᠬᠤ ᠪᠦᠭᠡᠳ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠬᠠᠭᠤᠷᠠᠶ ᠵᠠᠮ᠎ᠤᠨ ᠬᠢᠯᠢ ᠵᠢᠨ ᠪᠣᠭᠣᠮᠲᠠ ᠪᠣᠯᠤᠨ᠎ᠠ᠃ ᠣᠳᠣᠬᠠᠨ᠎ᠳᠤ᠂ ᠡᠨᠳᠡ᠎ᠡᠴᠡ ᠠᠶᠠᠯᠠᠵᠤ ᠪᠠᠢᠭ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠵᠠᠮ ᠱᠤᠭᠤᠮ ᠨᠢᠭᠡᠨᠲᠡ 74 ᠪᠣᠯᠤᠨ ᠨᠡᠮᠡᠭ᠌ᠳᠡᠵᠦ᠍᠂ 10 ᠭᠠᠷᠤᠢ ᠤᠯᠤᠰ᠎ᠤᠨ 70 ᠭᠠᠷᠤᠢ ᠬᠤᠳᠠ᠎ᠳᠤ ᠨᠡᠪᠲᠡᠷᠡᠵᠦ᠍᠂ ᠤᠯᠤᠰ᠎ᠤᠨ ᠳᠣᠲᠣᠭᠠᠳᠤ ᠵᠢᠨ 60 ᠭᠠᠷᠤᠢ ᠬᠤᠳᠠ ᠵᠢ ᠬᠠᠮᠤᠷᠴᠤ ᠪᠤᠢ᠃ 2013 ᠣᠨ᠎ᠳᠤ ᠠᠡᠭᠬᠠᠨ᠎ᠤ ᠡᠭᠡᠯᠵᠢ ᠵᠢᠨ ᠳᠤᠮᠳᠠᠳᠤ ᠧᠦ᠋ᠷᠣᠫᠠ᠎ᠶ᠋ᠢᠨ ᠵᠢᠰᠢᠶᠠᠨ᠎ᠤ ᠭᠠᠯᠳᠤ ᠲᠡᠷᠭᠡ ᠨᠡᠪᠲᠡᠷᠡᠭ᠌ᠰᠡᠨ᠎ᠡᠴᠡ ᠨᠠᠭᠠᠰᠢ᠂ ᠡᠷᠢᠶᠠᠨᠤ ᠲᠡᠮᠤᠷ ᠵᠠᠮ᠎ᠤᠨ ᠬᠢᠯᠢ ᠵᠢᠨ ᠪᠤᠭᠤᠮᠳᠠ ᠪᠡᠷ ᠦᠡᠭᠭᠡᠷᠡᠭᠰᠡᠨ ᠲᠤᠮᠳᠠᠳᠤ ᠧᠦ᠋ᠷᠣᠫᠠ᠎ᠶ᠋ᠢᠨ ᠵᠢᠰᠢᠶᠠᠨ᠎ᠤ ᠭᠠᠯᠳᠤ ᠲᠡᠷᠭᠡ ᠨᠡᠢᠲᠡ 2.1 ᠲᠦᠮᠡᠨ ᠡᠭᠡᠯᠵᠢ ᠵᠢ ᠲᠠᠪᠠᠨ᠂ ᠲᠡᠭᠡᠭᠡᠪᠦᠷᠢ᠎ᠶ᠋ᠢᠨ ᠪᠠᠷᠠᠭᠠᠨ᠎ᠤ ᠲᠥᠷᠥᠯ ᠢᠯᠡᠳᠲᠡ ᠲᠠᠰ ᠳᠡᠪᠱᠢᠵᠦ᠍᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠳᠡᠭᠡᠳᠦ ᠲᠠᠰ᠎ᠤᠨ ᠮᠧᠬᠠᠨᠢᠭ ᠲᠥᠬᠥᠭᠡᠷᠦᠮᠵᠢ ᠵᠡᠷᠭᠡ ᠥᠨᠳᠥᠷ ᠨᠡᠮᠡᠯᠲᠡ ᠥᠷᠲᠡᠭ ᠪᠥᠬᠥᠶ ᠦᠶ᠋ᠯᠡᠳᠬᠦᠨ᠎ᠦ ᠡᠵᠡᠯᠡᠬᠦ᠌ ᠬᠠᠷᠢᠴᠠᠯ ᠨᠢ ᠠᠩᠬᠠᠨ᠎ᠤ ᠬᠤᠭᠤᠴᠠᠭᠠᠨ᠎ᠳᠤ 10% ᠬᠥᠷᠬᠥ᠌ ᠥᠬᠡᠶ ᠪᠠᠢᠭ᠍ᠰᠠᠨ᠎ᠠᠴᠠ᠎ᠪᠠᠨ 40% ᠭᠠᠷᠤᠶ ᠪᠣᠯᠵᠠᠢ᠃
