ᠬᠢᠩᠭᠠᠨ ᠠᠢᠮᠠᠭ᠎ᠤᠨ 《ᠠᠮᠢ ᠠᠬᠤᠢ᠎ᠶ᠋ᠢᠨ ᠨᠢᠭᠤᠴᠠ ᠲᠡᠮᠳᠡᠭ》 ᠬᠢᠭᠡᠳ 《ᠠᠵᠤ ᠦᠢᠯᠡᠰ᠎ᠦᠨ ᠪᠦᠰᠡᠯᠡᠯᠲᠡ ᠱᠢᠪᠲᠤᠯᠤᠬᠰᠠᠨ》 ᠵᠠᠮ
2025-10-16 09:36:55
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

《ᠮᠥᠬᠥᠯᠢᠭ ᠲᠤᠳᠤᠷᠭ᠎ᠠ》 ᠪᠠᠷ 300 ᠭᠠᠷᠤᠢ ᠳ᠋ᠦᠩᠱᠢᠭᠤᠷ ᠲᠥᠭᠥᠷᠢᠭ᠎ᠤᠨ ᠦᠷᠳᠡᠭ ᠪᠦᠬᠦᠢ ᠲᠦᠷᠦᠯ ᠲᠡᠮᠳᠡᠭ ᠎ᠢ ᠡᠭᠦᠳᠪᠠ


ᠠᠷᠪᠠᠨ ᠰᠠᠷ᠎ᠠ᠎ᠶ᠋ᠢᠨ ᠬᠢᠩᠭᠠᠨ ᠳᠠᠪᠠᠭ᠎ᠠ᠂ ᠲᠤᠲᠤᠷᠭ᠎ᠠ᠎ᠶ᠋ᠢᠨ ᠲᠠᠷᠢᠶ᠎ᠠ ᠪᠣᠯ ᠬᠠᠮᠤᠭ᠎ᠤᠨ ᠭᠤᠶᠤ ᠨᠠᠮᠤᠷ᠎ᠤᠨ ᠦᠵᠡᠮᠵᠢ᠄ ᠠᠯᠳᠠᠨ ᠱᠢᠷᠭᠠᠯ ᠲᠤᠲᠤᠷᠭᠠᠨ ᠲᠠᠷᠢᠶ᠎ᠠ ᠰᠠᠯᠬᠢᠨ᠎ᠤ ᠠᠶ᠎ᠠ᠎ᠪᠠᠷ ᠨᠠᠢᠭᠤᠵᠤ᠂ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ᠎ᠢᠶᠡᠷ ᠪᠢᠯᠬᠠᠨ᠎ᠠ᠃

