ᠤᠯᠠᠭᠠᠨᠬᠠᠳᠠ᠎ᠬᠤᠲᠠ 2025 ᠣᠨ ᠤ᠋ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠤ᠋ ᠪᠤᠭᠤᠮᠲᠠ ᠰᠢᠪᠲᠤᠯᠬᠤ ᠣᠨ ᠤ᠋ ᠡᠭᠦᠷᠭᠡ ᠪᠡᠨ ᠳᠠᠪᠠᠭᠤᠯᠤᠨ ᠪᠡᠶᠡᠯᠡᠭᠦᠯᠪᠡ
2025-10-15 10:29:36
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠤᠲᠠ ᠡᠨᠡ ᠵᠢᠯ ᠨᠢᠭᠡᠨᠲᠡ 462 ᠲᠦᠮᠡᠨ ᠮᠥ᠍ ᠡᠯᠡᠰᠤᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠵᠢᠴᠢ ᠣᠶ ᠱᠢᠭᠤᠶ ᠪᠠ ᠨᠤᠲᠤᠭ ᠪᠡᠯᠴᠢᠭᠡᠷ ᠤ᠋ᠨ᠎ᠶᠠᠰᠤ ᠴᠢᠨᠠᠷ ᠢ᠋ ᠪᠡᠬᠢᠵᠢᠭᠦᠯᠦᠨ ᠳᠡᠭᠡᠭ᠌ᠰᠢᠯᠡᠭᠦᠯᠵᠦ᠍᠂ 2025 ᠣᠨ ᠤ᠋ ᠬᠣᠷᠴᠢᠨ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠤ᠋ ᠪᠤᠭᠤᠮᠲᠠ ᠰᠢᠪᠲᠤᠯᠬᠤ ᠣᠨ ᠤ᠋ ᠡᠭᠦᠷᠭᠡ  ᠪᠡᠨ ᠳᠠᠪᠠᠭᠤᠯᠤᠨ ᠪᠡᠶᠡᠯᠡᠭᠦᠯᠪᠡ᠃

《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠵᠢᠴᠢ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠤ᠋ ᠭᠤᠤᠯ  ᠲᠠᠯᠠᠪᠤᠷ ᠪᠣᠯᠤᠭ᠍ᠰᠠᠨ ᠤ᠋ ᠬᠤᠪᠢ ᠳ᠋ᠤ᠂ ᠡᠨᠡ ᠵᠢᠯ ᠤᠯᠠᠭᠠᠨᠬᠠᠳᠠ ᠬᠣᠲᠠ 《ᠤᠯᠠᠭᠠᠨᠬᠠᠳᠠ ᠬᠣᠲᠠ ᠵᠢᠨ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠤ᠋ ᠪᠣᠭᠣᠮᠲᠠ ᠱᠢᠪᠲᠤᠯᠬᠤ ᠠᠵᠢᠯᠯᠠᠭ᠎ᠠ ᠵᠢᠨ ᠬᠡᠷᠡᠭ᠌ᠵᠢᠭᠦᠯᠬᠦ᠌ ᠲᠥᠰᠦᠯ》 ᠢ᠋ ᠴᠢᠩᠭ᠎ᠠ ᠠᠳᠭᠤᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ ᠶ᠋ᠢ ᠵᠡᠷᠭᠡ ᠪᠡᠷ  ᠬᠡᠷᠡᠭᠯᠡᠨ ᠬᠣᠷᠴᠢᠨ᠂ ᠬᠤᠯᠠᠨ ᠱᠢᠷᠭ᠎ᠠ ᠲᠠᠭ᠎ᠠ ᠵᠢᠨ ᠬᠣᠶᠠᠷ ᠶᠡᠬᠡ ᠡᠯᠡᠰᠦᠷᠬᠡᠭ ᠭᠠᠵᠠᠷ ᠤ᠋ᠨ ᠵᠠᠰᠠᠯᠲᠠ ᠶ᠋ᠢ ᠠᠬᠢᠭᠤᠯᠪᠠ᠃

ᠤᠯᠠᠭᠠᠨᠬᠠᠳᠠ ᠬᠤᠲᠠ 《ᠳᠥᠷᠪᠡᠨ ᠶᠡᠬᠡ ᠵᠠᠰᠠᠯᠲᠠ ᠵᠢᠨ ᠣᠷᠣᠨ》 ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠭᠤᠷᠪᠠᠨ ᠵᠦᠶ᠋ᠯ᠎ᠦᠨ ᠭᠤᠤᠯᠳᠠᠯᠭ᠎ᠠ᠎ᠲᠠᠶ ᠢᠨᠵᠧᠨᠧᠷᠢᠩ ᠢ᠋ ᠬᠡᠷᠡᠭ᠌ᠵᠢᠭᠦᠯᠪᠡ᠃ 《ᠤᠮᠠᠷᠠᠲᠤ ᠵᠢᠨ ᠭᠤᠷᠪᠠᠨ ᠣᠷᠣᠨ》 ᠤ᠋ ᠵᠢᠷᠭᠤᠳᠤᠭᠠᠷ ᠬᠤᠭᠤᠴᠠᠭᠠᠨ ᠤ᠋ ᠤᠯᠤᠰ ᠤ᠋ᠨ ᠵᠢᠭᠡᠯᠡᠯᠭᠡ ᠵᠢᠨ ᠲᠥᠷᠥᠯ ᠵᠦᠶ᠋ᠯ ᠢ᠋ 214 ᠲᠦᠮᠡᠨ ᠮᠥ᠍ ᠪᠡᠶᠡᠯᠡᠭᠦᠯᠵᠦ᠍᠂ ᠣᠶ ᠱᠢᠭᠤᠶ ᠨᠤᠲᠤᠭ ᠪᠡᠯᠴᠢᠭᠡᠷ ᠨᠤᠭᠤ ᠭᠠᠵᠠᠷ ᠢ᠋ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠌ ᠲᠥᠷᠥᠯ ᠵᠦᠶ᠋ᠯ ᠢ᠋ 226 ᠲᠦᠮᠡᠨ ᠮᠥ᠍ ᠪᠡᠶᠡᠯᠡᠭᠦᠯᠤᠨ᠂ ᠬᠤᠯᠠᠨ ᠱᠢᠷᠭ᠎ᠠ ᠲᠠᠭ᠎ᠠ ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠵᠢᠨ ᠵᠠᠰᠠᠯᠲᠠ ᠵᠢᠨ ᠲᠥᠷᠥᠯ ᠵᠦᠶ᠋ᠯ ᠢ᠋ 13.02 ᠲᠦᠮᠡᠨ ᠮᠥ᠍ ᠪᠡᠶᠡᠯᠡᠭᠦᠯᠪᠡ᠃ ᠡᠭᠦᠨ᠎ᠦ ᠬᠠᠮᠲᠤ᠂ ᠬᠣᠶᠠᠷ ᠶᠡᠬᠡ ᠡᠯᠡᠰᠦᠷᠬᠡᠭ ᠭᠠᠵᠠᠷ ᠢ᠋ ᠰᠦᠨᠦᠭᠡᠬᠦ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠠᠯᠢ ᠣᠯᠠᠨ ᠪᠡᠯᠭᠡ ᠲᠡᠮᠳᠡᠭ᠎ᠦᠨ ᠴᠢᠨᠠᠷᠲᠠᠶ ᠵᠢᠱ᠌ᠢᠶ᠎ᠡ ᠦᠵᠡᠭᠦᠯᠬᠦ᠌ ᠢᠨᠵᠧᠨᠧᠷᠢᠩ ᠢ᠋ ᠪᠠᠢᠭᠤᠯᠵᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ  ᠶ᠋ᠢ ᠵᠠᠰᠠᠬᠤ ᠠᠵᠢᠯ ᠳ᠋ᠤ ᠨᠡᠢᠲᠡᠯᠢᠭ ᠵᠢᠱ᠌ᠢᠶ᠎ᠡ ᠦᠵᠡᠭᠦᠯᠪᠡ᠃ ᠤᠯᠠᠭᠠᠨᠬᠠᠳᠠ ᠬᠣᠲᠠ ᠡᠯᠡᠰᠦ ᠶ᠋ᠢ ᠵᠠᠰᠠᠬᠤ ᠵᠠᠭ᠍ᠪᠤᠷ ᠤ᠋ᠨ ᠱᠢᠨ᠎ᠡ ᠶ᠋ᠢ ᠡᠭᠦᠳᠴᠦ᠍ ᠠᠮᠢ ᠠᠬᠤᠶ ᠵᠢᠨ ᠵᠠᠰᠠᠯᠲᠠ ᠬᠢᠭᠡᠳ ᠠᠷᠠᠳ ᠤ᠋ᠨ ᠠᠮᠢᠳᠤᠷᠠᠯ ᠤ᠋ᠨ ᠰᠠᠢᠵᠢᠷᠠᠯᠲᠠ ᠵᠢᠨ ᠬᠠᠮᠵᠢᠯᠴᠠᠨ ᠬᠥᠭ᠌ᠵᠢᠬᠦ᠌ ᠶ᠋ᠢ ᠠᠬᠢᠭᠤᠯᠪᠠ᠃ 《ᠠᠵᠢᠯ ᠤᠯᠭᠤᠯᠲᠠ᠎ᠪᠠᠷ ᠲᠡᠳᠬᠦᠮᠵᠢ ᠶ᠋ᠢ ᠣᠷᠣᠯᠠᠭᠤᠯᠬᠤ》 ᠵᠠᠭᠪᠤᠷ ᠢ᠋ ᠬᠡᠷᠡᠭ᠌ᠵᠢᠭᠦᠯᠵᠦ᠍᠂ 12091 ᠮᠠᠯᠴᠢᠨ ᠲᠠᠷᠢᠶᠠᠴᠢᠨ ᠢ᠋ ᠳᠠᠢᠴᠢᠯᠠᠨ ᠣᠢᠷ᠎ᠠ ᠬᠠᠪᠢ᠎ᠳᠠᠭᠠᠨ ᠠᠵᠢᠯ ᠣᠯᠭᠣᠵᠤ᠂ ᠬᠥᠳᠡᠯᠮᠦᠷᠢ ᠦᠶ᠋ᠯᠡᠴᠢᠯᠡᠭᠡᠨ᠎ᠦ ᠰᠦᠶ᠋ᠳᠭᠡᠯ  ᠢ᠋ 1.55 ᠳ᠋ᠦᠩᠱᠢᠭᠤᠷ ᠲᠥᠭᠥᠷᠢᠭ ᠲᠠᠷᠬᠠᠭᠠᠪᠠ; 《ᠤᠷᠢᠳ ᠵᠢᠡᠷ ᠪᠠᠢᠭᠤᠯᠵᠤ ᠳᠠᠷᠠᠭ᠎ᠠ᠎ᠨᠢ ᠨᠥᠬᠥᠪᠥᠷᠢᠯᠡᠬᠦ᠌》 ᠵᠠᠭᠪᠤᠷ ᠢ᠋᠎ᠳᠡᠯᠭᠡᠷᠡᠭᠦᠯᠵᠦ᠍᠂ 2025 ᠣᠨ ᠳ᠋ᠤ ᠪᠠᠭᠠᠷᠢᠨ ᠪᠠᠷᠠᠭᠤᠨ ᠬᠣᠱᠢᠭᠤ ᠲᠣᠰ ᠵᠠᠭ᠍ᠪᠤᠷ ᠵᠢᠡᠷ ᠳᠠᠮᠵᠢᠭᠤᠯᠤᠨ 《ᠤᠮᠠᠷᠠᠲᠤ ᠵᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ ᠤ᠋ ᠲᠥᠷᠥᠯ ᠵᠦᠶ᠋ᠯ ᠢ᠋ 61 ᠲᠦᠮᠡᠨ ᠮᠥ᠍ ᠨᠠᠢᠳᠠᠪᠤᠷᠢᠵᠢᠭᠤᠯᠪᠠ; ᠨᠡᠢᠭᠡᠮ᠎ᠦᠨ ᠬᠥᠷᠥᠩᠭᠡ ᠵᠢᠨ ᠪᠠᠯᠠ ᠣᠷᠣᠭᠤᠯᠤᠯᠲᠠ ᠵᠢᠨ ᠠᠷᠭ᠎ᠠ ᠵᠠᠮ ᠢ᠋ ᠥᠷᠭᠡᠳᠭᠡᠵᠦ᠍᠂ ᠨᠡᠢᠭᠡᠮ᠎ᠦᠨ ᠪᠠᠯᠠ ᠣᠷᠣᠭᠤᠯᠤᠯᠲᠠ ᠶ᠋ᠢ 2.6 ᠳ᠋ᠦᠩᠱᠢᠭᠤᠷ ᠲᠥᠭᠥᠷᠢᠭ ᠠᠮᠵᠢᠯᠲᠠ᠎ᠲᠠᠶ ᠪᠡᠶᠡᠯᠡᠭᠦᠯᠵᠤ᠂ ᠣᠨ ᠤ᠋ ᠪᠠᠯᠠ ᠣᠷᠣᠭᠤᠯᠤᠯᠲᠠ ᠵᠢᠨ ᠬᠠᠷᠠᠯᠲᠠ᠎ᠪᠠᠨ ᠳᠠᠪᠠᠭᠤᠯᠤᠨ  ᠪᠡᠶᠡᠯᠡᠭᠦᠯᠪᠡ᠃

6 ᠰᠠᠷ᠎ᠠ ᠵᠢᠨ ᠡᠬᠢ ᠪᠡᠷ 《ᠤᠯᠠᠭᠠᠨᠬᠠᠳᠠ ᠬᠣᠲᠠ ᠵᠢᠨ ᠣᠶ ᠱᠢᠭᠤᠶ ᠵᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠬᠠᠯᠬᠠᠪᠴᠢ ᠣᠶ ᠵᠢᠨ ᠢᠨᠵᠧᠨᠧᠷᠢᠩ ᠬᠢᠭᠡᠳ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠥᠪᠥᠷ ᠮᠣᠩᠭᠣᠯ  ᠤ᠋ᠨ ᠠᠺᠠᠳᠧᠮᠢᠴᠢ ᠵᠢᠨ ᠠᠵᠢᠯ ᠤ᠋ᠨ ᠥᠷᠲᠡᠭᠡ》 ᠥᠪᠡᠷᠲᠡᠭᠡᠨ ᠵᠠᠰᠠᠬᠤ ᠣᠷᠣᠨ ᠤ᠋ ᠴᠣᠬᠣᠯᠠᠪᠤᠷᠢ ᠶ᠋ᠢ ᠣᠯᠵᠤ᠂ ᠵᠦ᠍ ᠵᠢᠶᠤᠤ ᠵᠢᠶᠦ᠋ᠨ ᠠᠺᠠᠳᠧᠮᠢᠴᠢ ᠵᠢᠨ ᠪᠦᠯᠬᠦᠮ᠎ᠲᠡᠶ ᠬᠠᠮᠲᠤᠷᠠᠯᠴᠠᠨ 《ᠡᠯᠡᠰᠦ ᠶ᠋ᠢ ᠵᠠᠰᠠᠬᠤ — ᠡᠯᠡᠰᠦ ᠶ᠋ᠢ ᠬᠠᠮᠢᠶᠠᠷᠬᠤ — ᠡᠯᠡᠰᠦ ᠶ᠋ᠢ ᠬᠡᠷᠡᠭ᠌ᠯᠡᠬᠦ᠌》 ᠶ᠋ᠢ ᠨᠢᠭᠡ ᠴᠣᠭ᠍ᠴᠠᠵᠢᠭᠤᠯᠤᠭ᠍ᠰᠠᠨ ᠤᠯᠠᠭᠠᠨᠬᠠᠳᠠ ᠵᠢᠨ ᠡᠯᠡᠰᠦ ᠶ᠋ᠢ ᠵᠠᠰᠠᠬᠤ ᠵᠠᠭ᠍ᠪᠤᠷ》 ᠢ᠋ ᠪᠦᠷᠢᠯᠳᠦᠭᠦᠯᠤᠨ᠂ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠳᠠᠢᠯᠠᠯᠳᠤᠭᠠᠨ ᠳ᠋ᠤ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号