ᠦᠷᠭᠦᠯᠵᠢᠯᠡᠨ ᠨᠡᠮᠡᠭ᠌ᠳᠡᠵᠦ᠍ ᠪᠠᠢᠭ᠎ᠠ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠮᠦᠨ᠎ᠡ᠂ ᠡᠷᠢᠶᠡᠨ ᠬᠢᠯᠢ ᠵᠢᠨ ᠪᠣᠭᠣᠮᠲᠠ 《ᠵᠠᠰᠠᠭ᠎ᠤᠨ ᠤᠷᠳᠤᠨ ᠵᠠᠮ ᠬᠠᠷᠢᠯᠴᠠᠭᠠᠨ᠎ᠤ ᠬᠠᠮᠢᠶᠠᠷᠤᠯᠳᠠ ᠵᠢᠨ ᠬᠡᠯᠳᠡᠰ ᠠᠵᠤ ᠠᠬᠤᠢᠯᠠᠯ》 ᠤ᠋ᠨ ᠪᠠᠷᠠᠭᠠᠨ᠎ᠤ ᠭᠦᠶ᠋ᠯᠭᠡᠭᠡ᠎ᠶ᠋ᠢ ᠨᠢᠭᠡ ᠴᠣᠭ᠍ᠴᠠᠵᠢᠭᠤᠯᠤᠨ ᠡᠵᠡᠩᠨᠡᠨ ᠪᠣᠷᠣᠯᠠᠭᠤᠯᠬᠤ ᠬᠣᠯᠪᠣᠭᠠᠯᠠᠨ ᠬᠥᠳᠡᠯᠦᠯᠴᠡᠬᠦ᠌ ᠳᠠᠪᠠᠭᠤᠯᠢᠭ᠎ᠢ ᠪᠦᠲᠦᠮᠵᠢᠲᠡᠶ ᠪᠠᠳᠠᠷᠠᠭᠤᠯᠵᠤ᠂ 《ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠲᠣᠭ᠍ᠲᠠᠴᠠ》 ᠶ᠋ᠢ ᠪᠠᠢᠭᠤᠯᠤᠨ᠂ ᠪᠠᠷᠠᠭᠠᠨ᠎ᠤ ᠢᠷᠡᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠡᠵᠡᠮᠱᠢᠵᠦ᠍᠂ ᠭᠠᠷᠳᠠᠮ ᠭᠦᠶ᠋ᠴᠡᠳᠭᠡᠬᠦ᠌ ᠶᠠᠪᠤᠴᠠ ᠵᠢ ᠱᠢᠯᠢᠳᠡᠭ᠌ᠵᠢᠭᠦᠯᠦᠨ᠂ ᠦᠢᠯᠡᠴᠢᠯᠡᠭᠡ ᠪᠡᠨ ᠰᠠᠢᠵᠢᠷᠠᠭᠤᠯᠤᠨ᠂ ᠠᠵᠤ ᠠᠬᠤᠢᠯᠠᠯ ᠪᠠ ᠪᠠᠷᠠᠭᠠᠨ᠎ᠤ ᠡᠵᠡᠨ᠎ᠳᠦ ᠥᠪᠡᠷ᠎ᠦᠨ ᠥᠷᠲᠡᠭ᠎ᠢᠶᠡᠷ ᠳᠤᠤᠷ᠎ᠠ᠂ ᠥᠨᠳᠥᠷ ᠦᠷ᠎ᠡ ᠪᠦᠲᠦᠮᠵᠢᠲᠡᠶ ᠪᠠᠷᠠᠭᠠᠨ᠎ᠤ ᠭᠦᠶ᠋ᠯᠭᠡᠭᠡ᠎ᠶ᠋ᠢᠨ ᠨᠡᠪᠲᠡᠷᠡᠯ᠎ᠤᠨ ᠵᠠᠮ᠎ᠢ ᠪᠠᠢᠭᠤᠯᠵᠤ ᠪᠠᠢᠨ᠎ᠠ᠃
