《ᠭᠤᠷᠪᠠᠨ ᠵᠦᠢᠯ ᠤ᠋ᠨ ᠲᠦᠯᠤᠪᠯᠡᠬᠡ 》 ᠵᠢᠨ ᠤᠯᠤᠰ ᠤ᠋ᠨ ᠲᠤᠷᠰᠢᠯᠲᠠ ᠵᠢᠨ ᠴᠡᠭ ᠤ᠋ᠨ ᠲᠦᠷᠦᠯ ᠵᠦᠢᠯ ᠤ᠋ᠨ ᠦᠢᠯᠡᠲᠤᠯᠬᠡ ᠵᠢᠨ ᠲᠤᠬᠠᠢ ᠠᠵᠢᠭᠯᠠᠯᠲᠠ ③ᠦᠵᠡᠮᠵᠢ᠎ᠶ᠋ᠢᠨ ᠭᠤᠤ᠎ᠠ ᠰᠠᠢᠬᠠᠨ ᠪᠠ ᠪᠦᠯᠬᠦᠮᠳᠡᠯ᠎ᠦᠨ ᠭᠤᠤ᠎ᠠ ᠰᠠᠢᠬᠠᠨ᠎ᠢ ᠠᠭᠤᠰᠤᠯᠴᠠᠭᠤᠯᠤᠨ ᠵᠢᠷᠤᠭᠯᠠᠨ᠎ᠠ
2025-10-16 10:30:32
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

— ᠷᠠᠱᠢᠶᠠᠨ ᠎ᠤ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ᠎ᠢ ᠲᠡᠮᠳᠡᠭᠯᠡᠪᠡ

  

 ᠠᠯᠳᠠᠨ ᠨᠠᠮᠤᠷ ᠎ᠤᠨ ᠶᠡᠬᠡ ᠬᠢᠩᠭᠠᠨ ᠳᠠᠪᠠᠭ᠎ᠠ᠎ᠶ᠋ᠢᠨ ᠥᠷᠥᠴᠡᠨ᠎ᠳᠦ ᠷᠠᠱᠢᠶᠠᠨ᠎ᠤ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ ᠨᠢᠭᠡ ᠵᠢᠯ᠎ᠦᠨ ᠳᠣᠲᠣᠷᠠᠬᠢ ᠬᠠᠮᠤᠭ᠎ᠤᠨ ᠭᠤᠶᠤ ᠰᠠᠢᠬᠠᠨ ᠴᠠᠭ ᠮᠥᠴᠡ᠎ᠪᠡᠨ ᠤᠭ᠍ᠲᠤᠨ ᠠᠪᠤᠯ᠎ᠠ᠃ ᠠᠭᠤᠯᠠ ᠲᠠᠯ᠎ᠠ ᠳᠦᠭᠦᠷᠡᠩ ᠣᠶ ᠮᠣᠳᠣ ᠠᠯᠲᠠᠨ ᠱᠢᠷᠭᠠᠯ ᠥᠩᠭᠡ ᠪᠡᠷ ᠴᠢᠮᠡᠭ᠌ᠯᠡᠭ᠌ᠳᠡᠵᠦ᠍᠂ ᠬᠤᠰᠤᠨ ᠣᠶ ᠮᠥᠩᠭᠥᠨ ᠪᠦᠰᠡ ᠮᠡᠲᠦ ᠰᠦᠯᠵᠢᠯᠳᠦᠵᠦ᠍᠂ ᠲᠠᠮᠠᠬᠡᠲᠤ ᠬᠠᠢᠷᠬᠠᠨ ᠲᠢᠶᠠᠨ ᠤ᠋ᠤᠢ ᠨᠠᠭᠤᠷ᠎ᠲᠤ ᠬᠥᠬᠡ ᠲᠩᠷᠢ ᠴᠠᠭᠠᠨ ᠡᠭᠦᠯᠡ ᠵᠢᠰᠤ ᠪᠠᠨ ᠲᠤᠯᠢᠲᠠᠨ᠂ ᠮᠣᠳᠣᠨ  ᠵᠠᠮ ᠎ᠤᠨ ᠬᠠᠵᠠᠭᠤ᠎ᠳᠠᠬᠢ ᠬᠡᠭᠡᠷ᠎ᠡ᠎ᠶ᠋ᠢᠨ ᠭᠦᠵᠡᠯᠵᠡᠭᠡᠨ᠎ᠡ᠂ ᠬᠥᠬᠡ ᠭᠦᠵᠡᠯᠵᠡᠭᠡᠨ᠎ᠡ ᠢᠭ᠍ᠴᠤ ᠤᠢ ᠵᠢ ᠴᠢᠮᠡᠵᠦ᠍᠂ ᠵᠢᠭᠤᠯᠴᠢᠯᠠᠭᠰᠠᠳ᠎ᠤᠨ ᠬᠠᠷᠠᠭ᠎ᠠ᠎ᠶᠢ ᠪᠠᠶᠠᠰᠬᠠᠨ᠂ ᠰᠡᠳᠬᠢᠯ᠎ᠢ ᠰᠤᠭᠲᠤᠭᠤᠷᠠᠭᠤᠯᠤᠨ᠎ᠠ ᠁᠃


QQ20251016-102420.png

 

ᠤᠯᠤᠰ᠎ᠤᠨ ᠪᠠᠶᠠᠷ᠎ᠤᠨ ᠬᠤᠭᠤᠴᠠᠭᠠᠨ ᠎ᠳᠡᠬᠢ ᠵᠢᠭᠤᠯᠴᠢᠯᠠᠭᠰᠠᠳ


ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ ᠎ᠤᠨ ᠠᠮᠠᠷᠠᠯᠲᠠ ᠵᠢᠨ ᠬᠤᠭᠤᠴᠠᠭᠠᠨ ᠳ᠋ᠤ ᠡᠨᠳᠡᠬᠢ ᠵᠣᠴᠢᠳ᠎ᠤᠨ ᠪᠠᠭᠤᠳᠠᠯ᠎ᠤᠨ ᠵᠠᠬᠢᠶᠠᠯᠠᠭ᠎ᠠ᠂ ᠦᠵᠡᠮᠵᠢ᠎ᠶ᠋ᠢᠨ ᠣᠷᠣᠨ᠎ᠤ ᠪᠣᠯᠵᠣᠭ᠎ᠠ ᠤᠷᠢᠳ ᠪᠠᠢᠭ᠎ᠠ ᠦᠭᠡᠢ  ᠬᠥᠭ᠌ᠵᠢᠶᠡᠨᠲᠡᠶ ᠪᠤᠯᠤᠯ᠎ᠠ᠃ 《ᠪᠠᠢᠭᠠᠯᠢ ᠵᠢᠨ ᠠᠭᠠᠷ ᠲᠤᠬᠢᠷᠠᠭᠤᠯᠤᠭᠴᠢ ᠵᠢᠨ ᠤᠷᠤᠨ》 ᠬᠡᠮᠡᠭᠳᠡᠭᠰᠠᠨ ᠷᠠᠱᠢᠶᠠᠨ᠎ᠤ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ ᠨᠢ ᠪᠦᠬᠦ ᠤᠯᠤᠰ ᠤ᠋ᠨ ᠡᠯ᠎ᠠ ᠭᠠᠵᠠᠷ ᠤ᠋ᠨ ᠵᠢᠭᠤᠯᠴᠢᠯᠠᠭᠰᠠᠳ ᠤ᠋ᠨ ᠬᠠᠯᠠᠮᠱᠢᠯ ᠭᠠᠵᠠᠷ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠭᠤᠷᠪᠠᠨ ᠵᠤᠢᠯ ᠤ᠋ᠨ ᠲᠥᠯᠥᠪᠯᠡᠭᠡ》 ᠶ᠋ᠢᠨ ᠲᠤᠷᠱᠢᠯᠲᠠ ᠵᠢᠨ ᠴᠡᠭ ᠪᠤᠯᠤᠭᠰᠠᠨ ᠠᠵᠠ ᠲᠣᠬᠢᠶᠠᠯ ᠎ᠢ᠋ ᠠᠮᠵᠢᠨ  ᠵᠢᠭᠤᠯᠴᠢᠯᠠᠯ᠎ᠢᠶᠡᠷ ᠲᠤᠮᠲᠠᠲᠤ ᠵᠢᠨ ᠦᠨᠲᠤᠰᠤᠲᠠᠨ ᠤ᠋ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠠᠴᠢᠶᠠᠯᠠᠪᠤᠷᠢ ᠪᠤᠯᠭᠠᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠤᠨ ᠬᠤᠯᠪᠤᠭᠠᠰᠤ᠎ᠶ᠋ᠢ ᠴᠢᠩᠭᠠᠳᠬᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠵᠡᠮᠵᠢᠲᠤ ᠰᠠᠢᠬᠠᠨ ᠵᠢᠷᠤᠭ᠎ᠢ ᠨᠢᠲᠤᠨ ᠳ᠋ᠤ ᠦᠵᠡᠭᠲᠠᠮ᠎ᠠ᠂ ᠭᠠᠷ ᠲᠸ᠋ ᠪᠠᠷᠢᠭᠲᠠᠮ᠎ᠠ᠂ ᠰᠡᠳᠬᠢᠯ ᠳ᠋ᠤ ᠰᠠᠭᠤᠭᠲᠠᠮ᠎ᠠ ᠵᠢᠷᠤᠭᠯᠠᠨ᠎ᠠ᠃