ᠥᠩᠭᠡᠷᠡᠭ᠌ᠰᠡᠨ᠎ᠳᠦ᠂ 《ᠳᠤᠮᠳᠠᠳᠤ ᠤᠯᠤᠰ᠎ᠤᠨ ᠲᠤᠲᠤᠷᠭ᠎ᠠ ᠵᠢᠨ ᠠᠯᠳᠠᠨ ᠭᠤᠷᠪᠠᠯᠵᠢᠨ》 ᠬᠡᠮᠡᠭᠳᠡᠭᠰᠡᠨ ᠡᠨᠡ ᠬᠡᠰᠡᠭ ᠭᠠᠵᠠᠷ ᠱᠢᠷᠣᠢ ᠤᠰᠤᠨ ᠲᠤᠲᠤᠷᠭ᠎ᠠ᠎ᠶ᠋ᠢᠨ ᠠᠵᠤ ᠦᠢᠯᠡᠰ᠎ᠦᠨ 《ᠵᠢᠵᠢᠭ ᠲᠠᠷᠠᠬᠠᠢ ᠪᠠᠭᠤᠷᠠᠢ᠂ ᠪᠠᠷᠢᠮᠵᠢᠶ᠎ᠠ ᠦᠭᠡᠢ᠂ ᠦᠨ᠎ᠡ ᠳᠣᠣᠷ᠎ᠠ》 ᠵᠡᠷᠭᠡ ᠠᠰᠠᠭᠤᠳᠠᠯ᠎ᠤᠷᠤᠰᠢᠵᠤ ᠪᠠᠢᠵᠠᠢ᠃ ᠡᠳᠡᠭᠡᠷ ᠬᠦᠴᠢᠷᠳᠡᠯ᠎ᠢ ᠱᠢᠪᠲᠤᠯᠬᠤ᠎ᠶ᠋ᠢᠨ ᠲᠥᠯᠥᠭᠡ᠂ ᠬᠢᠩᠭᠠᠨ ᠠᠢᠮᠠᠭ ᠠᠮᠢ ᠠᠬᠤᠢ᠎ᠪᠠᠷ ᠰᠠᠭᠤᠷᠢ ᠲᠠᠯᠪᠢᠵᠤ᠂ ᠪᠠᠷᠢᠮᠵᠢᠶ᠎ᠠ ᠲᠦᠷᠢᠮ ᠲᠣᠭ᠍ᠲᠠᠭᠠᠯ ᠲᠣᠭ᠍ᠲᠠᠭᠠᠵᠤ᠂ ᠲᠦᠷᠦᠯ ᠲᠡᠮᠳᠡᠭ᠎ᠢ ᠡᠬᠦᠳᠬᠦ ᠪᠡᠷ ᠬᠦᠴᠢᠷ ᠢ᠋ ᠲᠤᠭᠤᠯᠬᠤ ᠰᠠᠢᠨ ᠠᠷᠭ᠎ᠠ ᠪᠤᠳᠤᠯᠭ᠎ᠠ᠎ᠶ᠋ᠢ ᠰᠦᠪᠡᠭ᠌ᠴᠢᠯᠡᠵᠦ᠍᠂ ᠲᠤᠲᠤᠷᠭ᠎ᠠ᠎ᠵᠢᠨ ᠦᠢᠯᠡᠰ᠎ᠤᠨ ᠬᠦᠭᠵᠢᠯᠳᠠ ᠵᠢᠨ ᠵᠠᠮ᠎ᠢ ᠳᠡᠪᠢᠰᠪᠡ᠃

ᠡᠨᠡ ᠬᠦ᠌ ᠴᠢᠷᠮᠠᠢᠯᠭ᠎ᠠ ᠨᠢ ᠡᠴᠦᠰ᠎ᠲᠡᠬᠡᠨ ᠰᠠᠢᠨ ᠦᠷ᠎ᠠ ᠪᠦᠳᠦᠮᠵᠢ ᠤᠯᠵᠠᠢ᠄ 26 ᠳ᠋ᠤᠭᠠᠷ ᠬᠤᠭᠤᠴᠠᠭᠠᠨ᠎ᠤ ᠣᠯᠠᠨ ᠤᠯᠤᠰ᠎ᠤᠨ ᠠᠮᠤ ᠪᠤᠳᠠᠭ᠎ᠠ ᠢᠳᠡᠭᠡᠨ᠎ᠦ ᠦᠨᠦᠷ ᠠᠮᠲᠠ᠎ᠶ᠋ᠢ ᠬᠢᠨᠠᠨ ᠱᠢᠯᠭᠠᠬᠤ ᠶᠡᠬᠡ ᠬᠤᠷᠠᠯ ᠳᠡᠭᠡᠷ᠎ᠡ᠂ ᠬᠢᠩᠭᠠᠨ ᠠᠢᠮᠠᠭ᠎ᠤᠨ ᠲᠤᠲᠤᠷᠭ᠎ᠠ ᠪᠥᠬᠥ᠌ ᠳᠡᠯᠡᠬᠡᠶ᠎ᠶ᠋ᠢᠨ 38 ᠤᠯᠤᠰ᠎ᠤᠨ ᠰᠣᠩᠭᠣᠨ ᠬᠦᠷᠭᠡᠭ᠌ᠰᠡᠨ 5136 ᠬᠤᠪᠢ ᠲᠤᠳᠤᠷᠭᠠᠨ ᠪᠤᠳᠠᠭ᠎ᠠ ᠵᠢᠨ ᠲᠤᠳᠤᠷ᠎ᠠ ᠡᠴᠡ ᠴᠣᠯᠭᠣᠷᠠᠨ ᠭᠠᠷᠴᠤ᠌᠂ 《ᠣᠨᠴᠠᠭᠠᠶ ᠱᠢᠯᠢᠳᠡᠭ ᠱᠠᠩᠨᠠᠯ》 ᠭᠥᠷᠳᠡᠵᠦ᠍᠂ ᠣᠯᠠᠨ ᠤᠯᠤᠰ᠎ᠤᠨ ