ᠶᠠᠨ ᠭᠤᠸᠠᠩ ᡁᠢ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ ᠪᠠᠢᠴᠠᠭᠠᠬᠤ ᠮᠡᠷᠭᠡᠵᠢᠯ ᠤ᠋ᠨ ᠤᠷ᠎ᠠ ᠴᠢᠳᠠᠪᠤᠷᠢ᠎ᠶᠢᠨ ᠤᠷᠤᠯᠳᠤᠭᠠᠨ᠎ᠳᠤ 《ᠮᠡᠷᠭᠡᠵᠢᠯ᠎ᠦᠨ ᠴᠢᠳᠠᠪᠤᠷᠢᠲᠠᠨ》 ᠎ᠤ᠋ ᠴᠣᠯᠠ ᠭᠥᠷᠳᠡᠪᠡ
2025-10-15 11:23:37
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

9 ᠰᠠᠷ᠎ᠠ ᠵᠢᠨ 29 ᠤ᠋ ᠡᠳᠦᠷ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠵᠣᠬᠢᠶᠠᠨ ᠪᠠᠢᠭᠤᠯᠤᠭᠰᠠᠨ ᠠᠩᠬᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ ᠪᠠᠢᠴᠠᠭᠠᠬᠤ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠳᠤ᠂ ᠬᠥᠬᠡᠬᠣᠲᠠ᠎ᠶᠢᠨ ᠲᠡᠮᠦᠷ ᠵᠠᠮ᠎ᠤᠨ ᠪᠠᠢᠴᠠᠭᠠᠬᠤ ᠬᠤᠪᠢᠶᠠᠷᠢ ᠬᠣᠷᠢᠶ᠎ᠠ᠎ᠶᠢᠨ ᠪᠠᠢᠴᠠᠭᠠᠬᠤ ᠮᠡᠷᠭᠡᠵᠢᠯ᠎ᠦᠨ ᠮᠡᠳᠡᠭᠡ ᠵᠠᠩᠭᠢ᠎ᠶᠢᠨ ᠬᠡᠯᠲᠡᠰ᠎ᠦᠨ ᠶᠠᠨ ᠭᠤᠸᠠᠩ ᡁᠢ ᠴᠠᠭᠠᠷᠠᠭᠰᠠᠨ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ ᠳ᠋ᠠᠭᠠᠨ ᠲᠦᠰᠢᠭᠯᠡᠨ᠂ ᠳᠠᠭᠠᠭᠤᠯᠢ ᠣᠳᠣᠨ᠎ᠤ ᠠᠯᠤᠰ ᠰᠡᠷᠡᠯ᠎ᠢᠶᠡᠷ ᠬᠡᠷᠡᠴᠢ ᠠᠪᠬᠤ 《ᠮᠡᠷᠭᠡᠵᠢᠯ᠎ᠦᠨ ᠴᠢᠳᠠᠪᠤᠷᠢᠲᠠᠨ》 ᠎ᠤ᠋ ᠢᠷᠠᠭᠤ ᠠᠯᠳᠠᠷᠳᠤ ᠴᠣᠯᠠ ᠭᠥᠷᠳᠡᠪᠡ᠃ 

ᠣᠢᠯᠠᠭᠠᠭᠰᠠᠨ᠎ᠢᠶᠠᠷ᠂ ᠲᠣᠰ ᠤᠳᠠᠭ᠎ᠠ ᠵᠢᠨ ᠤᠷᠤᠯᠳᠤᠭᠠᠨ᠎ᠢ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠤᠯᠤᠰ ᠲᠥᠷᠥ᠎ᠶᠢᠨ ᠬᠡᠯᠲᠡᠰ᠎ᠢᠶᠡᠷ ᠵᠥᠪᠰᠢᠶᠡᠷᠡᠭᠦᠯᠦᠭᠡᠳ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠮᠡᠷᠭᠡᠵᠢᠯ᠎ᠦᠨ ᠮᠡᠳᠡᠭᠡ ᠵᠠᠩᠭᠢ᠎ᠶᠢᠨ ᠰᠤᠳᠤᠯᠭᠠᠨ᠎ᠤ ᠲᠥᠪ᠎ᠡᠴᠡ ᠵᠣᠬᠢᠶᠠᠨ ᠪᠠᠢᠭᠤᠯᠵᠤ᠂ ᠤᠷᠤᠯᠳᠤᠭᠠᠨ᠎ᠤ ᠲᠥᠷᠥᠯ ᠵᠦᠢᠯ᠎ᠳᠦ ᠳᠠᠭᠠᠭᠤᠯᠢ ᠣᠳᠣᠨ᠎ᠤ ᠠᠯᠤᠰ ᠰᠡᠷᠡᠯ᠎ᠢᠶᠡᠷ ᠭᠡᠷᠡᠴᠢ ᠠᠪᠬᠤ ᠪᠠ ᠡᠯᠧᠺᠲᠷᠣᠨ ᠲᠣᠭ᠎ᠠ ᠪᠠᠷᠢᠮᠲᠠ᠎ᠪᠠᠷ ᠭᠡᠷᠡᠴᠢ ᠠᠪᠬᠤ ᠪᠦᠯᠬᠦᠮ᠎ᠦᠨ ᠤᠷᠤᠯᠳᠤᠭᠠᠨ ᠵᠢᠴᠢ ᠲᠠᠩ ᠵᠦᠢᠯ᠎ᠦᠨ ᠬᠤᠪᠢ ᠬᠥᠮᠥᠨ᠎ᠦ ᠤᠷᠤᠯᠳᠤᠭᠠᠨ᠎ᠢ ᠪᠠᠬᠳᠠᠭᠠᠵᠤ᠂ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ 31 ᠡᠩᠨᠡᠭᠡᠨ᠎ᠦ 93 ᠤᠷᠤᠯᠴᠠᠬᠴᠢ ᠤᠷᠤᠯᠳᠤᠭᠠᠨ᠎ᠳᠤ ᠣᠷᠣᠯᠴᠠᠵᠠᠢ᠃ 

ᠶᠠᠨ ᠭᠤᠸᠠᠩ ᡁᠢ 2013 ᠣᠨ᠎ᠳᠤ ᠬᠦᠬᠡᠬᠤᠳᠠ ᠵᠢᠨ ᠲᠡᠮᠦᠷ ᠵᠠᠮ ᠤ᠋ᠨ ᠪᠠᠢᠴᠠᠭᠠᠬᠤ ᠬᠤᠪᠢᠶᠠᠷᠢ ᠬᠤᠷᠢᠶ᠎ᠠ᠎ᠳᠦ ᠠᠵᠢᠯᠯᠠᠬᠰᠠᠨ᠎ᠡᠴᠨ ᠨᠠᠭᠠᠰᠢ᠂ ᠲᠤᠰᠬᠠᠢ ᠮᠡᠷᠭᠡᠵᠢᠯ᠎ᠦᠨ ᠬᠦᠷᠢᠶᠡᠨ᠎ᠳᠦ ᠦᠷᠭᠦᠯᠵᠢᠯᠡᠨ ᠭᠦᠨᠵᠡᠭᠡᠢᠷᠡᠵᠦ᠂ ᠬᠣᠶᠠᠷ ᠱᠠᠲᠤᠨ᠎ᠤ ᠵᠢᠷᠭᠤᠭᠠᠨ ᠪᠠᠢᠴᠠᠭᠠᠬᠤ ᠬᠤᠷᠢᠶ᠎ᠠ᠎ᠳᠦ ᠨᠡᠢ᠍ᠢᠳᠡ ᠵᠠᠭᠤ ᠭᠠᠷᠤᠢ ᠤᠳᠠᠭ᠎ᠠ ᠮᠡᠷᠭᠡᠵᠢᠯ᠎ᠦᠨ ᠬᠠᠪᠰᠤᠷᠤᠯᠭ᠎ᠠ ᠬᠠᠩᠭᠠᠵᠤ ᠢᠯᠡᠳᠲᠡ ᠦᠷ᠎ᠡ ᠪᠦᠲᠦᠮᠵᠢ ᠣᠯᠪᠠ᠃ ᠡᠨᠡ ᠬᠦ᠌ ᠬᠤᠭᠤᠴᠠᠭᠠᠨ᠎ᠳᠤ᠂ ᠲᠡᠷᠡ ᠬᠢᠨᠠᠨ ᠰᠢᠯᠭᠠᠯᠲᠠ᠎ᠪᠠᠷ ᠳᠡᠮᠵᠢᠨ ᠡᠯᠧᠺᠲᠷᠣᠨ ᠲᠣᠭ᠎ᠠ ᠪᠠᠷᠢᠮᠲᠠ᠎ᠶᠢᠨ ᠰᠢᠯᠭᠠᠨ ᠲᠣᠭᠲᠠᠭᠠᠭ᠍ᠴᠢ᠎ᠶᠢᠨ ᠬᠢᠷᠢ ᠬᠡᠮ᠎ᠢ ᠣᠯᠵᠤ᠂ ᠣᠯᠠᠨ ᠪᠤᠳᠤᠯᠢᠶᠠᠨᠲᠠᠢ ᠬᠡᠷᠡᠭ᠎ᠦᠨ ᠰᠢᠪᠲᠤᠯᠤᠯᠲᠠ᠎ᠳᠤ ᠵᠠᠩᠭᠢᠯᠠᠭ᠎ᠠ᠎ᠶᠢᠨ ᠭᠡᠷᠡᠴᠢ ᠪᠠᠷᠢᠮᠲᠠ ᠪᠠ ᠰᠦᠪᠡᠭᠴᠢ ᠬᠠᠩᠭᠠᠭᠰᠠᠨ ᠪᠠᠢᠨ᠎ᠠ; ᠵᠢᠯᠣᠭᠣᠴᠢ ᠦᠭᠡᠢ ᠨᠢᠰᠬᠡᠯ᠎ᠦᠨ ᠭᠤᠷᠪᠠᠨ ᠬᠡᠮᠵᠢᠯᠲᠦ ᠵᠠᠭᠪᠤᠷ ᠪᠠᠶ᠋ᠢᠭᠤᠯᠬᠤ ᠮᠡᠷᠭᠡᠵᠢᠯ᠎ᠢ ᠰᠠᠨᠠᠭᠠᠴᠢᠯᠠᠭ᠎ᠠ᠎ᠡᠴᠨ ᠎ᠪᠠᠨ ᠰᠤᠳᠤᠯᠤᠨ ᠡᠵᠡᠮᠰᠢᠵᠦ᠂ ᠠᠬᠤᠢ ᠲᠠᠯᠠᠪᠠᠶ᠎ᠶᠢᠨ ᠨᠠᠷᠢᠯᠢᠭ᠋ ᠵᠠᠭᠪᠤᠷ᠎ᠢ ᠪᠠᠶ᠋ᠢᠭᠤᠯᠬᠤ᠎ᠪᠠᠷ ᠲᠠᠮᠵᠢᠨ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠰᠠᠯᠠᠭ᠎ᠠ ᠮᠥᠴᠢᠷ᠎ᠦᠨ ᠪᠠᠢᠴᠠᠭᠠᠬᠤ ᠰᠠᠨᠠᠭᠤᠯᠭ᠎ᠠ ᠲᠣᠭᠲᠠᠭᠠᠬᠤ᠎ᠳᠤ ᠦᠨᠳᠦᠰᠦᠯᠡᠯ ᠪᠠ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠪᠠ; ᠬᠦᠬᠡᠬᠤᠳᠠ ᠵᠢᠨ ᠲᠡᠮᠦᠷ ᠵᠠᠮ ᠤ᠋ᠨ ᠪᠠᠢᠴᠠᠭᠠᠬᠤ ᠬᠤᠪᠢᠶᠠᠷᠢ ᠬᠤᠷᠢᠶᠠᠨ ᠤ᠋ ᠲᠥᠪᠯᠡᠷᠡᠭᠦᠯᠦᠨ ᠬᠠᠮᠢᠶᠠᠷᠴᠤ ᠪᠦᠬᠦᠢ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠲᠥᠷᠥᠯ᠎ᠦᠨ ᠬᠡᠷᠡᠭ᠎ᠦᠨ ᠰᠢᠨ᠎ᠡ ᠪᠠᠢᠳᠠᠯ᠎ᠤᠨ ᠡᠮᠦᠨ᠎ᠡ᠂ ᠲᠡᠷᠡ ᠳᠠᠭᠠᠭᠤᠯᠢ ᠣᠳᠣᠨ᠎ᠤ ᠠᠯᠤᠰ ᠰᠡᠷᠡᠯ᠎ᠦᠨ ᠭᠡᠷᠡᠴᠢ ᠠᠪᠬᠤ ᠮᠡᠷᠭᠡᠵᠢᠯ᠎ᠢ ᠤᠷᠢᠳᠴᠢᠯᠠᠨ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠳᠤ ᠤᠴᠠᠷᠠᠭᠰᠠᠨ ᠪᠠᠢᠳᠠᠯ᠎ᠢ ᠣᠨᠣᠪᠴᠢᠲᠠᠶ ᠦᠨᠡᠯᠡᠨ ᠵᠢᠱ᠌ᠢᠬᠦ᠂ ᠬᠡᠷᠡᠭ᠎ᠢ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠬᠦ ᠵᠢᠴᠢ ᠮᠡᠷᠭᠡᠵᠢᠯ᠎ᠦᠨ ᠭᠡᠷᠡᠴᠢ ᠪᠠᠷᠢᠮᠲᠠ᠎ᠶᠢ ᠬᠢᠨᠠᠨ ᠪᠠᠢᠴᠠᠭᠠᠬᠤ᠎ᠳᠤ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号