ᠬᠥᠬᠡᠬᠣᠲᠠ᠎ᠶ᠋ᠢᠨ ᠲᠦᠷᠦᠭᠦᠦ ᠭᠤᠷᠪᠠᠨ ᠤᠯᠠᠷᠢᠯ᠎ᠤᠨ ᠮᠡᠷᠭᠡᠵᠢᠯ᠎ᠦᠨ ᠭᠡᠷ᠎ᠡ ᠲᠣᠭ᠍ᠲᠠᠭ᠍ᠰᠠᠨ ᠬᠡᠮᠵᠢᠶ᠎ᠡ 27 ᠳ᠋ᠦᠩᠱᠢᠭᠤᠷ ᠲᠥᠭᠥᠷᠢᠭ᠎ᠢ ᠳᠠᠪᠠᠵᠠᠢ
2025-10-15 10:20:40
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠡᠢᠲᠡᠯᠡᠭ᠌ᠰᠡᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠬᠥᠬᠡᠬᠣᠲᠠ᠎ᠶ᠋ᠢᠨ ᠲᠦᠷᠦᠭᠦᠦ  ᠭᠤᠷᠪᠠᠨ ᠤᠯᠠᠷᠢᠯ᠎ᠳᠤ ᠳᠠᠩᠰᠠᠯᠠᠭᠤᠯᠤᠭ᠍ᠰᠠᠨ ᠮᠡᠷᠭᠡᠵᠢᠯ᠎ᠦᠨ ᠭᠡᠷ᠎ᠡ 1047 ᠵᠦᠶ᠋ᠯ ᠪᠠᠢᠵᠤ᠂ ᠭᠡᠷ᠎ᠡ ᠲᠣᠭ᠍ᠲᠠᠭ᠍ᠰᠠᠨ ᠬᠡᠮᠵᠢᠶ᠎ᠡ 27.19 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠣᠶᠠᠷ ᠵᠦᠶ᠋ᠯ᠎ᠦᠨ ᠲᠣᠭ᠎ᠠ ᠪᠠᠷᠢᠮᠲᠠ᠎ᠨᠢ ᠴᠥᠮ ᠪᠥᠬᠥ᠌ ᠣᠷᠣᠨ᠎ᠤ ᠨᠢᠭᠡᠳᠦᠭᠡᠷ᠎ᠲᠦ ᠣᠷᠣᠪᠠ᠃ ᠡᠭᠦᠨ᠎ᠳᠦ ᠠᠷᠠᠯᠵᠢᠶ᠎ᠠ ᠪᠦᠲᠦᠭ᠌ᠰᠡᠨ ᠵᠣᠭᠣᠰ ᠨᠢ ᠳᠡᠭᠡᠷ᠎ᠡ ᠵᠢᠯ᠎ᠦᠨ ᠠᠳᠠᠯᠢ ᠬᠤᠭᠤᠴᠠᠭᠠᠨ ᠎ᠤ ᠎ᠬᠢ᠎ᠡᠴᠡ 50.67% ᠎ᠪᠠᠷ ᠨᠡᠮᠡᠭ᠌ᠳᠡᠵᠦ᠍᠂ 2025 ᠣᠨ᠎ᠤ ᠠᠢᠮᠠᠭ ᠬᠣᠲᠠ᠎ᠶ᠋ᠢᠨ ᠮᠡᠷᠭᠡᠵᠢᠯ᠎ᠦᠨ ᠭᠡᠷ᠎ᠡ ᠎ᠶ᠋ᠢ ᠳᠠᠩᠰᠠᠯᠠᠬᠤ  ᠬᠠᠷᠠᠯᠲᠠ ᠎ᠶ᠋ᠢ ᠤᠷᠢᠳᠴᠢᠯᠠᠨ ᠪᠡᠶᠡᠯᠡᠭᠦᠯᠵᠦ᠍᠂ 104.18% ᠎ᠳ᠋ᠤ ᠬᠦᠷᠪᠡ᠃

ᠬᠥᠬᠡᠬᠣᠲᠠ᠎ᠶ᠋ᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠭᠠᠰᠢ ᠲᠤᠰ ᠬᠤᠳᠠ ᠵᠢᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠦᠭᠵᠢᠬᠦᠯᠵᠦ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠲᠥᠪ᠎ᠦᠨ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠲᠤᠰ ᠤᠳᠠᠭ᠎ᠠ᠎ᠶ᠋ᠢᠨ ᠮᠡᠷᠭᠡᠵᠢᠯ᠎ᠦᠨ ᠭᠡᠷ᠎ᠡ᠎ᠶ᠋ᠢᠨ ᠲᠣᠭ᠎ᠠ ᠪᠠᠷᠢᠮᠲᠠ ᠪᠤᠯ ᠱᠢᠨ᠎ᠡ᠎ᠶ᠋ᠢ ᠡᠭᠦᠳᠬᠦ᠌ ᠪᠣᠳᠠᠲᠤ ᠬᠦᠴᠦᠨ᠎ᠤ ᠲᠡᠭᠡᠭᠰᠢᠯᠡᠯᠳᠡ ᠵᠢᠨ ᠴᠢᠬᠤᠯᠠ ᠢᠯᠡᠷᠡᠯ ᠪᠣᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠭᠦᠶ᠋ᠴᠡᠳᠭᠡᠯ ᠲᠣᠭ᠎ᠠ᠎ᠶ᠋ᠢᠨ ᠲᠠᠯ᠎ᠠ᠎ᠪᠠᠷ᠂ ᠬᠥᠬᠡᠬᠣᠲᠠ ᠣᠯᠠᠨ ᠵᠦᠶ᠋ᠯ᠎ᠦᠨ 《ᠦᠰᠦᠷᠦᠯᠲᠡ》 ᠎ᠶ᠋ᠢ ᠪᠡᠶᠡᠯᠡᠭᠦᠯᠪᠡ᠃ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠲᠣᠭ᠎ᠠ ᠬᠡᠮᠵᠢᠶ᠎ᠡ᠎ᠶ᠋ᠢᠨ ᠲᠠᠯ᠎ᠠ᠎ᠪᠠᠷ᠂ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠎ᠢ 601᠂ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ ᠎ᠢ 852 ᠪᠣᠢᠵᠢᠭᠤᠯᠵᠤ᠂ ᠲᠣᠭ᠎ᠠ ᠬᠡᠮᠵᠢᠶ᠎ᠡ᠎ᠨᠢ ᠴᠥᠮ ᠪᠥᠬᠥ᠌ ᠣᠷᠣᠨ᠎ᠤ ᠲᠦᠷᠦᠭᠦᠨ᠎ᠳᠦ ᠣᠷᠣᠵᠤ᠂ ᠲᠦᠮᠡᠨ ᠠᠵᠤ ᠠᠬᠤᠢᠯᠠᠯ ᠪᠦᠷᠢ᠎ᠶ᠋ᠢᠨ ᠳᠤᠮᠳᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 64 ᠪᠠᠢᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠠᠷᠠᠯᠲᠠ᠎ᠶ᠋ᠢ ᠳᠠᠪᠠᠭᠤᠯᠤᠨ ᠪᠡᠶᠡᠯᠡᠭᠦᠯᠪᠡ᠃ ᠦᠷ᠎ᠡ  ᠪᠦᠲᠦᠭᠡᠯ᠎ᠢ ᠤᠨᠳᠤᠤᠱᠢᠭᠤᠯᠬᠤ ᠴᠢᠳᠠᠪᠤᠷᠢ᠎ᠶ᠋ᠢᠨ ᠲᠠᠯ᠎ᠠ᠎ᠪᠠᠷ᠂ 2024 ᠣᠨ᠎ᠳᠤ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠬᠡᠮᠵᠢᠶ᠎ᠡ ᠨᠡᠢᠲᠡ 55.48 ᠳ᠋ᠦᠩᠱᠢᠭᠤᠷ ᠲᠥᠭᠥᠷᠢᠭ᠎ᠲᠦ ᠬᠦᠷᠴᠡᠶ᠃ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠶ᠋ᠢᠨ ᠡᠷᠴᠢᠮ ᠴᠦ᠍ ᠶᠡᠬᠡ᠎ᠪᠡᠷ ᠳᠡᠭᠡᠭ᠌ᠰᠢᠯᠡᠵᠦ᠍᠂ 2024 ᠣᠨ᠎ᠳᠤ ᠪᠦᠬᠦ᠌ ᠬᠤᠳᠠ᠎ᠶ᠋ᠢᠨ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠯᠭ᠎ᠠ 10.04 ᠳ᠋ᠦᠩᠱᠢᠭᠤᠷ ᠲᠥᠭᠥᠷᠢᠭ᠎ᠲᠦ ᠬᠦᠷᠴᠦ᠍᠂ 2021 ᠣᠨ᠎ᠤ ᠬᠢ᠎ᠡᠴᠡ 2.24 ᠲᠠᠬᠢᠨ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠭᠤᠷᠪᠠ ᠎ᠶ᠋ᠢ ᠴᠡᠭᠴᠡᠯᠡᠵᠦ ᠪᠦᠬᠦᠨ ᠎ᠢ ᠪᠦᠷᠬᠦᠬᠦᠯᠬᠦ ᠲᠤᠰᠭᠠᠢ ᠠᠵᠢᠯᠯᠠᠭ᠎ᠠ ᠨᠢ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠲᠠᠶ ᠠᠵᠤ ᠠᠬᠤᠢᠯᠠᠯ 199 ᠳ᠋ᠤ ᠬᠦᠷᠴᠦ᠍᠂ 2021 ᠣᠨ᠎ᠤ ᠬᠢ᠎ᠡᠴᠡ 105%  ᠨᠡᠮᠡᠭ᠌ᠳᠡᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠤᠨ ᠲᠦᠷᠭᠡᠳᠬᠦ᠌᠎ᠶ᠋ᠢ ᠳᠠᠭᠠᠯᠳᠤᠨ᠂ ᠬᠥᠬᠡᠬᠣᠲᠠ ᠶᠠᠭ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠵᠤ᠂ ᠠᠵᠤ  ᠠᠬᠤᠢ᠎ᠶ᠋ᠢᠨ  ᠴᠢᠨᠠᠷ ᠰᠠᠢᠲᠠᠢ ᠬᠥᠭ᠌ᠵᠢᠯᠲᠡ᠎ᠳᠦ ᠦᠷᠭᠦᠯᠵᠢᠯᠡᠨ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号