ᠰᠣᠶᠣᠯ᠎ᠤᠨ ᠤᠤᠷ ᠲᠤᠨᠳᠠᠰᠤ ᠵᠢ ᠭᠦᠨᠵᠡᠭᠡᠢ ᠠᠭᠤᠳᠠᠯᠵᠤ  ᠪᠦᠯᠬᠦᠮᠲᠠᠯ ᠤ᠋ᠨ ᠦᠯᠢᠭᠡᠷ ᠎ᠢ  ᠰᠠᠢᠳᠤᠷ ᠶᠠᠷᠢᠨ᠎ᠠ

  《ᠲᠠ ᠨᠠᠷ ᠡᠨᠡ ᠮᠣᠳᠣᠨ ᠵᠠᠮ᠎ᠢ ᠦᠵᠡᠬᠡᠷᠠᠢ!   ᠤᠤᠯ ᠨᠢ ᠡᠨᠡ ᠵᠠᠮ  ᠣᠷᠴᠣᠨ ᠦᠨᠳᠦᠰᠦᠲᠡᠨ᠎ᠦ ᠠᠬ᠎ᠠ ᠳᠡᠭᠦᠦ᠍᠎ᠨᠡᠷ᠎ᠤᠨ ᠠᠩ ᠠᠩᠨᠠᠯ᠎ᠤᠨ ᠵᠠᠮ ᠪᠠᠢᠭᠰᠠᠨ ᠶᠤᠮ᠂ ᠬᠣᠵᠢᠮ᠎ᠨᠢ ᠦᠵᠡᠮᠵᠢ᠎ᠶ᠋ᠢᠨ ᠣᠷᠣᠨ᠎ᠢ ᠨᠡᠭᠡᠭᠡᠨ ᠬᠥᠭ᠌ᠵᠢᠭᠦᠯᠬᠦ᠌ ᠦᠶ᠎ᠡ᠎ᠳᠦ ᠲᠤᠰᠬᠠᠢᠯᠠᠨ ᠲᠡᠳᠡᠨ᠎ᠤ ᠤᠯᠠ ᠮᠦᠷ᠎ᠢ᠎ᠨᠢ ᠳᠠᠭᠠᠵᠤ ᠪᠠᠢᠭᠤᠯᠵᠠᠢ᠂ ᠡᠨᠡ ᠨᠢ ᠴᠥᠭᠡᠨ ᠲᠣᠭᠠᠲᠤ ᠦᠨᠳᠦᠰᠦᠲᠡᠨ ᠤ᠋ ᠠᠬ᠎ᠠ ᠲᠠᠬᠦᠤ ᠨᠠᠷ ᠤ᠋ᠨ ᠡᠬᠡ ᠪᠠᠢᠭᠠᠯᠢ ᠠᠭᠤᠯᠠ ᠲᠠᠢᠭ᠎ᠠ᠎ᠲᠠᠶ ᠪᠠᠨ ᠬᠠᠮᠲᠤ ᠣᠷᠣᠱᠢᠠ ᠠᠮᠢᠲᠤᠷᠠᠬᠤ ᠣᠶᠤᠨ ᠤᠬᠠᠭᠠᠨ᠎ᠢ᠎ᠢᠯᠡᠷᠠᠬᠦᠯᠬᠦ ᠵᠢᠨ ᠲᠦᠯᠤᠬᠡ ᠶᠤᠮ ᠁》 ᠭᠡᠵᠦ ᠲᠡᠮᠡᠭᠡᠲᠦ ᠬᠠᠢᠷᠬᠠᠨ ᠲᠢᠶᠠᠨ ᡂᠢ ᠨᠠᠭᠤᠷ ᠤ᠋ᠨ ᠦᠵᠡᠮᠵᠢ᠎ᠶ᠋ᠢᠨ ᠣᠷᠣᠨ᠎ᠤ ᠵᠢᠭᠤᠯᠴᠢᠯᠠᠯ ᠤ᠋ᠨ ᠬᠦᠲᠤᠴᠢ ᠱᠠᠩᠬᠠᠢ᠎ᠠᠴᠠ ᠢᠷᠡᠭ᠌ᠰᠡᠨ ᠵᠢᠭᠤᠯᠴᠢᠯᠠᠯ᠎ᠤᠨ ᠪᠦᠯᠬᠦᠮ᠎ᠳᠦ ᠲᠤᠬᠠᠢ ᠵᠢᠨ ᠭᠠᠵᠠᠷ ᠤᠷᠤᠨ᠎ᠤ ᠦᠨᠲᠤᠰᠤᠲᠠᠨ ᠨᠤᠬᠦᠳ ᠤ᠋ᠨ ᠠᠭᠤᠰᠤᠯᠴᠠᠯ ᠬᠦᠭᠵᠢᠯᠲᠠ ᠵᠢᠨ  ᠦᠯᠢᠬᠡᠷ᠎ᠢ ᠲᠠᠨᠢᠯᠴᠠᠭᠤᠯᠤᠨ᠎ᠠ᠃ 2023 ᠣᠨ᠎ᠳᠤ ᠪᠥᠬᠥ᠌ ᠤᠯᠤᠰ᠎ᠤᠨ《ᠭᠤᠷᠪᠠᠨ ᠵᠤᠢᠯ ᠤ᠋ᠨ ᠲᠥᠯᠥᠪᠯᠡᠭᠡ》 ᠶ᠋ᠢᠨ ᠲᠤᠷᠱᠢᠯᠲᠠ᠎ᠶ᠋ᠢᠨ ᠴᠡᠭ ᠤ᠋ᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠵᠢᠡᠷ ᠰᠣᠩᠭᠣᠭ᠍ᠳᠠᠭ᠍ᠰᠠᠨ᠎ᠠᠴᠠ ᠨᠠᠭᠠᠰᠢ  ᠷᠠᠱᠢᠶᠠᠨ᠎ᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠎ᠤᠨ ᠬᠢᠨ 《ᠦᠨᠳᠦᠰᠦᠲᠡᠨ ᠤ᠋ ᠪᠦᠯᠬᠦᠮᠲᠠᠯ ᠤ᠋ᠨ ᠥᠯᠢᠭᠡᠷ᠎ᠢ ᠰᠠᠢᠲᠤᠷ ᠶᠠᠷᠢᠬᠤ》 ᠪᠠᠷ ᠭᠤᠤᠯ ᠡᠭᠦᠷᠭᠡ᠎ᠪᠡᠨ ᠪᠣᠯᠭᠠᠵᠤ᠂ ᠲᠤᠰᠭᠠᠶ ᠮᠡᠷᠭᠡᠵᠢᠯ᠎ᠦᠨ ᠪᠦᠯᠬᠦᠮ ᠎ᠢ ᠵᠣᠬᠢᠶᠠᠨ ᠪᠠᠢᠭᠤᠯᠵᠤ ᠡᠷᠭᠢᠨ ᠲᠣᠭᠣᠷᠢᠨ ᠳ᠋ᠡᠬᠢ ᠣᠷᠴᠣᠨ᠂ ᠡᠸᠡᠩᠬᠢ᠂ ᠳᠠᠭᠤᠷ ᠵᠡᠷᠭᠡ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠲᠸ᠋ ᠬᠦᠨᠵᠡᠬᠡᠢ ᠰᠤᠷᠪᠤᠯᠵᠢᠯᠠᠭ᠎ᠠ ᠬᠢᠵᠤ᠂ 《ᠱᠢᠭᠤᠢᠲᠤ ᠣᠷᠣᠨ᠎ᠢ ᠨᠡᠭᠡᠭᠡᠨ ᠬᠥᠭ᠌ᠵᠢᠭᠦᠯᠬᠦ᠌ ᠬᠤᠭᠤᠴᠠᠭᠠᠨ᠎ᠳᠤ ᠦᠨᠳᠦᠰᠦᠲᠡᠨ᠎ᠨᠦᠭᠦᠳ᠎ᠦᠨ ᠠᠵᠢᠯᠳᠠᠨ ᠠᠵᠢᠯᠴᠢᠳ ᠭᠠᠷ ᠬᠣᠯᠪᠣᠨ ᠵᠠᠮ ᠳᠡᠪᠢᠰᠦᠭ᠌ᠰᠡᠨ》᠂  《 ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠦ ᠳᠠᠷᠠᠭᠠᠬᠢ ᠴᠥᠭᠡᠨ ᠲᠣᠭᠠᠲᠤ ᠦᠨᠳᠦᠰᠦᠲᠡᠨ᠎ᠦ ᠭᠠᠷ ᠤᠷᠠᠯᠠᠯ ᠬᠢᠭᠡᠳ ᠵᠢᠭᠤᠯᠴᠢᠯᠠᠯ᠎ᠤᠨ ᠠᠵᠤ ᠦᠢᠯᠡᠰ᠎ᠦᠨ ᠠᠭᠤᠰᠤᠯᠴᠠᠯ》 ᠵᠡᠷᠭᠡ 20 ᠭᠠᠷᠤᠶ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠶ᠋ᠢ ᠠᠭᠤᠳᠠᠯᠤᠨ ᠡᠮᠬᠢᠯᠡᠵᠤ᠂ ᠦᠵᠡᠮᠵᠢ᠎ᠶ᠋ᠢᠨ ᠣᠷᠣᠨ᠎ᠤ  ᠦᠵᠡᠭᠦᠯᠭᠡ᠎ᠶ᠋ᠢᠨ ᠰᠠᠮᠪᠠᠷ᠎ᠠ ᠳ᠋ᠤ ᠤᠬᠠᠭᠤᠯᠵᠤ᠂ ᠦᠵᠡᠭ᠌ᠳᠡᠯᠲᠦ ᠵᠦᠴᠦᠭᠡ ᠪᠡᠷ ᠢᠯᠡᠷᠡᠬᠦᠯᠵᠦ ᠪᠤᠢ ᠃


QQ20251016-102437.png

  

ᠡᠨᠡ ᠵᠢᠯ 72 ᠨᠠᠰᠤᠲᠠᠶ ᠣᠷᠴᠣᠨ ᠨᠠᠰᠤᠲᠠᠨ ᠮᠸᠩ ᠱᠸ᠋ ᠴᠢᠨ ᠪᠣᠯ ᠦᠵᠡᠮᠵᠢ᠎ᠶ᠋ᠢᠨ ᠣᠷᠣᠨ ᠤ᠋《ᠣᠨᠴᠠ ᠤᠷᠢᠭ᠍ᠰᠠᠨ ᠲᠠᠢᠯᠪᠤᠷᠢᠯᠠᠭ᠍ᠴᠢ》ᠪᠣᠯᠤᠨ᠎ᠠ᠂ ᠲᠡᠷᠡ ᠦᠷᠭᠦᠯᠵᠢ ᠵᠢᠭᠤᠯᠴᠢᠯᠠᠭ᠍ᠰᠠᠳ᠎ᠢ ᠳᠠᠭᠠᠭᠤᠯᠤᠨ《ᠠᠩᠴᠢᠨ᠎ᠤ ᠱᠢᠨ᠎ᠡ ᠠᠮᠢᠳᠤᠷᠠᠯ》ᠤ᠋ᠨ ᠦᠵᠡᠭᠦᠯᠭᠡ᠎ᠶ᠋ᠢᠨ ᠲᠣᠭᠣᠷᠢᠭ᠎ᠲᠤ ᠬᠦᠷᠴᠦ᠍᠂ ᠪᠣᠷᠣ ᠭᠥᠷᠥᠭᠡᠰᠦᠨ᠎ᠤ ᠠᠷᠠᠰᠤᠨ ᠬᠤᠪᠴᠠᠰᠤ ᠵᠠᠰᠠᠯ᠂ ᠬᠤᠰᠤ ᠮᠤᠳᠤᠨ ᠰᠠᠪᠠ ᠬᠡᠷᠡᠭ᠌ᠰᠡᠯ᠎ᠦᠳ᠎ᠢ ᠵᠢᠭᠠᠵᠤ᠄ 《ᠥᠩᠭᠡᠷᠡᠭ᠌ᠰᠡᠨ᠎ᠳᠦ ᠪᠢᠳᠡ ᠠᠪᠠ ᠠᠩᠨᠠᠨ ᠠᠮᠢᠳᠤᠷᠠᠵᠤ ᠪᠠᠢᠵᠠᠶ᠂ ᠰᠡᠭᠦᠯᠡᠷ ᠨᠢ ᠤᠯᠤᠰ᠎ᠠᠴᠠ ᠨᠤᠲᠤᠭ᠍ᠰᠢᠨ ᠰᠠᠭᠤᠬᠤ᠎ᠶ᠋ᠢ ᠤᠷᠢᠶᠠᠯᠠᠵᠤ᠂ ᠬᠢᠲᠠᠳ᠂ ᠮᠣᠩᠭᠣᠯ ᠦᠨᠳᠦᠰᠦᠲᠡᠨ᠎ᠦ ᠺᠠᠳ᠋ᠷᠴᠤᠳ ᠪᠢᠳᠡᠨ᠎ᠢ ᠬᠠᠪᠰᠤᠷᠤᠨ ᠬᠡᠷ ᠪᠠᠢᠱᠢᠩ ᠪᠠᠷᠢᠵᠤ ᠦᠭᠴᠠᠢ᠂ ᠣᠲᠣᠬᠠᠨ ᠳ᠋ᠤ ᠮᠢᠨᠦ᠍ ᠣᠮᠪᠣᠯᠣ ᠪᠠᠰᠠ ᠬᠢᠲᠠᠳ ᠦᠨᠳᠦᠰᠦᠲᠡᠨ᠎ᠦ  ᠪᠡᠷᠢ ᠪᠠᠭᠤᠯᠭᠠᠵᠤ᠂  ᠪᠠᠶᠠᠷ ᠲᠤᠷᠠᠰᠬᠠᠯ᠎ᠤᠨ ᠡᠳᠦᠷ ᠲᠸ᠋ ᠪᠢᠳᠡ ᠠᠳᠠᠯᠢ ᠪᠤᠰᠤ ᠦᠨᠳᠦᠰᠦᠳᠡᠨ᠎ᠤ ᠵᠠᠩ ᠲᠠᠳᠬᠠᠯ ᠵᠢᠡᠨ ᠬᠦᠨᠳᠦᠳᠭᠡᠨ᠂ ᠠᠳᠠᠯᠢ ᠪᠤᠰᠤ ᠢᠳᠡᠭᠡᠨ ᠤᠮᠳᠠᠭᠠᠨ᠎ᠤ ᠰᠤᠶᠤᠯ᠎ᠢ ᠠᠭᠤᠰᠤᠯᠴᠠᠭᠤᠯᠤᠨ ᠤᠯᠠᠮᠵᠢᠯᠠᠵᠤ ᠪᠠᠢᠨ᠎ᠠ ᠁》 ᠬᠡᠵᠤ ᠶᠠᠷᠢᠨ᠎ᠠ᠃ ᠡᠢᠮᠦᠷᠬᠦᠦ《ᠦᠨᠡᠨ ᠬᠥᠮᠦᠨ ᠦᠨᠡᠨ ᠶᠠᠪᠤᠳᠠᠯ》ᠨᠢ ᠵᠢᠭᠤᠯᠴᠢᠯᠠᠭᠰᠠᠳ ᠨᠢᠭᠡᠪᠦᠷᠢ᠎ᠳᠦ ᠷᠠᠱᠢᠶᠠᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ 《ᠬᠠᠮᠲᠤ᠎ᠪᠠᠷ ᠥᠩᠭᠡᠷᠡᠭᠦᠯᠦᠭ᠌ᠰᠡᠨ》ᠲᠡᠦᠬᠡ᠂ 《ᠬᠠᠮᠲᠤ᠎ᠪᠠᠷ ᠤᠷᠤᠰᠢᠨ ᠠᠮᠢᠳᠤᠷᠠᠭ᠍ᠰᠠᠨ》 ᠬᠠᠢᠷ᠎ᠠ ᠬᠠᠯᠠᠮᠵᠢ᠎ᠶ᠋ᠢ ᠦᠨᠡᠨ ᠬᠦ᠌ ᠮᠡᠳᠡᠷᠡᠭᠦᠯᠵᠦ᠍᠂ ᠣᠲᠣᠬᠠᠨ ᠪᠣᠯᠲᠠᠯ᠎ᠠ᠂ ᠦᠵᠡᠮᠵᠢ᠎ᠶ᠋ᠢᠨ ᠣᠷᠣᠨ ᠨᠢᠭᠡᠨᠲᠡ ᠦᠨᠳᠦᠰᠦᠲᠡᠨ᠎ᠨᠦᠭᠦᠳ᠎ᠦᠨ ᠵᠢᠭᠤᠯᠴᠢᠯᠠᠭᠰᠠᠳ᠎ᠢ ᠨᠡᠢᠲᠡ 300 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠦᠨᠳᠦᠰᠦᠲᠡᠨ ᠎ᠦ ᠰᠣᠶᠣᠯ᠎ᠤᠨ  ᠲᠠᠢᠯᠤᠮᠵᠢ᠎ᠶ᠋ᠢᠨ ᠬᠠᠨᠤᠮᠵᠢ᠎ᠶ᠋ᠢᠨ ᠬᠡᠮᠵᠢᠶ᠎ᠡ 98.6% ᠎ᠳ᠋ᠤ ᠬᠦᠷᠴᠡᠶ᠃


QQ20251016-102452.png


ᠲᠣᠨᠣᠭ ᠲᠥᠬᠥᠭᠡᠷᠦᠮᠵᠢ ᠵᠢ ᠲᠠᠰ ᠳᠡᠪᠱᠢᠭᠦᠯᠵᠦ᠍ ᠴᠢᠨᠠᠷ ᠰᠠᠢᠲᠠᠶ ᠪᠡᠶᠡᠴᠢᠯᠡᠨ ᠣᠢᠯᠠᠭᠠᠯᠳᠠ ᠵᠢ ᠨᠡᠮᠡᠭᠳᠡᠬᠦᠯᠦᠨ᠎ᠡ

  《ᠤᠤᠯ ᠨᠢ ᠦᠵᠡᠮᠵᠢ᠎ᠶ᠋ᠢᠨ ᠣᠷᠣᠨ ᠵᠢᠡᠷ ᠵᠢᠭᠤᠯᠴᠢᠯᠠᠬᠤ ᠳ᠋ᠤ ᠵᠥᠪᠬᠡᠨ ᠡᠷᠬᠢᠨ ᠲᠣᠭᠣᠷᠢᠨ᠎ᠤ ᠵᠢᠵᠢᠭ ᠪᠠᠭᠤᠳᠠᠯ ᠳ᠋ᠤ ᠪᠠᠭᠤᠵᠤ ᠪᠠᠢᠭᠰᠠᠨ᠂ ᠣᠲᠣ ᠣᠳᠣᠨ ᠲᠠᠰ᠎ᠤᠨ ᠪᠠᠭᠤᠳᠠᠯ ᠪᠠᠢᠬᠤ᠎ᠪᠠᠷ ᠪᠠᠷᠠᠬᠤ ᠥᠬᠡᠶ  ᠪᠠᠰᠠ ᠡᠸᠡᠩᠬᠢ ᠦᠨᠳᠦᠰᠦᠲᠡᠨ᠎ᠦ 〈ᠱᠠᠰᠢᠷ〉 ᠎ᠤ᠋ᠨ ᠡᠯᠧᠮᠧᠨ᠋ᠲ᠎ᠢ ᠠᠭᠤᠰᠬᠠᠭᠰᠠᠨ ᠥᠪᠡᠷᠮᠢᠴᠡ ᠣᠨᠴᠠᠯᠢᠭᠲᠤ ᠠᠷᠠᠳ᠎ᠤᠨ ᠰᠠᠭᠤᠴᠠ᠎ᠳᠤ ᠰᠠᠭᠤᠵᠤ ᠪᠤᠯᠬᠤ ᠪᠤᠯᠵᠠᠢ᠂ ᠪᠠᠭᠤᠲᠠᠯ ᠡᠴᠠ ᠠᠯᠬᠤᠭᠠᠳ ᠭᠠᠷᠪᠠᠯ ᠳᠠᠷᠤᠶ ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠲᠦ ᠠᠭᠤᠳᠠᠮ ᠲᠠᠯᠠᠪᠠᠶ ᠶᠤᠮ᠂ ᠡᠲᠠᠬᠡᠷ ᠨᠢ ᠨᠠᠲᠠ ᠳ᠋ᠤ ᠮᠠᠰᠢ ᠬᠠᠯᠠᠭᠤᠨ ᠳᠣᠲᠣᠨᠣᠰᠤᠭ ᠰᠠᠭᠤᠭᠲᠠᠯ ᠦᠯᠡᠲᠠᠬᠡᠪᠠ!》ᠬᠡᠵᠤ ᠪᠡᠭᠡᠵᠢᠩ ᠬᠣᠲᠠ᠎ᠶ᠋ᠢᠨ ᠵᠢᠭᠤᠴᠢᠯᠠᠭᠴᠢ ᠯᠢ ᠠᠪᠠᠬᠠᠶ ᠨᠡᠢᠭᠡᠮ᠎ᠦᠨ ᠬᠠᠷᠢᠯᠴᠠᠭᠠᠨ᠎ᠤ ᠲᠠᠪᠴᠠᠩ ᠳᠡᠭᠡᠷ᠎ᠡ ᠥᠪᠡᠷ᠎ᠦᠨ ᠵᠢᠭᠤᠯᠴᠢᠯᠠᠯ ᠵᠢᠡᠨ ᠬᠤᠪᠢᠶᠠᠯᠴᠠᠬᠤ ᠳ᠋ᠤ ᠲᠤᠰ  ᠸᠢᠳᠢᠣ᠋ ᠳ᠋ᠤ ᠡᠷᠡᠭᠡᠢ ᠱᠠᠩᠨᠠᠭᠰᠠᠨ ᠬᠥᠮᠦᠨ᠎ᠦ ᠲᠣᠭ᠎ᠠ 10 ᠲᠦᠮᠡ᠎ᠶ᠋ᠢ ᠳᠠᠪᠠᠪᠠ᠃ ᠦᠨᠳᠦᠰᠦᠲᠡᠨ᠎ᠨᠦᠭᠦᠳ᠎ᠦᠨ ᠵᠢᠭᠤᠯᠴᠢᠯᠠᠭ᠍ᠰᠠᠳ᠎ᠲᠤ ᠨᠠᠩ ᠰᠠᠢᠨ ᠶᠠᠪᠤᠯᠴᠠᠭ᠎ᠠ ᠰᠣᠯᠢᠯᠴᠠᠭ᠎ᠠ᠎ᠶ᠋ᠢᠨ ᠣᠷᠴᠢᠨ ᠨᠥᠬᠥᠴᠡᠯ᠎ᠢ ᠡᠭᠦᠳᠴᠦ᠍ ᠥᠭ᠌ᠬᠦ᠎ᠶ᠋ᠢᠨ ᠲᠥᠯᠥᠭᠡ᠂ ᠷᠠᠱᠢᠶᠠᠨ᠎ᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠎ᠦᠨ ᠡᠵᠡᠩᠨᠡᠯᠲᠡ᠎ᠶ᠋ᠢᠨ ᠲᠠᠯ᠎ᠠ᠎ᠶ᠋ᠢᠨ᠎ᠬᠢᠨ ᠨᠡᠢᠲᠡ 1.62 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠦᠵᠡᠮᠵᠢ᠎ᠶ᠋ᠢᠨ ᠣᠷᠣᠨ᠎ᠤ ᠰᠠᠭᠤᠷᠢ ᠲᠤᠨᠤᠭ ᠲᠦᠬᠦᠬᠡᠷᠤᠮᠵᠢ᠎ᠶᠢ ᠪᠥᠬᠥ᠌ ᠲᠠᠯ᠎ᠠ᠎ᠪᠠᠷ ᠲᠠᠰ ᠳᠡᠪᠱᠢᠭᠦᠯᠪᠡ᠄  ᠵᠢᠭᠤᠯᠴᠢᠯᠠᠭ᠍ᠰᠠᠳ᠎ᠤᠨ ᠦᠶ᠋ᠯᠡᠴᠢᠯᠡᠭᠡᠨ᠎ᠦ ᠲᠥᠪ᠎ᠢ ᠥᠭᠡᠷᠡᠴᠢᠯᠡᠵᠦ᠍᠂ ᠣᠯᠠᠨ ᠬᠡᠯᠡᠨ᠎ᠦ ᠦᠶ᠋ᠯᠡᠴᠢᠯᠡᠭᠡᠨ᠎ᠦ ᠴᠣᠩᠬᠣ ᠪᠠ ᠦᠨᠳᠦᠰᠦᠲᠡᠨ᠎ᠦ ᠰᠣᠶᠣᠯ᠎ᠢ ᠪᠡᠶᠡᠴᠢᠯᠡᠨ ᠣᠢᠯᠠᠭᠠᠬᠤ ᠲᠣᠭᠣᠷᠢᠭ᠎ᠢ ᠨᠡᠮᠡᠵᠦ᠍ ᠪᠠᠢᠭᠤᠯᠪᠠ;ᠳᠣᠲᠣᠭᠠᠳᠤ᠎ᠶ᠋ᠢᠨ ᠵᠠᠮ ᠬᠠᠷᠢᠯᠴᠠᠭᠠᠨ᠎ᠤ ᠱᠤᠭᠤᠮ᠎ᠢ ᠱᠢᠯᠢᠳᠡᠭ᠌ᠵᠢᠭᠦᠯᠵᠦ᠍᠂ ᠡᠯ᠎ᠡ ᠦᠵᠡᠮᠵᠢ᠎ᠶ᠋ᠢᠨ ᠣᠷᠣᠨ᠎ᠢ ᠬᠣᠯᠪᠣᠭ᠍ᠰᠠᠨ 《ᠦᠨᠳᠦᠰᠦᠲᠡᠨ᠎ᠦ ᠪᠦᠯᠬᠦᠮᠳᠡᠯ ᠨᠡᠷᠡᠮᠵᠢᠲᠦ》ᠵᠢᠭᠤᠯᠴᠢᠯᠠᠯ᠎ᠤᠨ ᠲᠡᠷᠭᠡ᠎ᠶ᠋ᠢ ᠨᠡᠪᠲᠡᠷᠡᠭᠦᠯᠵᠦ᠍᠂ ᠲᠡᠷᠭᠡᠨ ᠳᠣᠲᠣᠷ᠎ᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ ᠪᠠᠷ ᠷᠠᠱᠢᠶᠠᠨ᠎ᠢ ᠪᠦᠲᠦᠭᠡᠨ ᠪᠠᠢᠭᠤᠯᠤᠭ᠍ᠰᠠᠨ ᠪᠠᠷᠢᠮᠲᠠᠲᠤ ᠺᠢᠨᠣ᠋᠎ᠶ᠋ᠢ ᠨᠡᠪᠲᠡᠷᠡᠭᠦᠯᠪᠡ;  ᠭᠤᠤᠯ ᠦᠵᠡᠮᠵᠢ᠎ᠶ᠋ᠢᠨ ᠣᠷᠣᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠦᠭ᠌ᠰᠡᠨ《56 ᠦᠨᠳᠦᠰᠦᠲᠡᠨ᠎ᠦ ᠰᠡᠳᠭᠢᠯ᠎ᠤᠨ  ᠬᠥᠭᠥᠷᠭᠡ》ᠨᠢ ᠵᠢᠭᠤᠯᠴᠢᠯᠠᠭᠰᠠᠳ᠎ᠤᠨ ᠵᠠᠪᠠᠯ ᠬᠦᠷᠬᠦ ᠦᠵᠡᠮᠵᠢ ᠵᠢᠨ ᠴᠡᠭ ᠪᠣᠯᠵᠣ᠂ ᠬᠥᠭᠥᠷᠭᠡᠨ ᠳᠡᠭᠡᠷ᠎ᠡ ᠦᠨᠳᠦᠰᠦᠲᠡᠨ᠎ᠨᠦᠭᠦᠳ᠎ᠦᠨ ᠥᠯᠵᠡᠶ ᠪᠡᠯᠭᠡᠲᠦ ᠵᠢᠷᠤᠭ ᠪᠠ ᠪᠦᠯᠬᠦᠮᠳᠡᠯ᠎ᠦᠨ ᠬᠦᠰᠡᠯ ᠡᠷᠡᠮᠡᠯᠵᠡᠯ᠎ᠢ ᠰᠡᠢᠯᠦᠭᠰᠠᠨ ᠪᠠᠢᠪᠠ᠃

