— ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠳᠠᠭᠤᠤ ᠪᠥᠵᠢᠭ᠌ᠲᠦ ᠵᠦᠴᠦᠭᠡ 《ᠨᠠᠨᠳᠢᠨ ᠰᠡᠳᠭᠢᠯ᠎ᠤᠨ ᠬᠡᠯᠬᠢᠶ᠎ᠠ》 ᠵᠢᠨ ᠲᠤᠬᠠᠢ ᠦᠨᠠᠯᠠᠯᠳᠠ
ᠤᠳᠭ᠎ᠠ ᠤᠷᠠᠯᠢᠭ᠎ᠤᠨ ᠥᠷᠭᠡᠨ ᠵᠠᠢ᠎ᠳᠤ ᠵᠠᠷᠢᠮ ᠪᠦᠲᠦᠭᠡᠯ᠎ᠨᠢ ᠶᠡᠷᠦ᠍᠎ᠨᠢ ᠲᠠᠢᠰᠠᠨ᠎ᠤ ᠬᠢᠵᠠᠭᠠᠷᠯᠠᠯ᠎ᠢ ᠳᠠᠪᠠᠵᠤ᠂ ᠬᠥᠮᠦᠰ᠎ᠦᠨ ᠰᠡᠳᠭᠢᠯ᠎ᠦᠨ ᠭᠦᠨ᠎ᠳᠦ ᠬᠦᠷᠴᠦ᠍ ᠳᠡᠢᠯᠳᠡᠭ᠂ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠵᠣᠬᠢᠶᠠᠨ ᠪᠦᠲᠦᠭᠡᠭ᠌ᠰᠡᠨ ᠳᠠᠭᠤᠤ ᠪᠥᠵᠢᠭ᠌ᠲᠦ ᠵᠦᠴᠦᠭᠡ 《ᠨᠠᠨᠳᠢᠨ ᠰᠡᠳᠭᠢᠯ᠎ᠤᠨ ᠬᠡᠯᠬᠢᠶ᠎ᠠ》 ᠪᠣᠯ ᠳᠠᠷᠤᠢ ᠡᠢᠮᠦ᠍ ᠨᠢᠭᠡᠨ ᠱᠢᠯᠢᠳᠡᠭ ᠪᠦᠲᠦᠭᠡᠯ ᠪᠤᠯᠬᠤ ᠰᠠᠨ᠃ ᠡᠨᠡ ᠬᠦ᠌ ᠴᠡᠷᠢᠭ ᠠᠷᠠᠳ᠎ᠤᠨ ᠵᠢᠭᠠᠰᠤ ᠤᠰᠤᠨ᠎ᠤ ᠬᠠᠢᠷ᠎ᠠ ᠰᠡᠳᠭᠢᠯᠭᠡ᠎ᠪᠡᠷ ᠭᠣᠣᠯ ᠰᠡᠳᠦᠪ ᠪᠣᠯᠭᠠᠭ᠍ᠰᠠᠨ ᠳᠠᠭᠤᠤ ᠪᠥᠵᠢᠭ᠌ᠲᠦ ᠵᠦᠴᠦᠭᠡ ᠨᠢ ᠤᠷᠠᠯᠢᠭ᠎ᠤᠨ ᠦᠵᠦᠭ ᠪᠢᠴᠢᠯᠬᠡ ᠪᠠᠷ ᠤᠮᠠᠷᠠᠲᠤ ᠬᠢᠯᠢ᠎ᠶ᠋ᠢᠨ ᠲᠠᠯ᠎ᠠ ᠨᠤᠲᠤᠭ᠎ᠤᠨ ᠬᠦᠪᠡᠬᠦᠳ ᠦᠬᠢᠳ᠎ᠤᠨ ᠤᠮᠤᠭ ᠵᠤᠷᠢᠭ ᠪᠠ ᠭᠠᠯ ᠬᠠᠯᠠᠭᠤᠨ ᠬᠠᠢᠷ᠎ᠠ ᠵᠢ ᠵᠢᠷᠤᠭ᠍ᠯᠠᠵᠤ᠂ ᠲᠠᠢᠰᠠᠨ ᠳᠡᠭᠡᠷ᠎ᠡ ᠴᠠᠭ ᠣᠷᠣᠨ ᠵᠠᠢ᠎ᠶ᠋ᠢ ᠠᠯᠤᠰᠯᠠᠭ᠍ᠰᠠᠨ ᠴᠡᠷᠢᠭᠠᠷᠠᠳᠤᠨ 《ᠨᠠᠨᠳᠢᠨ ᠰᠡᠳᠬᠢᠯ᠎ᠤᠨ ᠬᠡᠯᠬᠢᠶ᠎ᠠ》 ᠤᠷᠠᠯᠢᠭ ᠢ ᠨᠠᠢᠷᠠᠭᠯᠠᠭᠰᠠᠨ ᠠᠵᠢ᠃

ᠤᠷᠠᠯᠢᠭ᠎ᠤᠨ ᠦᠵᠦᠭ ᠪᠢᠴᠢᠯᠬᠡ ᠪᠠᠷ ᠤᠮᠠᠷᠠᠲᠤ ᠬᠢᠯᠢ᠎ᠶ᠋ᠢᠨ ᠲᠠᠯ᠎ᠠ ᠨᠤᠲᠤᠭ᠎ᠤᠨ ᠬᠦᠪᠡᠬᠦᠳ ᠦᠬᠢᠳ᠎ᠤᠨ ᠤᠮᠤᠭ ᠵᠤᠷᠢᠭ ᠪᠠ ᠭᠠᠯ ᠬᠠᠯᠠᠭᠤᠨ ᠬᠠᠢᠷ᠎ᠠ ᠵᠢ ᠵᠢᠷᠤᠭ᠍ᠯᠠᠨᠠᠮ
《ᠨᠠᠨᠳᠢᠨ ᠰᠡᠳᠭᠢᠯ᠎ᠤᠨ ᠬᠡᠯᠬᠢᠶ᠎ᠠ》 ᠳᠠᠭᠤᠤ ᠪᠥᠵᠢᠭ᠌ᠲᠦ ᠵᠦᠴᠦᠭᠡ ᠵᠢᠨ ᠦᠯᠢᠭᠡᠷ ᠦᠢᠯᠡ ᠲᠡᠢᠮᠦ᠍ ᠡᠭᠡᠳᠡᠷᠡᠭᠡᠨ ᠪᠤᠳᠤᠯᠢᠶᠠᠨᠲᠠᠶ ᠪᠢᠰᠢ᠂ ᠬᠠᠷᠢᠨ ᠦᠵᠡᠭᠴᠢᠳ ᠲᠸ᠋ ᠶᠠᠮᠠᠷ ᠨᠢᠭᠡᠨ ᠬᠦᠴᠦᠨ ᠴᠢᠳᠠᠯᠤᠯᠭᠤᠳᠠᠭ᠃ ᠲᠡᠷᠡ᠎ᠨᠢ ᠰᠥᠨᠢᠳ ᠵᠡᠭᠦᠨ ᠬᠣᠱᠢᠭᠤᠨ᠎ᠤ ᠠᠯᠳᠠᠨ ᠬᠢᠯᠢ ᠳᠡᠭᠡᠷᠡᠬᠢ ᠬᠣᠶᠠᠷ ᠦᠶ᠎ᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ ᠪᠣᠯᠤᠨ ᠤᠯᠠᠭᠠᠨᠮᠥ᠋ᠴᠢᠷ᠎ᠦᠨ ᠬᠣᠭᠣᠷᠣᠨᠳᠣᠬᠢ ᠦᠨᠡᠨ ᠪᠣᠳᠠᠲᠠᠶ ᠥᠯᠢᠭᠡᠷ᠎ᠢᠶᠡᠷ ᠰᠢᠵᠢᠮᠯᠡᠵᠤ᠂ ᠡᠲᠡᠭᠡᠷ ᠣᠨ ᠰᠠᠷ᠎ᠠ ᠵᠢᠨ ᠣᠷᠳᠣ ᠠᠶᠠᠨ᠎ᠳᠤ ᠬᠡᠰᠡᠭ ᠪᠤᠰᠤᠭ ᠵᠢᠡᠷ ᠦᠯᠡᠳᠡᠨ ᠬᠤᠴᠤᠷᠤᠬᠰᠠᠨ ᠵᠦᠢᠯᠡᠰ᠎ᠢ ᠨᠠᠷᠢᠯᠢᠭ ᠬᠡᠯᠬᠢᠨ ᠬᠤᠯᠪᠤᠵᠤ᠂ ᠤᠷᠠᠯᠢᠭ᠎ᠤᠨ ᠦᠨᠡᠨ ᠵᠢᠨᠷ ᠠᠮᠢᠳᠤᠷᠠᠯ᠎ᠤᠨ ᠦᠨᠡᠨ᠎ᠢ ᠢᠯᠡᠷᠡᠬᠦᠯᠦᠨ᠂ ᠦᠵᠡᠭ᠌ᠴᠢᠳ᠎ᠲᠦ ᠡᠬᠡᠯ ᠵᠢᠷ᠎ᠦᠨ ᠳᠤᠮᠳᠠᠬᠢ ᠠᠭᠤᠤ ᠶᠡᠬᠡ᠎ᠶ᠋ᠢ ᠬᠠᠷᠠᠭᠤᠯᠵᠡᠢ᠃ ᠵᠦᠴᠦᠭᠡ᠎ᠳᠦ ᠵᠣᠷᠢᠭᠤᠳᠠ ᠳᠤᠬᠢᠷᠠᠭᠤᠯᠤᠭᠰᠠᠨ ᠵᠦᠷᠢᠴᠡᠯ ᠮᠥᠷᠭᠥᠯᠳᠦᠭᠡᠨ ᠬᠡᠵᠤ ᠠᠯᠠᠭ᠎ᠠ᠂ ᠬᠠᠷᠢᠨ ᠪᠣᠷᠣᠭ᠍ᠵᠢᠭᠤᠨ ᠰᠠᠨᠠᠭ᠎ᠠ ᠰᠡᠳᠬᠢᠯᠬᠡ ᠪᠠ ᠨᠠᠷᠢᠯᠢᠭ ᠲᠤᠭᠠᠴᠠᠯᠲᠠ᠎ᠪᠠᠷ ᠦᠵᠡᠭ᠌ᠴᠢᠳ᠎ᠦᠨ ᠰᠡᠳᠭᠢᠯ᠎ᠢ ᠴᠢᠩᠭ᠎ᠠ ᠰᠤᠷᠤᠨᠵᠢᠨᠳᠠᠵᠤ ᠴᠢᠳᠠᠪᠠ᠃ ᠵᠦᠴᠤᠭᠡ ᠵᠢᠨ ᠨᠢᠭᠡᠳᠦᠭᠡᠷ ᠦᠵᠡᠭ᠌ᠳᠡᠯ᠎ᠳᠦ ᠴᠠᠰᠤ ᠱᠢᠭᠤᠷᠭ᠎ᠠ ᠡᠴᠡ ᠪᠤᠯᠵᠤ ᠤᠯᠠᠭᠠᠨᠮᠦ᠋ᠴᠢᠷ᠎ᠤᠨ ᠬᠡᠰᠢᠬᠦᠳ᠎ᠤᠨ ᠬᠢᠯᠢ ᠵᠢᠨ ᠴᠡᠷᠢᠭ᠎ᠢ ᠲᠣᠬᠣᠨᠢᠭᠤᠯᠬᠤ ᠠᠶᠠᠯᠠᠯ᠎ᠨᠢ ᠬᠠᠷᠱᠢᠯᠠᠭ᠍ᠳᠠᠬᠰᠠᠨ ᠡᠴᠡ ᠠᠪᠤᠭᠠᠳ᠂ ᠭᠤᠷᠪᠠᠳᠤᠭᠠᠷ ᠦᠵᠡᠭ᠌ᠳᠡᠯ᠎ᠤᠨ ᠸᠠᠩ ᠰᠤᠮᠤᠨ ᠳᠠᠷᠤᠭ᠎ᠠ ᠠᠬᠠᠮᠠᠳ ᠰᠤᠮᠤᠨ ᠳᠠᠷᠤᠭ᠎ᠠ ᠵᠤᠤ ᠱᠧᠩ ᠯᠢ᠎ᠶ᠋ᠢᠨ ᠤᠯᠠᠭᠠᠨᠮᠥ᠋ᠴᠢᠷ᠎ᠦᠨ ᠭᠡᠱᠢᠭᠦᠳ᠎ᠢ ᠠᠪᠤᠷᠠᠬᠤ᠎ᠶ᠋ᠢᠨ ᠲᠥᠯᠥᠭᠡ ᠪᠠᠭᠠᠲᠤᠷᠯᠢᠭ᠎ᠢᠶᠠᠷ ᠱᠢᠷᠬᠠᠲᠤᠭ᠍ᠰᠠᠨ ᠥᠩᠭᠡᠷᠡᠭ᠌ᠰᠡᠨ᠎ᠦ ᠶᠠᠪᠤᠳᠠᠯ᠎ᠢ ᠡᠷᠬᠢᠴᠡᠬᠦᠯᠤᠨ ᠶᠠᠷᠢᠬᠤ ᠬᠦᠷᠲᠡᠯ᠎ᠡ᠂ ᠲᠠᠬᠢᠭᠠᠳ ᠵᠦᠴᠦᠭᠡ᠎ᠶ᠋ᠢᠨ ᠲᠡᠭᠦᠰᠭᠡᠯ᠎ᠳᠦ ᠴᠡᠷᠢᠭ ᠠᠷᠠᠳ᠎ᠤᠨ ᠠᠭᠤᠰᠤᠯᠴᠠᠯ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠢ ᠪᠠᠢᠭᠤᠯᠤᠭ᠍ᠰᠠᠨ ᠦᠢᠯᠡ ᠶᠠᠪᠤᠳᠠᠯ ᠬᠦᠷᠲᠡᠯ᠎ᠡ᠂ ᠭᠣᠭ᠍ᠴᠣᠭ᠎ᠠ ᠪᠦᠷᠢ ᠨᠢ ᠤᠷᠤᠰᠤᠮ᠎ᠠ ᠰᠠᠢᠬᠠᠨ ᠪᠤᠯᠤᠭᠰᠠᠨ ᠪᠦᠬᠡᠳ ᠬᠥᠮᠦᠰ᠎ᠦᠨ ᠰᠡᠳᠭᠢᠯ᠎ᠢ ᠬᠦᠳᠡᠯᠬᠡᠵᠤ᠂ ᠱᠠᠳᠤ ᠱᠠᠳᠤ᠎ᠪᠠᠷ ᠠᠬᠢᠭᠤᠯᠬᠤ ᠠᠷᠭ᠎ᠠ ᠪᠠᠷ ᠴᠡᠷᠢᠭ ᠠᠷᠠᠳ᠎ᠤᠨ ᠬᠣᠭᠣᠷᠣᠨᠳᠣᠬᠢ ᠭᠦᠨ ᠵᠤᠵᠠᠭᠠᠨ ᠨᠥᠬᠥᠷᠯᠡᠯ ᠢ ᠳᠤᠳᠤ ᠳᠤᠪᠤᠷᠠᠭᠤᠨ ᠢᠯᠡᠷᠡᠬᠦᠯᠦᠭᠰᠡᠨ ᠪᠠᠢᠨ᠎ᠠ᠃

ᠲᠠᠢᠰᠠᠨ᠎ᠤ ᠢᠯᠡᠷᠡᠬᠦᠯᠤᠯ᠎ᠤᠨ ᠲᠠᠯ᠎ᠠ ᠪᠡᠷ᠂ 《ᠨᠠᠨᠳᠢᠨ ᠰᠡᠳᠬᠢᠯ᠎ᠤᠨ ᠬᠡᠯᠬᠢᠶ᠎ᠠ》 ᠵᠦᠴᠤᠭᠡ ᠨᠢ ᠬᠢᠵᠠᠭᠠᠷ᠎ᠲᠠᠶ ᠡᠬᠢ ᠪᠠᠶᠠᠯᠢᠭ᠎ᠢ ᠤᠷᠠᠨ ᠠᠷᠭ᠎ᠠ ᠪᠠᠷ ᠡᠰᠬᠡᠨ ᠠᠰᠢᠬᠯᠠᠵᠤ᠂ ᠬᠢᠵᠠᠭᠠᠯᠠᠰᠢ ᠦᠬᠡᠢ ᠪᠤᠯᠤᠮᠵᠢ ᠳ᠋ᠤ ᠬᠦᠷᠬᠡᠵᠤ ᠴᠢᠳᠠᠵᠠᠢ᠃ 28ᠳ᠋ᠸᠡᠭ᠎ᠤᠨ ᠬᠡᠷᠡᠯᠳᠤᠬᠦᠯᠭᠡ᠂ 16 ᠡᠪᠬᠡᠮᠡᠯ ᠮᠣᠳᠣᠨ ᠬᠠᠢᠷᠴᠠᠭ᠂ 1 ᠴᠠᠢ ᠵᠢᠨ ᠰᠢᠷᠡᠭᠡ ᠁ ᠲᠦᠬᠦᠮᠬᠡᠨ ᠪᠤᠯᠪᠠᠴᠤ ᠪᠦᠲᠦᠭᠡᠯᠴᠢ ᠰᠠᠨᠠᠭ᠎ᠠ ᠠᠬᠤᠢ ᠵᠢ ᠢᠯᠡᠷᠡᠬᠦᠯᠵᠠᠢ᠃ ᠪᠦᠬᠦ᠌ ᠵᠦᠴᠦᠭᠡ ᠵᠢᠨ ᠬᠤᠪᠴᠠᠰᠤ ᠵᠠᠰᠠᠯ᠂ ᠪᠠᠭᠠᠵᠢ ᠬᠡᠷᠡᠭᠰᠡᠯ᠂ ᠬᠡᠷᠡᠯ ᠲᠤᠬᠢᠷᠠᠭᠤᠯᠭ᠎ᠠ ᠵᠡᠷᠭᠡ ᠨᠢ ᠳᠦᠬᠦᠮ ᠳᠦᠳᠡ ᠡᠭᠡᠯ ᠪᠤᠷᠤᠬᠵᠢᠭᠤᠨ ᠪᠠᠢᠬᠰᠠᠨ ᠴᠸ᠋᠂ ᠲᠣᠭ᠍ᠯᠠᠭ᠍ᠴᠢᠳ᠎ᠤᠨ ᠭᠣᠢᠳᠠ ᠰᠠᠢᠬᠠᠨ ᠲᠣᠭ᠍ᠯᠠᠯᠲᠠ ᠪᠠ ᠨᠠᠷᠢᠯᠢᠭ ᠪᠥᠵᠢᠭ᠎ᠤᠨ ᠨᠠᠢᠷᠠᠭᠤᠯᠭ᠎ᠠ ᠪᠠᠷ ᠳᠠᠮᠵᠢᠨ᠂ ᠦᠵᠡᠭ᠌ᠴᠢᠳ ᠲᠸ᠋ ᠤᠮᠠᠷᠠᠲᠤ ᠬᠢᠯᠢ᠎ᠶ᠋ᠢᠨ ᠲᠠᠯ᠎ᠠ ᠨᠤᠲᠤᠭ᠎ᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠷᠠᠭᠤᠯ᠎ᠤᠨ ᠭᠠᠵᠠᠷ᠂ ᠴᠡᠷᠢᠭ᠎ᠦᠨ ᠬᠤᠸᠠᠷᠠᠨ ᠪᠠ ᠳᠦᠷᠡᠯᠵᠡᠭ᠌ᠰᠡᠨ ᠭᠠᠯ᠎ᠤᠨ ᠠᠬᠤᠢ ᠲᠠᠯᠠᠪᠠᠢ᠎ᠳᠤ ᠪᠠᠢᠭ᠎ᠠ ᠮᠡᠳᠤ ᠲᠦᠷᠦᠭᠳᠡᠯ ᠤᠯᠭᠤᠵᠤ ᠴᠢᠳᠠᠬᠰᠠᠨ᠃ ᠳᠠᠭᠤᠤ ᠪᠥᠵᠢᠭ᠎ᠦᠨ ᠵᠣᠬᠢᠶᠠᠨ ᠪᠦᠲᠦᠭᠡᠯᠭᠡ ᠨᠢ ᠨᠠᠩ ᠴᠤ᠌ ᠲᠣᠰ ᠵᠦᠴᠦᠭᠡ᠎ᠶ᠋ᠢᠨ ᠨᠢᠭᠡᠨ ᠬᠢᠯᠠᠰ ᠴᠡᠭ ᠪᠣᠯᠵᠣ᠂ ᠣᠷᠣᠨ ᠨᠤᠲᠤᠭ᠎ᠤᠨ ᠴᠢᠨᠠᠷ ᠲᠠᠶ ᠤᠯᠠᠮᠵᠢᠯᠠᠯᠲᠤ ᠳᠠᠭᠤᠤ ᠬᠥᠭ᠌ᠵᠢᠮ᠎ᠢ ᠣᠲᠣ ᠦᠶ᠎ᠡ᠎ᠶ᠋ᠢᠨ ᠳᠠᠭᠤᠤ ᠬᠥᠭ᠌ᠵᠢᠮ᠎ᠦᠨ ᠡᠯᠧᠮᠧᠨ᠋ᠲ᠎ᠲᠡᠶ ᠤᠷᠠᠨ᠎ᠢᠶᠠᠷ ᠠᠭᠤᠰᠤᠯᠴᠠᠭᠤᠯᠵᠤ᠂ ᠨᠡᠡᠭ ᠴᠸ᠋ 《ᠬᠠᠢᠷ᠎ᠠ ᠪᠢᠯᠬᠠᠬᠰᠠᠨ ᠤᠮᠠᠷᠠᠳᠤ ᠬᠢᠯᠢ》 ᠭᠡᠬᠦ᠌ ᠳᠠᠭᠤᠤ ᠨᠢ ᠤᠮᠠᠷᠠᠲᠤ ᠬᠢᠯᠢ᠎ᠶ᠋ᠢᠨ ᠠᠷᠠᠳ ᠲᠦᠮᠡᠨ᠎ᠦ ᠡᠨᠡ ᠬᠦ᠌ ᠤᠷᠤᠨ ᠨᠤᠲᠤᠭ᠎ᠢᠶᠡᠨ ᠬᠠᠢᠷᠠᠯᠠᠬᠤ ᠰᠡᠳᠭᠢᠯᠭᠡ ᠪᠠ ᠴᠡᠷᠢᠭ ᠠᠷᠠᠳ᠎ᠤᠨ ᠬᠣᠭᠣᠷᠣᠨᠳᠣᠬᠢ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠮᠠᠬᠳᠠᠨ ᠳᠠᠭᠤᠯᠠᠭ᠍ᠰᠠᠨ ᠪᠠᠢᠨ᠎ᠠ᠃ ᠪᠥᠵᠢᠭ᠎ᠤᠨ ᠨᠠᠢᠷᠠᠭᠤᠯᠭ᠎ᠠ ᠨᠢ ᠤᠯᠠᠮᠵᠢᠯᠠᠯ ᠪᠠ ᠣᠲᠣ ᠦᠶ᠎ᠡ᠎ᠶ᠋ᠢᠨ ᠬᠤᠭᠤᠷᠤᠨᠳᠤᠬᠢ ᠬᠢᠵᠠᠭᠠᠷᠯᠠᠯ᠎ᠢ ᠡᠪᠳᠡᠵᠦ᠍᠂ ᠲᠠᠯ᠎ᠠ ᠨᠤᠲᠤᠭ᠎ᠤᠨ ᠠᠮᠢ ᠠᠬᠤᠶ᠎ᠶ᠋ᠢᠨ ᠭᠤᠤ᠎ᠠ ᠰᠠᠢᠬᠠᠨ᠂ ᠴᠡᠷᠢᠭ ᠠᠷᠠᠳ ᠰᠡᠳᠬᠢᠯ ᠨᠢᠭᠡᠳᠤᠨ ᠭᠠᠯ ᠤᠨᠲᠠᠷᠠᠭᠠᠬᠰᠠᠨ ᠰᠡᠳᠬᠢᠯ ᠳᠤᠭᠳᠤᠯᠤᠮᠠ ᠦᠵᠡᠭᠳᠡᠯ᠂ ᠪᠠᠢᠯᠳᠤᠭ᠍ᠴᠢᠳ᠎ᠤᠨ ᠡᠬᠡᠯ ᠵᠢᠷ᠎ᠦᠨ ᠪᠠᠲᠤ ᠰᠠᠬᠢᠯᠲᠠ ᠬᠢᠬᠡᠳ ᠤᠯᠠᠭᠠᠨᠮᠥ᠋ᠴᠢᠷ᠎ᠦᠨ ᠭᠠᠯ ᠬᠠᠯᠠᠭᠤᠨ ᠠᠮᠢᠳᠤᠷᠠᠯ ᠵᠡᠷᠭᠡ᠎ᠶ᠋ᠢ ᠤᠷᠠᠯᠢᠭ᠎ᠤᠨ ᠬᠦᠳᠡᠯᠦᠯ ᠪᠠᠷᠢᠯ ᠵᠢᠨᠷ ᠠᠮᠢᠳᠤᠯᠢᠭ ᠰᠠᠢᠬᠠᠨ ᠢᠯᠡᠷᠡᠭᠦᠯᠪᠡ᠃ ᠬᠤᠤᠰᠯᠠᠯ ᠪᠥᠵᠢᠭ 《ᠵᠡᠭᠡᠷ᠎ᠡ》 ᠪᠣᠯᠤᠨ ᠡᠷᠡᠭ᠌ᠲᠡᠶ᠎ᠶ᠋ᠢᠨ ᠭᠣᠴᠣᠯᠠᠯ ᠪᠥᠵᠢᠭ 《ᠪᠤᠷᠠᠨᠲᠠᠭ》 ᠨᠢ ᠲᠠᠯ᠎ᠠ ᠨᠤᠲᠤᠭ᠎ᠤᠨ ᠠᠮᠢ ᠠᠬᠤᠶ᠎ᠶ᠋ᠢᠨ ᠭᠤᠤ᠎ᠠ ᠰᠠᠢᠬᠠᠨ᠎ᠢ ᠢᠯᠡᠷᠡᠭᠦᠯᠬᠦ᠌᠎ᠶ᠋ᠢᠨ ᠬᠠᠮᠲᠤ ᠲᠥᠪ ᠴᠢᠩᠭ᠎ᠠ ᠰᠡᠳᠦᠪᠯᠡᠬᠦᠨᠳ᠋ᠤ ᠱᠢᠨ᠎ᠡ ᠰᠣᠷᠭᠣᠭ ᠠᠮᠢᠵᠢᠷᠠᠯ᠎ᠤᠨ ᠬᠦᠴᠦᠨ ᠨᠡᠮᠡᠷᠢᠯᠡᠪᠡ; ᠪᠥᠵᠢᠭ 《ᠭᠠᠯ ᠤᠨᠳᠠᠷᠠᠭᠠᠬᠰᠠᠨ ᠪᠠᠭᠠᠲᠤᠷ》 ᠨᠢ ᠦᠵᠡᠭ᠌ᠴᠢᠳ᠎ᠢ ᠦᠬᠦᠵᠦ᠍ ᠰᠡᠭᠡᠬᠦ᠌᠎ᠳᠦ ᠬᠣᠯᠪᠣᠭ᠍ᠳᠠᠭ᠍ᠰᠠᠨ ᠲᠦᠢᠮᠡᠷ᠎ᠦᠨ ᠲᠠᠯᠠᠪᠠᠢ᠎ᠳᠤ ᠬᠦᠳᠦᠯᠦᠨ ᠤᠷᠤᠭᠤᠯᠵᠤ᠂ ᠴᠡᠷᠢᠭ ᠠᠷᠠᠳ᠎ᠤᠨ ᠰᠡᠳᠭᠢᠯ ᠨᠢᠭᠡᠳᠦᠨ ᠭᠠᠯ ᠤᠨᠲᠠᠷᠠᠭᠠᠬᠰᠠᠨ ᠡᠷᠡᠯᠬᠡᠭ ᠪᠠᠭᠠᠲᠤᠷᠯᠢᠭ ᠵᠤᠷᠢᠭ ᠰᠠᠨᠠᠭ᠎ᠠ ᠵᠢ ᠮᠡᠳᠡᠷᠡᠬᠦᠯᠦᠯᠠ᠃
ᠨᠠᠷᠢᠨ ᠵᠦᠢᠯᠡᠰ᠎ᠤᠨ ᠢᠯᠡᠷᠡᠬᠦᠯᠤᠯ ᠵᠢᠨᠷ ᠤᠯᠠᠭᠠᠨᠮᠦ᠋ᠴᠢᠷ᠎ᠤᠨ ᠪᠤᠳᠠᠳᠤ ᠬᠦᠴᠦᠨ᠎ᠢ ᠬᠡᠷᠡᠴᠢᠯᠡᠯᠠ᠃ ᠲᠤᠰ ᠵᠦᠴᠤᠭᠡ᠎ᠨᠢ ᠤᠯᠠᠭᠠᠨᠮᠥ᠋ᠴᠢᠷ᠎ᠦᠨ ᠲᠠᠷᠤᠭ᠎ᠠ ᠦᠨᠡᠨ᠎ᠤ ᠲᠤᠬᠢᠶᠠᠯᠳᠤᠬᠰᠠᠨ ᠤᠴᠢᠷ ᠶᠠᠪᠤᠳᠠᠯ ᠵᠢᠡᠨ《ᠡᠳᠦᠷ᠎ᠦᠨ ᠲᠡᠮᠳᠡᠭ᠌ᠯᠡᠯ》᠎ᠤ᠋ᠨ ᠬᠡᠯᠪᠡᠷᠢ ᠪᠡᠷ ᠢᠯᠡᠳᠬᠡᠭᠰᠡᠨ ᠨᠢ ᠪᠦᠬᠦ᠌ ᠵᠦᠴᠦᠭᠡ᠎ᠶ᠋ᠢᠨ ᠨᠢᠭᠡᠨ ᠠᠮᠵᠢᠯᠳᠠ ᠭᠡᠵᠤ ᠬᠡᠯᠡᠵᠤ ᠪᠤᠯᠤᠨ᠎ᠠ᠃ ᠵᠦᠴᠤᠭᠡ᠎ᠳᠤ ᠤᠯᠠᠭᠠᠨᠮᠥ᠋ᠴᠢᠷ᠎ᠦᠨ ᠳᠠᠷᠤᠭ᠎ᠠ ᠦᠨᠡᠨ ᠡᠴᠡ ᠵᠦᠴᠤᠭᠡ ᠵᠢᠨ ᠨᠢᠭᠡ ᠦᠵᠡᠭᠳᠡᠯ ᠲᠠᠭᠤᠰᠬᠤ ᠪᠦᠷᠢ ᠡᠳᠤᠷ᠎ᠤᠨ ᠲᠡᠮᠳᠡᠭᠯᠡᠯ ᠪᠢᠴᠢᠬᠦ᠌ ᠳᠠᠳᠭᠠᠯ ᠨᠢ ᠠᠶᠠᠨ᠎ᠳᠠᠭᠠᠨ ᠦᠯᠢᠭᠡᠷ᠎ᠤᠨ ᠬᠣᠭᠣᠷᠣᠨᠳᠣᠬᠢ ᠱᠢᠯᠵᠢᠯᠲᠡᠪᠤᠯᠵᠤ᠂ ᠪᠦᠬᠦ᠌ ᠵᠦᠴᠦᠭᠡ᠎ᠶ᠋ᠢᠨ ᠪᠦᠲᠦᠴᠡ᠎ᠶ᠋ᠢ ᠨᠢᠭᠳᠠ ᠠᠪᠴᠠᠯᠳᠤᠭᠤᠯᠤᠭᠰᠠᠨ ᠪᠦᠭᠡᠳ ᠪᠠᠰᠠ ᠳᠦᠷᠢ᠎ᠶ᠋ᠢᠨ ᠳᠣᠲᠣᠭᠠᠳᠤ ᠰᠡᠳᠭᠢᠯ᠎ᠢ ᠢᠯᠡᠷᠡᠬᠦᠯᠬᠦ ᠳ᠋ᠤ ᠠᠶᠠᠳᠠᠢ ᠠᠷᠭ᠎ᠠ ᠪᠤᠯᠵᠠᠢ᠃ ᠡᠳᠡᠭᠡᠷ ᠡᠳᠦᠷ᠎ᠦᠨ ᠲᠡᠮᠳᠡᠭ᠌ᠯᠡᠯ᠎ᠦᠨ ᠠᠭᠤᠯᠭ᠎ᠠ ᠨᠤᠭᠤᠳ᠎ᠢ ᠬᠤᠯᠪᠤᠪᠠᠯ᠂ ᠲᠠᠷᠤᠢ ᠨᠢᠭᠡᠨ ᠪᠦᠷᠢᠨ ᠪᠦᠲᠦᠨ ᠬᠠᠢᠷ᠎ᠠ ᠰᠡᠳᠭᠢᠯᠭᠡ᠎ᠶ᠋ᠢᠨ ᠬᠥᠭ᠌ᠵᠢᠯᠲᠡ᠎ᠶ᠋ᠢᠨ ᠰᠦᠪᠡᠭ᠌ᠴᠢ᠎ᠶ᠋ᠢ ᠪᠦᠷᠢᠯᠳᠦᠭᠦᠯᠵᠦ᠍᠂ ᠦᠵᠡᠭ᠌ᠴᠢᠳ᠎ᠲᠦ ᠳᠦᠷᠢ᠎ᠶ᠋ᠢᠨ ᠳᠣᠲᠣᠭᠠᠳᠤ ᠰᠡᠳᠭᠢᠯ᠎ᠦᠨ ᠶᠢᠷᠲᠢᠨᠴᠦ᠍᠎ᠶ᠋ᠢ ᠨᠠᠩ ᠭᠦᠨᠵᠡᠭᠡᠶ ᠣᠢᠯᠠᠭᠠᠭᠤᠯᠪᠠ᠃ 《ᠲᠤᠷᠠᠨᠳᠠᠭᠤᠷ》᠎ᠢ᠋ ᠬᠡᠷᠡᠭ᠌ᠯᠡᠭ᠌ᠰᠡᠨ ᠨᠢ ᠪᠠᠰᠠ ᠬᠥᠮᠦᠰ᠎ᠲᠦ ᠮᠠᠰᠢ ᠭᠦᠨ ᠰᠠᠭᠤᠭ᠍ᠳᠠᠯ ᠦᠯᠡᠳᠡᠭᠡᠵᠡᠢ᠂ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢᠳ ᠡᠴᠡ ᠳᠡᠷᠡ ᠬᠦ᠌ ᠲᠤᠷᠠᠨ ᠵᠢᠨᠨ ᠤᠯᠠᠭᠠᠨᠮᠦ᠋ᠴᠢᠷ᠎ᠤᠨ ᠠᠬᠠᠮᠠᠳ ᠲᠠᠷᠤᠭ᠎ᠠ ᠴᠠᠭᠠᠨ (ᠦᠨᠡᠨ᠎ᠤ ᠠᠪᠤ) ᠳ᠋ᠤ ᠬᠦᠷᠭᠡᠬᠦ᠌ ᠦᠶ᠎ᠡ᠎ᠳᠦ᠂ ᠡᠨᠡ ᠬᠦ᠌ ᠦᠵᠡᠬᠦ᠌᠎ᠳᠦ ᠡᠪ ᠡᠩ᠎ᠦᠨ ᠪᠡᠯᠡᠭ ᠪᠤᠯᠪᠠᠴᠤ ᠲᠡᠭᠦᠨ᠎ᠦ ᠵᠤᠤ ᠰᠤᠮᠤᠨ ᠳᠠᠷᠤᠭ᠎ᠠ᠎ᠶ᠋ᠢ ᠭᠦᠨ᠎ᠡ ᠮᠥᠷᠥᠭᠡᠳᠦᠨ ᠰᠠᠨᠠᠭᠠᠯᠵᠠᠬᠤ ᠰᠡᠳᠭᠢᠯᠭᠡ᠎ᠶ᠋ᠢ ᠲᠥᠷᠥᠭ᠌ᠳᠡᠭᠦᠯᠦᠭᠰᠡᠨ ᠠᠵᠢ᠃ ᠬᠡᠷᠡᠭ ᠪᠣᠳᠠᠰ᠎ᠢᠶᠠᠷ ᠪᠤᠳᠤᠯ ᠰᠡᠳᠭᠢᠯᠭᠡ᠎ᠪᠡᠨ ᠢᠯᠡᠳᠭᠡᠬᠦ᠌ ᠪᠤᠯ ᠮᠠᠨᠠᠢᠬᠢᠨ᠎ᠤ ᠭᠤᠤ᠎ᠠ ᠲᠠᠭᠠᠱᠢᠶᠠᠯ᠎ᠤᠨ ᠳᠠᠳᠭᠠᠯ᠎ᠳᠤ ᠨᠡᠢᠴᠡᠬᠦ᠌ ᠮᠥᠷᠲᠡᠭᠡᠨ ᠬᠠᠢᠷ᠎ᠠ ᠰᠡᠳᠭᠢᠯᠭᠡ᠎ᠪᠡᠨ ᠱᠢᠭᠤᠳ ᠢᠯᠡᠷᠡᠭᠦᠯᠬᠦ᠌᠎ᠡᠴᠡ ᠵᠠᠢᠯᠠᠰᠭᠢᠵᠦ᠍᠂ ᠵᠣᠬᠢᠶᠠᠨ ᠪᠦᠲᠦᠭᠡᠭ᠌ᠴᠢ᠎ᠶ᠋ᠢᠨ ᠭᠦᠨ ᠵᠤᠵᠠᠭᠠᠨ ᠤᠷᠠᠯᠢᠭ᠎ᠤᠨ ᠴᠢᠳᠠᠪᠤᠷᠢ᠎ᠶ᠋ᠢ ᠢᠯᠡᠷᠡᠭᠦᠯᠦᠭ᠌ᠰᠡᠨ ᠪᠠᠢᠨ᠎ᠠ᠃
《ᠨᠠᠨᠳᠢᠨ ᠰᠡᠳᠭᠢᠯ᠎ᠤᠨ ᠬᠡᠯᠬᠢᠶ᠎ᠠ》 ᠵᠢᠨ ᠠᠮᠵᠢᠯᠲᠠ ᠳ᠋ᠤ ᠬᠦᠷᠦᠭᠰᠡᠨ ᠨᠢ ᠤᠷᠠᠯᠢᠭ᠎ᠤᠨ ᠬᠢᠨᠢ ᠭᠤᠢᠳᠠ ᠢᠯᠡᠷᠡᠬᠦᠯᠦᠯ ᠲᠡᠳᠦᠶ ᠪᠢᠰᠢ᠂ ᠨᠡᠩ ᠴᠤ᠌ ᠳᠡᠬᠦᠨ᠎ᠤ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠭ᠍ᠰᠠᠨ᠎ᠳᠤ ᠪᠤᠢ᠃ ᠣᠳᠣᠬᠠᠠᠤ ᠴᠠᠭ ᠦᠶ᠎ᠡ᠎ᠳᠦ᠂ ᠤᠳᠭ᠎ᠠ ᠤᠷᠠᠯᠢᠭ᠎ᠤᠨ ᠪᠦᠲᠦᠭᠡᠯ ᠨᠢ ᠴᠠᠭ ᠦᠶ᠎ᠡ᠎ᠶ᠋ᠢ ᠲᠡᠮᠳᠡᠭ᠌ᠯᠡᠬᠦ᠌᠂ ᠠᠷᠠᠳ ᠲᠦᠮᠡᠨ᠎ᠦ ᠰᠡᠳᠭᠢᠯ᠎ᠦᠨ ᠳᠠᠭᠤᠨ᠎ᠢ ᠲᠤᠰᠭᠠᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ 《ᠨᠠᠨᠳᠢᠨ ᠰᠡᠳᠭᠢᠯ᠎ᠤᠨ ᠬᠡᠯᠬᠢᠶ᠎ᠠ》 ᠨᠢ ᠤᠯᠠᠭᠠᠨᠮᠥ᠋ᠴᠢᠷ ᠪᠣᠯᠤᠨ ᠬᠢᠯᠢ ᠵᠢᠨ ᠪᠠᠢᠯᠳᠤᠭ᠍ᠴᠢᠳ᠎ᠤᠨ ᠦᠯᠢᠭᠡᠷ᠎ᠢᠶᠡᠷ ᠦᠨᠳᠦᠰᠦᠯᠡᠯ ᠪᠣᠯᠭᠠᠵᠤ᠂ 《ᠴᠡᠷᠢᠭ ᠠᠷᠠᠳ᠎ᠤᠨ ᠨᠢᠬᠡ ᠬᠡᠷ᠎ᠤᠨ ᠬᠦᠮᠦᠰ ᠰᠢᠭ ᠪᠦᠯᠬᠦᠮᠳᠡᠯ》 ᠤ᠋ᠨ ᠭᠦᠨᠵᠡᠭᠡᠢ ᠠᠭᠤᠯᠤᠭ᠍ᠳᠠᠬᠤᠨ᠎ᠢ ᠠᠮᠢᠳᠤᠯᠢᠭ᠎ᠢᠶᠠᠷ ᠲᠠᠢᠯᠪᠤᠷᠢᠯᠠᠵᠤ᠂ ᠱᠢᠨ᠎ᠡ ᠴᠠᠭ ᠦᠶ᠎ᠡ᠎ᠶ᠋ᠢᠨ ᠴᠡᠷᠢᠭ ᠠᠷᠠᠳ ᠭᠠᠷ ᠭᠠᠷ ᠵᠢᠨᠨ ᠬᠣᠯᠪᠣᠯᠴᠠᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠬᠠᠮᠲᠤ᠎ᠪᠠᠷ ᠴᠣᠭ᠍ᠴᠠᠯᠠᠬᠤ ᠡᠷᠡᠰ ᠪᠠᠲᠤ ᠵᠣᠷᠢᠭ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠡᠬᠡ ᠤᠯᠤᠰ᠎ᠤᠨ ᠤᠮᠠᠷᠠᠲᠤ ᠬᠢᠯᠢ᠎ᠳᠦ ᠡᠢᠮᠦ᠍ ᠨᠢᠭᠡ ᠪᠦᠯᠦᠭ ᠬᠥᠮᠦᠰ ᠪᠣᠶ᠂ ᠲᠠᠳᠠ ᠬᠢᠯᠢ ᠬᠢᠵᠠᠭᠠᠷ ᠣᠷᠣᠨ᠎ᠳᠤ ᠦᠨᠳᠦᠰᠦ ᠬᠠᠳᠭᠤᠨ ᠂ ᠦᠭᠡ ᠲᠠᠭᠤᠨ ᠥᠬᠡᠶ᠎ᠪᠡᠷ ᠬᠤᠪᠢ ᠨᠡᠮᠡᠷᠢ ᠦᠵᠡᠭᠦᠯᠵᠦ᠍᠂ ᠵᠠᠯᠠᠭᠤ ᠨᠠᠰᠤ ᠪᠠ ᠪᠦᠯᠢᠶᠡᠨ ᠴᠢᠰᠤ᠎ᠪᠠᠷ᠎ᠢᠶᠠᠨ ᠡᠬᠡ ᠤᠯᠤᠰ᠎ᠤᠨ᠎ᠢᠶᠠᠨ ᠠᠮᠤᠷ ᠠᠮᠤᠭᠤᠯᠠᠩ ᠪᠠ ᠠᠷᠠᠳ ᠲᠦᠮᠡᠨ᠎ᠦ ᠵᠣᠯ ᠵᠢᠷᠭᠠᠯ᠎ᠢ ᠰᠠᠬᠢᠨ ᠬᠠᠮᠠᠭᠠᠯᠠᠵᠤ ᠪᠤᠢ ᠭᠡᠳᠡᠭ᠎ᠢ ᠪᠢᠳᠡᠨ᠎ᠳᠦ ᠬᠠᠷᠠᠭᠤᠯᠵᠤ ᠪᠠᠢᠨ᠎ᠠ᠃ ᠡᠨᠡ ᠬᠦ᠌ ᠵᠣᠷᠢᠭ ᠰᠠᠨᠠᠭ᠎ᠠ ᠨᠢ ᠶᠠᠭ ᠮᠠᠨ᠎ᠤ ᠡᠨᠡ ᠴᠠᠭ ᠦᠶ᠎ᠡ᠎ᠳᠦ ᠱᠠᠭᠠᠷᠳᠠᠭ᠍ᠳᠠᠬᠤ ᠪᠥᠭᠡᠳ ᠤᠳᠭ᠎ᠠ ᠤᠷᠠᠯᠢᠭ᠎ᠤᠨ ᠪᠦᠲᠦᠭᠡᠯ᠎ᠳᠦ ᠪᠠᠳᠠᠷᠠᠭᠤᠯᠪᠠᠯ ᠵᠣᠬᠢᠬᠤ ᠵᠦᠢᠯ ᠪᠢᠯᠡ᠃
