10 ᠰᠠᠷ᠎ᠠ᠎ᠶᠢᠨ 15 ᠤ᠋ ᠡᠳᠦᠷ 2025 ᠣᠨ᠎ᠤ ᠪᠥᠬᠥ ᠣᠷᠣᠨ᠎ᠤ ᠳᠦᠷᠢᠮᠵᠢᠭᠰᠡᠨ ᠬᠢᠲᠠᠳ ᠥᠰᠥᠭ ᠦᠨ ᠰᠣᠨᠣᠰᠴᠤ ᠪᠢᠴᠢᠬᠦ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠡᠬᠢᠯᠡᠪᠡ᠃ ᠪᠦᠬᠦ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠵᠢᠨ 273 ᠪᠠᠭ᠍ᠰᠢ ᠰᠤᠷᠤᠭ᠍ᠴᠢ ᠨᠢᠭᠡ ᠲᠠᠩᠬᠢᠮ᠎ᠳᠤ ᠴᠤᠭᠯᠠᠷᠠᠵᠤ᠂ ᠬᠤᠷᠴᠠ ᠰᠢᠷᠦᠭᠦᠨ ᠪᠥᠭᠡᠳ ᠭᠣᠢᠳᠠ ᠰᠠᠢᠬᠠᠨ ᠤᠷᠤᠯᠳᠤᠭᠠᠨ᠎ᠤ ᠳᠤᠮᠳᠠ ᠬᠢᠲᠠᠳ ᠦᠰᠦᠭ᠎ᠦᠨ ᠭᠤᠸ᠎ᠠ ᠰᠠᠢᠬᠠᠨ᠎ᠢ ᠣᠢᠯᠠᠭᠠᠵᠤ᠂ ᠪᠢᠴᠢᠯᠭᠡ᠎ᠶᠢᠨ ᠬᠡᠮ ᠠᠢᠵᠠᠮ᠎ᠢ ᠤᠢᠯᠠᠭᠠᠬᠤ ᠪᠤᠯᠤᠨ᠎ᠠ᠃
ᠲᠤᠰ ᠤᠳᠠᠭ᠎ᠠ᠎ᠶᠢᠨ ᠤᠷᠤᠯᠳᠤᠭᠠᠨ᠎ᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ᠎ᠢ ᠴᠢᠨᠠᠭᠰᠢᠳᠠ ᠴᠢᠩᠭᠠᠳᠬᠠᠵᠤ᠂ ᠡᠯ᠎ᠡ ᠱᠠᠲᠤᠨ᠎ᠤ ᠡᠯ᠎ᠡ ᠲᠦᠷᠦᠯ᠎ᠦᠨ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠳᠦᠷᠢᠮᠵᠢᠭᠰᠡᠨ ᠬᠢᠲᠠᠳ ᠦᠰᠦᠭ᠎ᠦᠨ ᠪᠢᠴᠢᠯᠭᠡ᠎ᠶᠢᠨ ᠴᠢᠳᠠᠪᠤᠷᠢ ᠪᠣᠯᠣᠨ ᠦᠭᠡ ᠬᠡᠯᠡᠨ᠎ᠦ ᠶᠡᠷᠦᠩᠬᠡᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠪᠠᠷ ᠵᠤᠷᠢᠯᠭ᠎ᠠ ᠪᠤᠯᠭᠠᠵᠠᠢ᠃
ᠪᠥᠬᠥ ᠣᠷᠣᠨ᠎ᠤ ᠳᠦᠷᠢᠮᠵᠢᠭᠰᠡᠨ ᠬᠢᠲᠠᠳ ᠥᠰᠥᠭ᠎ᠦᠨ ᠰᠣᠨᠣᠰᠴᠤ ᠪᠢᠴᠢᠬᠦ ᠤᠷᠤᠯᠳᠤᠭᠠᠨ ᠢ᠋ ᠡᠨᠡ ᠵᠢᠯ᠎ᠦᠨ 4 ᠰᠠᠷ᠎ᠠ᠎ᠳᠤ ᠡᠬᠢᠯᠡᠬᠦᠯᠦᠭᠰᠡᠨ᠎ᠡᠴᠡ ᠨᠠᠭᠠᠰᠢ ᠠᠩᠬᠠᠨ᠎ᠤ ᠤᠷᠤᠯᠳᠤᠭᠠᠨ᠂ ᠨᠤᠭᠤᠯᠤᠭ᠎ᠠ ᠤᠷᠤᠯᠳᠤᠭᠠᠨᠬᠤᠪᠢᠶᠠᠨ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠡᠮᠵᠢᠨ ᠡᠯ᠎ᠡ ᠠᠢᠮᠠᠭ ᠬᠣᠲᠠ ᠵᠢᠴᠢ ᠶᠡᠬᠡ ᠳᠡᠭᠡᠳᠦ ᠰᠤᠷᠭᠠᠭᠤᠯᠢ ᠡᠴᠡ ᠰᠢᠯᠢᠳᠡᠭ ᠤᠷᠤᠯᠴᠠᠭᠴᠢ ᠵᠢ ᠰᠣᠩᠭᠣᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠤᠯᠵᠠᠢ᠃ ᠤᠷᠤᠯᠳᠤᠭᠠᠨ᠎ᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ᠎ᠶᠢᠨ ᠳᠤᠭᠤᠢᠯᠠᠩ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠣᠷᠣᠭ᠍ᠴᠢ᠎ᠶᠢᠨ ᠳᠤᠭᠤᠢᠯᠠᠩ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠣᠷᠣᠭ᠍ᠴᠢ᠎ᠶᠢᠨ ᠳᠤᠭᠤᠢᠯᠠᠩ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠣᠷᠣᠭ᠍ᠴᠢ᠎ᠶᠢᠨ ᠳᠤᠭᠤᠢᠯᠠᠩ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠰᠣᠷᠣᠭ᠍ᠴᠢ᠎ᠶᠢᠨ ᠳᠤᠭᠤᠢᠯᠠᠩ᠂ ᠵᠢᠩᠬᠢᠨᠢ ᠠᠩᠭᠢ᠎ᠶᠢᠨ ᠰᠣᠷᠣᠭ᠍ᠴᠢ᠎ᠶᠢᠨ ᠳᠤᠭᠤᠢᠯᠠᠩ ᠵᠢᠴᠢ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠳᠤᠭᠤᠢᠯᠠᠩ ᠵᠡᠷᠭᠡ ᠲᠤᠯᠤᠭᠠᠨ ᠳᠤᠭᠤᠢᠯᠠᠩ ᠲᠣᠬᠢᠷᠠᠭᠤᠯᠪᠠ᠃ ᠰᠢᠯᠭᠠᠯᠲᠠ᠎ᠶᠢᠨ ᠰᠡᠳᠦᠪ ᠨᠢ 2013 ᠣᠨ᠎ᠳᠤ ᠨᠡᠢᠲᠡᠯᠡᠭᠰᠡᠨ 《ᠨᠡᠢᠳᠡᠮ ᠬᠡᠷᠡᠭᠯᠡᠬᠦ ᠳᠦᠷᠢᠮᠵᠢᠭᠰᠡᠨ ᠬᠢᠲᠠᠳ ᠥᠰᠥᠭ᠎ᠦᠨ ᠬᠦᠰᠦᠨᠦᠭᠲᠦ》 ᠪᠠᠷ ᠦᠨᠳᠦᠰᠦᠯᠡᠯ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠵᠢᠭᠠᠬᠤ ᠮᠠᠲᠧᠷᠢᠶᠠᠯ᠂ ᠳᠤᠮᠳᠠᠳᠤ᠎ᠶᠢᠨ ᠰᠣᠩᠭᠣᠳᠠᠭ ᠨᠠᠷᠠᠲᠤ ᠪᠦᠲᠦᠭᠡᠯ ᠵᠢᠴᠢ ᠰᠢᠯᠦᠭ ᠳᠠᠭᠤᠯᠠᠯ᠎ᠤᠨ ᠠᠭᠤᠯᠭ᠎ᠠ᠎ᠲᠠᠢ ᠨᠢᠭ᠍ᠲᠠ ᠤᠶᠠᠯᠳᠤᠭᠤᠯᠤᠨ ᠵᠢᠷᠭᠤᠭᠠᠨ ᠭᠣᠭᠴᠣᠭ᠎ᠠ ᠭᠠᠷᠭᠠᠵᠠᠢ᠃ ᠰᠡᠳᠦᠪ᠎ᠤᠨ ᠬᠡᠯᠪᠡᠷᠢ ᠨᠢ ᠤᠯᠠᠨ ᠶᠠᠩᠵᠤ᠎ᠶᠢᠨ ᠪᠠᠢᠵᠤ᠂ ᠪᠠᠢᠩᠭᠤ ᠬᠡᠷᠡᠭᠯᠡᠭᠳᠡᠬᠦ ᠦᠰᠦᠭ᠂ ᠠᠮᠠᠷᠬᠠᠨ ᠪᠤᠷᠤᠭᠤᠳᠠᠬᠤ ᠦᠰᠦᠭ᠂ ᠦᠭᠡᠰ᠂ ᠬᠡᠪᠰᠢᠮᠡᠯ ᠦᠭᠡ ᠵᠡᠷᠭᠡ ᠲᠦᠷᠦᠯ ᠵᠦᠢᠯ ᠢ ᠬᠠᠮᠤᠷᠴᠤ᠂ ᠡᠷᠲᠡᠨ᠎ᠦ ᠰᠢᠯᠦᠭ ᠳᠠᠭᠤᠯᠠᠯ᠂ ᠤᠳᠤ ᠦᠶ᠎ᠡ᠎ᠶᠢᠨ ᠰᠣᠩᠭᠣᠳᠠᠭ ᠵᠣᠬᠢᠶᠠᠯ ᠪᠣᠯᠣᠨ ᠤᠮᠠᠷᠠᠲᠤ ᠬᠢᠯᠢ᠎ᠶᠢᠨ ᠰᠣᠶᠣᠯ᠎ᠤᠨ ᠡᠯᠧᠮᠧᠨ᠋ᠲ ᠢ ᠤᠷᠠᠨ᠎ᠢᠶᠠᠷ ᠠᠭᠤᠰᠬᠠᠵᠠᠢ᠃
ᠤᠢᠯᠠᠭᠠᠭᠰᠠᠨ ᠵᠢᠡᠷ ᠰᠢᠢᠳᠪᠦᠷᠢᠳᠦ ᠤᠷᠤᠯᠳᠤᠭᠠᠨ ᠨᠢ 17᠎ᠤ᠋ ᠡᠳᠦᠷ ᠪᠤᠯᠳᠠᠯ᠎ᠠ ᠶᠠᠪᠤᠭᠳᠠᠨ᠎ᠠ᠃