 ᠦᠶ᠋ᠯᠡᠴᠢᠯᠡᠭᠡᠨ᠎ᠦ ᠨᠠᠷᠢᠨ ᠵᠦᠶ᠋ᠯᠡᠰ᠎ᠦᠨ ᠲᠠᠯ᠎ᠠ᠎ᠪᠠᠷ᠂ ᠦᠵᠡᠮᠵᠢ᠎ᠶ᠋ᠢᠨ ᠣᠷᠣᠨ᠎ᠨᠢ ᠨᠠᠩ ᠴᠤ᠌ ᠭᠠᠵᠠᠷ ᠪᠣᠯᠭᠠᠨ᠎ᠳᠤ 《ᠠᠭᠤᠰᠤᠯᠴᠠᠯ》 ᠤ᠋ᠨ ᠣᠢᠯᠠᠭᠠᠭ᠍ᠳᠠᠬᠤᠨ᠎ᠢ ᠢᠯᠡᠷᠡᠭᠦᠯᠪᠡ᠄ ᠢᠳᠡᠭᠡᠨ ᠤᠮᠳᠠᠭᠠᠨ᠎ᠤ ᠲᠣᠭᠣᠷᠢᠭ ᠨᠢ 《ᠦᠨᠳᠦᠰᠦᠲᠡᠨ᠎ᠦ ᠪᠦᠯᠬᠦᠮᠳᠡᠯ᠎ᠦᠨ ᠦᠨᠦᠷ ᠠᠮᠳᠠ》ᠶ᠋ᠢ ᠪᠦᠷᠢᠯᠳᠦᠬᠦᠯᠵᠦ᠂ ᠮᠣᠩᠭᠣᠯ ᠦᠨᠳᠦᠰᠦᠲᠡᠨ᠎ᠦ ᠴᠢᠨᠠᠭ᠍ᠰᠠᠨ ᠮᠢᠬ᠎ᠠ᠂ ᠣᠷᠴᠣᠨ ᠦᠨᠳᠦᠰᠦᠲᠡᠨ ᠎ᠦ  ᠱᠢᠷᠠᠯᠵᠢ᠎ᠶ᠋ᠢᠨ ᠱᠥᠯᠥ᠍ ᠪᠠᠢᠬᠤ᠎ᠪᠠᠷ ᠪᠠᠷᠠᠬᠤ ᠥᠬᠡᠶ᠂ ᠪᠠᠰᠠ ᠵᠡᠭᠦᠨ ᠬᠣᠢᠲᠤ᠎ᠶ᠋ᠢᠨ ᠴᠢᠨᠠᠮᠠᠯ᠂ ᠡᠮᠦᠨᠡᠲᠦ ᠣᠷᠣᠨ᠎ᠤ ᠬᠠᠭᠤᠷᠤᠯᠭ᠎ᠠ ᠪᠤᠢ ; ᠲᠠᠸᠠᠷ᠎ᠤᠨ ᠳᠡᠯᠭᠡᠭᠦᠷ ᠲᠸ᠋ ᠪᠤᠷᠤᠯᠠᠭᠤᠯᠵᠤ ᠪᠦᠬᠦᠢ ᠰᠣᠶᠣᠯ᠎ᠤᠨ ᠪᠦᠳᠦᠭᠡᠯᠴᠢ ᠦᠢᠯᠡᠳᠬᠦᠨ ᠨᠤᠬᠦᠳ ᠲᠸ᠋ ᠴᠥᠭᠡᠨ ᠲᠣᠭᠠᠲᠤ ᠦᠨᠳᠦᠰᠦᠲᠡᠨ᠎ᠦ ᠬᠠᠳᠭᠤᠮᠠᠯ ᠨᠢ ᠣᠳᠣ ᠦᠶ᠎ᠡ᠎ᠶ᠋ᠢᠨ ᠵᠢᠷᠤᠭ ᠲᠥᠯᠥᠪᠯᠡᠭᠡ᠎ᠶ᠋ᠢ ᠤᠶᠠᠯᠳᠤᠭᠤᠯᠵᠤ᠂ ᠴᠥᠭᠡᠨ ᠪᠤᠰᠤ ᠵᠢᠭᠤᠯᠴᠢᠯᠠᠭᠰᠠᠳ ᠡᠯ᠎ᠡ ᠦᠨᠳᠦᠰᠦᠲᠡᠨ᠎ᠦ ᠰᠤᠶᠤᠯ᠎ᠤᠨ ᠡᠯᠧᠮᠧᠨ᠋ᠲ᠎ᠪᠦᠬᠦᠢ ᠲᠦᠯᠬᠢᠭᠦᠷ ᠎ᠦᠨ ᠲᠣᠪᠴᠢ᠂ ᠬᠦᠵᠦᠭᠦᠨ᠎ᠦ ᠣᠷᠢᠶᠠᠯᠲᠠ ᠵᠡᠷᠭᠡ ᠵᠢ ᠬᠤᠳᠠᠯᠳᠤᠨ ᠠᠪᠴᠤ᠌ ᠭᠠᠷ ᠎ᠤᠨ ᠪᠡᠯᠡᠭ ᠪᠣᠯᠭᠠᠳᠠᠭ ᠠᠵᠢ ; ᠵᠢᠯ ᠪᠦᠷᠢ᠎ᠶ᠋ᠢᠨ ᠵᠣᠨ᠎ᠤ ᠤᠯᠠᠷᠢᠯ᠎ᠳᠤ ᠶᠠᠪᠤᠭ᠍ᠳᠠᠬᠤ《ᠷᠠᠱᠢᠶᠠᠨ ᠎ᠤ ᠦᠨᠳᠦᠰᠦᠲᠡᠨ᠎ᠦ ᠰᠣᠶᠣᠯ᠎ᠤᠨ ᠨᠠᠢᠷ》ᠲᠡᠭᠡᠷ᠎ᠡ ᠬᠢᠲᠠᠳ᠂ ᠮᠣᠩᠭᠣᠯ᠂ ᠬᠣᠲᠣᠩ᠂ ᠰᠣᠯᠣᠩᠭᠣᠰ  ᠵᠡᠷᠭᠡ ᠣᠯᠠᠨ ᠦᠨᠳᠦᠰᠦᠲᠡᠨ᠎ᠦ ᠤᠳᠭ᠎ᠠ ᠤᠷᠠᠯᠢᠭ᠎ᠤᠨ ᠪᠦᠯᠬᠦᠮ ᠲᠠᠢᠰᠠᠨ᠎ᠳᠤ ᠭᠠᠷᠴᠤ᠌ ᠲᠣᠭ᠍ᠯᠠᠯᠲᠠ ᠭᠠᠷᠭᠠᠨ᠂ ᠵᠢᠭᠤᠯᠴᠢᠯᠠᠭᠰᠠᠳ ᠮᠣᠷᠢᠨ ᠬᠤᠭᠤᠷ᠎ᠤᠨ ᠲᠣᠭ᠍ᠯᠠᠯᠲᠠ᠂ ᠦᠨᠳᠦᠰᠦᠲᠡᠨ᠎ᠦ ᠪᠥᠵᠢᠭ᠎ᠦᠨ ᠵᠢᠭᠠᠨ ᠰᠤᠷᠭᠠᠯᠲᠠ ᠵᠡᠷᠭᠡ ᠬᠠᠷᠢᠯᠴᠠᠨ ᠦᠶ᠋ᠯᠡᠳᠦᠯᠴᠡᠬᠦ᠌ ᠠᠵᠢᠯᠯᠠᠭ᠎ᠠ᠎ᠳᠤ ᠣᠷᠣᠯᠴᠠᠵᠤ ᠪᠤᠯᠳᠠᠭ᠃  ᠵᠠᠷᠢᠮ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2024 ᠣᠨ᠎ᠳᠤ ᠦᠵᠡᠮᠵᠢ᠎ᠶ᠋ᠢᠨ ᠣᠷᠣᠨ᠎ᠤ ᠵᠣᠴᠢᠳ᠎ᠤᠨ ᠪᠠᠭᠤᠳᠠᠯ ᠎ᠢ ᠤᠷᠢᠳᠴᠢᠯᠠᠨ ᠵᠠᠬᠢᠶᠠᠯᠠᠭ᠍ᠰᠠᠨ ᠬᠡᠮᠵᠢᠶ᠎ᠡ᠎ᠨᠢ ᠠᠳᠠᠯᠢ ᠬᠤᠭᠤᠴᠠᠭᠠᠨ᠎ᠤ᠎ᠬᠢ᠎ᠡᠴᠡ 120% ᠎ᠪᠠᠷ ᠨᠡᠮᠡᠭ᠌ᠳᠡᠵᠤ᠂  ᠦᠨᠳᠦᠰᠦᠲᠡᠨ᠎ᠨᠦᠭᠦᠳ᠎ᠦᠨ ᠵᠢᠭᠤᠯᠴᠢᠯᠠᠭ᠍ᠰᠠᠳ ᠬᠠᠮᠲᠤ᠎ᠪᠠᠷ ᠲᠣᠭᠣᠷᠢᠨ ᠦᠵᠡᠵᠦ᠍᠂ ᠪᠡᠶᠡᠴᠢᠯᠡᠨ ᠣᠢᠯᠠᠭᠠᠬᠤ ᠳᠤᠮᠳᠠ ᠣᠢᠯᠠᠭᠠᠯᠴᠠᠭ᠎ᠠ ᠪᠠ ᠮᠡᠳᠡᠷᠡᠮᠵᠢ᠎ᠪᠡᠨ ᠨᠡᠮᠡᠭ᠌ᠳᠡᠭᠦᠯᠪᠡ᠃

ᠰᠤᠳᠤᠯᠤᠨ ᠰᠤᠷᠤᠯᠴᠠᠬᠤ ᠵᠠᠮ ᠱᠤᠭᠤᠮ᠎ᠢ ᠨᠡᠭᠡᠭᠡᠵᠦ ᠶᠠᠪᠤᠯᠴᠠᠭ᠎ᠠ ᠰᠤᠯᠢᠯᠴᠠᠭ᠎ᠠ ᠵᠢ ᠠᠬᠢᠭᠤᠯᠤᠨ᠎ᠠ

《ᠷᠠᠱᠢᠶᠠᠨ᠎ᠤ ᠨᠠᠮᠤᠷ ᠤ᠋ᠨ ᠦᠵᠠᠮᠵᠢ ᠬᠡᠴᠢᠨᠠᠨ ᠭᠤᠶᠤ ᠪᠤᠢ? ᠥᠩᠭᠡ ᠢᠯᠭᠠᠷᠠᠭᠰᠠᠨ ᠦᠵᠡᠮᠵᠢ  ᠪᠠᠢᠬᠤ᠎ᠪᠠᠷ ᠪᠠᠷᠠᠬᠤ ᠥᠬᠡᠶ᠂ ᠪᠠᠰᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠭᠠᠷ ᠭᠠᠷ᠎ᠢᠶᠠᠨ ᠬᠣᠯᠪᠣᠯᠴᠠᠭ᠍ᠰᠠᠨ ᠬᠠᠢᠷ᠎ᠠ ᠰᠡᠳᠭᠢᠯᠭᠡ ᠪᠣᠶ ᠁》 ᠴᠤᠤᠷᠢᠶ᠎ᠠ᠂ ᠪᠤᠱᠢᠭᠤ ᠭᠠᠷ ᠵᠡᠷᠭᠡ ᠲᠠᠪᠴᠠᠩ᠎ᠢ ᠨᠡᠭᠡᠭᠡᠪᠠᠯ᠂ ᠷᠠᠱᠢᠶᠠᠨ᠎ᠤ ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠳᠦ ᠣᠬᠣᠷ ᠸᠢᠳᠢᠣ᠋ ᠵᠢᠨ ᠲᠠᠷᠤᠮ᠎ᠤᠨ ᠲᠤᠭ᠎ᠠ 1 ᠳ᠋ᠦᠩᠱᠢᠭᠤᠷ ᠎ᠢ ᠲᠠᠪᠠᠵᠤ ᠪᠤᠢ᠂ ᠡᠲᠡᠭᠡᠷ ᠸᠢᠳᠢᠣ᠋᠎ᠳᠤ ᠵᠢᠭᠤᠯᠴᠢᠯᠠᠭᠰᠡᠳ᠎ᠤᠨ ᠰᠡᠭᠦᠳᠡᠷᠯᠡᠭ᠌ᠰᠡᠨ ᠦᠨᠳᠦᠰᠦᠲᠡᠨ᠎ᠦ ᠰᠣᠶᠣᠯ᠎ᠤᠨ ᠪᠡᠶᠡᠴᠢᠯᠡᠨ ᠣᠢᠯᠠᠭᠠᠬᠤ ᠹᠢᠯᠢᠮ ᠪᠠᠢᠬᠤ ᠮᠥᠷᠲᠡᠭᠡᠨ ᠪᠠᠰᠠ ᠦᠵᠡᠮᠵᠢ᠎ᠶ᠋ᠢᠨ ᠣᠷᠣᠨ᠎ᠤ ᠨᠠᠷᠢᠨ ᠨᠢᠮᠪᠠᠶ ᠦᠶ᠋ᠯᠡᠳᠦᠭ᠌ᠰᠡᠨ ᠱᠢᠷᠢᠰ ᠣᠬᠣᠷ ᠹᠢᠯᠢᠮ《ᠦᠨᠳᠦᠰᠦᠲᠡᠨ᠎ᠤ  ᠠᠭᠤᠰᠤᠯᠴᠠᠯ᠎ᠤᠨ ᠥᠯᠢᠭᠡᠷ》 ᠪᠤᠢ᠃ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ ᠎ᠦᠨ ᠨᠥᠯᠥᠭᠡᠯᠡᠬᠦ᠌ ᠬᠦᠴᠦᠨ᠎ᠢ ᠥᠷᠭᠡᠳᠭᠡᠬᠦ᠌᠎ᠶ᠋ᠢᠨ ᠲᠥᠯᠥᠭᠡ᠂ ᠷᠠᠱᠢᠶᠠᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠲᠠᠮᠵᠢᠭᠤᠯᠭ᠎ᠠ ᠵᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ 2024 ᠣᠨ᠎ᠳᠤ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠎ᠶ᠋ᠢᠨ ᠣᠬᠣᠷ ᠸᠢᠳᠢᠣ᠋᠎ᠶ᠋ᠢ ᠨᠡᠢᠲᠡ 332 ᠵᠤᠷᠪᠤᠰ ᠨᠡᠢᠲᠡᠯᠡᠵᠦ᠍᠂ ᠣᠯᠠᠨ ᠦᠨᠳᠦᠰᠦᠲᠡᠨ᠎ᠦ ᠰᠦᠯᠵᠢᠶᠡᠨ  ᠤᠲᠤᠳ᠎ᠢ ᠤᠷᠢᠵᠤ《ᠱᠢᠭᠤᠳ ᠨᠡᠪᠲᠡᠷᠡᠭᠦᠯᠭᠡ᠎ᠪᠡᠷ ᠦᠵᠡᠮᠵᠢ᠎ᠶ᠋ᠢᠨ ᠣᠷᠣᠨ᠎ᠢ ᠲᠣᠭᠣᠷᠢᠬᠤ》ᠠᠵᠢᠯᠯᠠᠭ᠎ᠠ ᠥᠷᠨᠢᠭᠦᠯᠦᠭ᠌ᠰᠡᠨ ᠪᠥᠭᠡᠳ ᠪᠡᠭᠡᠵᠢᠩ᠂ ᠱᠠᠩᠬᠠᠶ᠂ ᠲᠢᠶᠠᠨᠵᠢᠨ ᠵᠡᠷᠭᠡ 18 ᠬᠣᠲᠠ᠎ᠳᠤ ᠬᠦᠷᠴᠦ᠍ ᠵᠢᠭᠤᠯᠴᠢᠯᠠᠯ᠎ᠤᠨ ᠲᠠᠨᠢᠯᠴᠠᠭᠤᠯᠭ᠎ᠠ ᠎ᠶ᠋ᠢᠨ ᠬᠤᠷᠠᠯ ᠬᠢᠵᠦ᠍᠂ ᠲᠤᠬᠠᠶ᠎ᠶ᠋ᠢᠨ ᠲᠠᠯᠠᠪᠠᠶ᠎ᠳᠤ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠦᠵᠡᠭᠦᠯᠭᠡ᠎ᠶ᠋ᠢᠨ ᠲᠣᠭᠣᠷᠢᠭ ᠪᠠ ᠬᠤᠷᠱᠢᠯᠴᠠᠨ ᠣᠢᠯᠠᠭᠠᠬᠤ ᠭᠣᠭ᠍ᠴᠣᠭ᠎ᠠ᠎ᠶ᠋ᠢ ᠲᠣᠬᠢᠷᠠᠭᠤᠯᠵᠤ᠂ ᠨᠠᠩ ᠣᠯᠠᠨ ᠬᠥᠮᠦᠨ᠎ᠳᠦ ᠷᠠᠱᠢᠶᠠᠨ᠎ᠤ《ᠥᠩᠭᠡ ᠦᠵᠡᠮᠵᠢ᠎ᠶ᠋ᠢᠨ ᠭᠤᠤ᠎ᠠ ᠰᠠᠢᠬᠠᠨ》  ᠪᠠ 《ᠪᠦᠯᠬᠦᠮᠳᠡᠯ᠎ᠦᠨ ᠭᠤᠤ᠎ᠠ ᠰᠠᠢᠬᠠᠨ》 ᠢ᠋ ᠣᠢᠯᠠᠭᠠᠭᠤᠯᠵᠠᠶ᠃