《ᠨᠠᠨᠳᠢᠨ ᠰᠡᠳᠭᠢᠯ᠎ᠤᠨ ᠬᠡᠯᠬᠢᠶ᠎ᠠ》 ᠪᠣᠯ ᠭᠦᠨ ᠭᠦᠨᠵᠡᠭᠡᠶ ᠦᠵᠡᠯ ᠰᠠᠨᠠᠭᠠᠨ᠎ᠤ ᠠᠭᠤᠯᠬᠤᠨ ᠪᠠ ᠭᠤᠢᠳᠠ ᠰᠠᠢᠬᠠᠨ ᠤᠷᠠᠯᠢᠭ᠎ᠤᠨ ᠦᠨᠦᠷ ᠠᠮᠳᠠ᠎ᠲᠠᠶ ᠳᠠᠭᠤᠤ ᠪᠥᠵᠢᠭ᠌ᠲᠦ ᠵᠦᠴᠦᠭᠡ ᠪᠤᠯᠤᠨ᠎ᠠ᠃ ᠲᠡᠷᠡ ᠨᠢ ᠪᠠᠭ᠎ᠠ᠎ᠪᠠᠷ ᠶᠡᠬᠡ᠎ᠶ᠋ᠢ ᠬᠠᠷᠠᠭᠤᠯᠵᠤ᠂ ᠡᠭᠡᠯ ᠵᠢᠷ᠎ᠦᠨ ᠦᠯᠢᠭᠡᠷ᠎ᠢᠶᠡᠷ ᠴᠠᠭ ᠦᠶ᠎ᠡ᠎ᠶ᠋ᠢᠨ ᠠᠭᠤᠤ ᠶᠡᠬᠡ ᠵᠣᠷᠢᠭ ᠰᠠᠨᠠᠭ᠎ᠠ᠎ᠶ᠋ᠢ ᠢᠯᠡᠷᠡᠭᠦᠯᠪᠡ; ᠡᠭᠡᠯ ᠪᠣᠷᠣᠭ᠍ᠵᠢᠭᠤᠨ ᠰᠡᠳᠭᠢᠯᠭᠡ ᠪᠠ ᠤᠷᠠᠨ ᠨᠠᠷᠢᠯᠢᠭ ᠤᠷᠠᠯᠢᠭ᠎ᠢᠶᠠᠷ᠎ᠢᠶᠠᠨ ᠦᠵᠡᠭ᠌ᠴᠢᠳ᠎ᠦᠨ ᠰᠡᠳᠭᠢᠯ᠎ᠢ ᠳᠣᠭ᠍ᠳᠣᠯᠤᠭᠤᠯᠤᠯᠠ᠃ ᠡᠨᠡ ᠬᠦ᠌ ᠦᠢᠮᠡᠭᠡᠨ ᠳᠡᠪᠵᠢᠶᠡᠨ ᠪᠦᠬᠦᠢ ᠬᠦᠪᠰᠦᠵᠤ ᠬᠦᠭᠡᠷᠦᠭᠰᠡᠨ ᠴᠠᠭ ᠦᠶ᠎ᠡ᠎ᠳᠦ᠂ 《ᠨᠠᠨᠳᠢᠨ ᠰᠡᠳᠭᠢᠯ᠎ᠤᠨ ᠬᠡᠯᠬᠢᠶ᠎ᠠ》 ᠨᠢ ᠲᠤᠩᠭᠠᠯᠠᠭ ᠪᠤᠯᠠᠭ ᠮᠡᠳᠦ ᠬᠥᠮᠦᠰ᠎ᠦᠨ ᠰᠡᠳᠭᠢᠯ᠎ᠳᠦ ᠤᠷᠤᠰ᠎ᠤᠨ᠂ ᠪᠢᠳᠡᠨ᠎ᠳᠦ ᠴᠢᠩ ᠰᠡᠳᠭᠢᠯ᠎ᠦᠨ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢ ᠮᠡᠳᠡᠷᠡᠭᠦᠯᠪᠡ᠃ ᠲᠡᠷᠡ ᠨᠢ ᠵᠦᠪᠬᠡᠨ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠨᠢᠭᠡ ᠤᠳᠠᠭᠠᠨ᠎ᠤ ᠤᠷᠠᠯᠢᠭ᠎ᠤᠨ ᠰᠢᠨᠡᠴᠢᠯᠡᠯᠳᠠ ᠪᠠ ᠱᠢᠪᠲᠤᠯᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠱᠢᠨ᠎ᠡ ᠴᠠᠭ ᠦᠶ᠎ᠡ᠎ᠶ᠋ᠢᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠨᠢᠭᠡ ᠤᠳᠠᠭᠠᠨ᠎ᠤ ᠠᠮᠢᠳᠤᠯᠢᠭ ᠦᠶ᠋ᠯᠡᠳᠦᠯᠭᠡ ᠪᠠ ᠠᠱᠢᠭ᠍ᠲᠠᠶ ᠰᠥᠪᠡᠭ᠌ᠴᠢᠯᠡᠯᠲᠡ ᠪᠣᠯᠬᠤ ᠶᠤᠮ᠃ ᠡᠨᠡ ᠬᠦ᠌ ᠪᠦᠲᠦᠭᠡᠯ ᠨᠢ ᠤᠳᠭ᠎ᠠ ᠤᠷᠠᠯᠢᠭ᠎ᠤᠨ ᠲᠠᠪᠴᠠᠩ ᠳᠡᠭᠡᠷ᠎ᠡ ᠨᠡᠩ ᠬᠤᠷᠴᠠ ᠭᠡᠷᠡᠯ ᠭᠢᠯᠪᠠᠭ᠎ᠠ ᠰᠠᠴᠤᠷᠠᠭᠤᠯᠵᠤ᠂ ᠨᠡᠩ ᠤᠯᠠᠨ ᠬᠥᠮᠦᠰ᠎ᠢ ᠵᠣᠷᠢᠭ᠍ᠵᠢᠭᠤᠯᠵᠤ ᠡᠬᠡ ᠤᠯᠤᠰ᠎ᠤᠨ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠳᠦ ᠣᠷᠣᠯᠴᠠᠭᠤᠯᠤᠨ᠎ᠠ ᠭᠡᠳᠡᠭ ᠲᠸ᠋ ᠪᠠᠳᠤ ᠢᠲᠡᠭᠡᠯ ᠳᠠᠢ ᠪᠠᠢᠨ᠎ᠠ᠃