ᠡᠨᠡ ᠵᠢᠯ᠎ᠡᠴᠡ ᠨᠠᠭᠠᠰᠢ᠂ ᠱᠢᠨᠵᠢᠯᠡᠬᠦ᠌ ᠤᠬᠠᠭᠠᠨᠴᠢ᠎ᠪᠠᠷ ᠡᠵᠡᠮᠳᠡᠬᠦ᠂ ᠨᠠᠷᠢᠯᠢᠭ ᠣᠨᠣᠪᠴᠢᠲᠠᠶ᠎ᠪᠠᠷ ᠠᠴᠢᠶ᠎ᠠ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠬᠠᠮᠵᠢᠯᠴᠠᠨ ᠠᠵᠢᠯᠯᠠᠬᠤ᠎ᠪᠠᠷ ᠳᠡᠮᠵᠢᠨ᠂ ᠡᠷᠢᠶᠡᠨᠤ ᠲᠡᠮᠦᠷ ᠵᠠᠮ᠎ᠤᠨ ᠬᠢᠯᠢ ᠵᠢᠨ ᠪᠣᠭᠣᠮᠲᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠥᠨᠳᠥᠷ ᠪᠦᠲᠦᠮᠵᠢᠲᠡᠶ ᠡᠷᠭᠢᠯᠲᠡ᠎ᠶ᠋ᠢ ᠪᠡᠶᠡᠯᠡᠭᠦᠯᠪᠡ᠃ ᠲᠦᠷᠦᠭᠦᠦ 9 ᠰᠠᠷ᠎ᠠ᠎ᠳᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 2909 ᠴᠤᠪᠤᠭ᠎ᠠ ᠨᠡᠪᠲᠡᠷᠡᠵᠦ᠍᠂ 374.90 ᠲᠦᠮᠡᠨ ᠲᠣᠨ ᠪᠠᠷᠠᠭ᠎ᠠ ᠵᠦᠭᠡᠭᠡᠪᠤᠷᠢᠯᠡᠨ᠂ 33.06 ᠲᠦᠮᠡᠨ ᠪᠠᠷᠢᠮᠵᠢᠶᠠᠲᠤ ᠴᠢᠡᠭᠭᠡᠯᠢᠭ ᠠᠴᠢᠶᠠᠯᠠᠵᠤ᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 11.2%᠂ 14.4%᠂ 10.5% ᠪᠠᠷ ᠨᠡᠮᠡᠭ᠌ᠳᠡᠪᠡ᠃ ᠡᠭᠦᠨ ᠳᠦ ᠪᠤᠴᠠᠬᠤ ᠡᠭᠡᠯᠵᠢ᠎ᠶ᠋ᠢᠨ ᠭᠠᠯᠲᠤ ᠲᠡᠷᠭᠡ 50.6% ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠡᠴᠡ 22.6% ᠪᠠᠷ ᠨᠡᠮᠡᠭ᠌ᠳᠡᠪᠡ᠃