 ᠡᠭᠦᠨ᠎ᠦ ᠬᠠᠮᠲᠤ᠂ ᠦᠵᠡᠮᠵᠢ᠎ᠶ᠋ᠢᠨ ᠣᠷᠣᠨ ᠪᠠᠰᠠ ᠪᠥᠬᠥ᠌ ᠤᠯᠤᠰ᠎ᠤᠨ 20 ᠭᠠᠷᠤᠶ ᠶᠡᠬᠡ ᠳᠡᠭᠡᠳᠦ ᠰᠤᠷᠭᠠᠭᠤᠯᠢ᠂ 30 ᠵᠢᠭᠤᠯᠴᠢᠯᠠᠯ᠎ᠤᠨ ᠺᠣᠮᠫᠠᠨᠢ᠎ᠲᠠᠶ ᠬᠠᠮᠲᠤᠷᠠᠯᠴᠠᠭ᠎ᠠ ᠪᠠᠢᠭᠤᠯᠵᠤ᠂ 《ᠦᠨᠳᠦᠰᠦᠲᠡᠨ᠎ᠦ ᠪᠦᠯᠬᠦᠮᠳᠡᠯ᠎ᠦᠨ ᠰᠤᠳᠤᠯᠤᠨ ᠰᠤᠷᠤᠯᠴᠠᠬᠤ ᠵᠠᠮ ᠱᠤᠭᠤᠮ》 ᠭᠠᠷᠭᠠᠵᠤ᠂ ᠰᠤᠷᠤᠭ᠍ᠴᠢᠳ ᠪᠠ ᠵᠢᠭᠤᠯᠴᠢᠯᠠᠭᠰᠡᠳ᠎ᠢ ᠵᠣᠬᠢᠶᠠᠨ ᠪᠠᠢᠭᠤᠯᠤᠨ ᠡᠷᠬᠢᠨ ᠲᠣᠭᠣᠷᠢᠨ᠎ᠤ ᠴᠥᠭᠡᠨ ᠲᠣᠭᠠᠲᠤ ᠦᠨᠳᠦᠰᠦᠲᠡᠨ᠎ᠦ ᠠᠢᠯ ᠲᠣᠰᠭᠣᠨ᠎ᠳᠤ ᠭᠦᠨᠵᠡᠭᠡᠢᠷᠡᠭᠦᠯᠵᠦ᠍᠂ ᠲᠤᠬᠠᠶ᠎ᠶ᠋ᠢᠨ ᠭᠠᠵᠠᠷ᠎ᠤᠨ ᠰᠠᠭᠤᠭᠠᠯᠢ ᠠᠷᠠᠳ᠎ᠲᠠᠶ ᠬᠠᠮᠲᠤ ᠢᠳᠡᠵᠦ᠍ ᠬᠠᠮᠲᠤ ᠰᠠᠭᠤᠵᠤ ᠬᠠᠮᠲᠤ ᠬᠥᠳᠡᠯᠮᠦᠷᠢᠯᠡᠵᠦ᠍᠂ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠤᠷ᠎ᠠ ᠮᠡᠷᠭᠡᠵᠢᠯ᠎ᠢ ᠰᠤᠷᠤᠯᠴᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠶ᠋ᠯ᠎ᠳᠦ ᠣᠷᠣᠯᠴᠠᠭᠤᠯᠪᠠ᠃ ᠣᠳᠣᠬᠠᠨ ᠪᠣᠯᠲᠠᠯ᠎ᠠ᠂ ᠰᠤᠳᠤᠯᠤᠨ ᠰᠤᠷᠤᠯᠴᠠᠬᠤ ᠵᠠᠮ ᠱᠤᠭᠤᠮ᠎ᠨᠢ ᠨᠢᠭᠡᠨᠲᠡ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ 5 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠴᠢᠬᠤᠯᠠ ᠲᠠᠪᠴᠠᠩ ᠪᠣᠯᠵᠠᠶ᠃

ᠥᠨᠥᠳᠦᠷ᠎ᠦᠨ ᠷᠠᠱᠢᠶᠠᠨ ᠎ᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ ᠨᠢ ᠤᠯᠤᠰ ᠎ᠤᠨ ᠲᠠᠰ᠎ᠤᠨ ᠵᠢᠭᠤᠯᠴᠢᠯᠠᠯ ᠰᠡᠯᠡᠬᠦᠴᠡᠯ᠎ᠤᠨ ᠣᠷᠣᠨ᠂  ᠪᠥᠬᠥ᠌ ᠤᠯᠤᠰ᠎ᠤᠨ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠥᠯᠢᠭᠡᠷ ᠵᠢᠱ᠌ᠢᠶ᠎ᠡ ᠪᠣᠯᠤᠭ᠍ᠰᠠᠨ ᠪᠠᠢᠨ᠎ᠠ᠃ ᠡᠨᠳᠡ᠂ ᠤᠢ  ᠵᠢᠨ ᠮᠤᠳᠤ ᠪᠦᠬᠦᠨ ᠨᠢ ᠪᠦᠯᠬᠦᠮᠳᠡᠯ ᠎ᠦᠨ ᠦᠯᠢᠭᠡᠷ ᠎ᠢ ᠲᠣᠭᠠᠴᠢᠵᠤ᠂ ᠠᠭᠤᠯᠵᠠᠯᠲᠠ ᠪᠦᠬᠦᠨ ᠨᠢ ᠬᠠᠢᠷ᠎ᠠ ᠬᠠᠯᠠᠮᠵᠢ᠎ᠶ᠋ᠢ ᠳᠠᠮᠵᠢᠭᠤᠯᠵᠤ ᠪᠠᠢᠳᠠᠭ᠃  ᠬᠢᠩᠭᠠᠨ ᠠᠢᠮᠠᠭ ᠣᠷᠣᠨ ᠪᠦᠰᠡ᠎ᠶ᠋ᠢᠨ ᠵᠢᠭᠤᠯᠴᠢᠯᠠᠯ᠎ᠢ ᠨᠢᠭᠡ ᠴᠤᠬ᠍ᠴᠠᠵᠢᠭᠤᠯᠬᠤ ᠵᠢ ᠦᠷᠭᠦᠯᠵᠢᠯᠡᠨ ᠠᠬᠢᠭᠤᠯᠬᠤ᠎ᠶ᠋ᠢ ᠳᠠᠭᠠᠯᠳᠤᠨ᠂ ᠷᠠᠱᠢᠶᠠᠨ ᠦᠷᠭᠦᠯᠵᠢᠯᠡᠨ ᠵᠢᠭᠤᠯᠴᠢᠯᠠᠯ᠎ᠢᠶᠠᠷ ᠵᠠᠭᠤᠴᠢᠯᠠᠭᠤᠷ ᠪᠣᠯᠭᠠᠵᠤ᠂ ᠬᠠᠢᠷ᠎ᠠ ᠰᠡᠳᠭᠢᠯᠭᠡ᠎ᠪᠡᠷ ᠵᠠᠩᠭᠢᠯᠠᠭ᠎ᠠ ᠪᠣᠯᠭᠠᠵᠤ᠂ 《ᠲᠠᠪᠤᠨ ᠬᠠᠮᠲᠤ᠎ᠶ᠋ᠢᠨ ᠲᠠᠨᠢᠯᠲᠠ》 ᠵᠢ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠦ ᠰᠡᠳᠭᠢᠯ ᠎ᠳᠦ ᠭᠦᠨ ᠬᠠᠳᠠᠩᠱᠢᠭᠤᠯᠵᠤ᠂ ᠨᠡᠩ ᠭᠣᠢᠳᠠ ᠰᠠᠢᠬᠠᠨ ᠦᠨᠳᠦᠰᠦᠲᠡᠨ᠎ᠦ ᠪᠦᠯᠬᠦᠮᠳᠡᠯ ᠎ᠦᠨ ᠵᠢᠷᠤᠭ᠎ᠢ ᠵᠢᠷᠤᠭ᠍ᠯᠠᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号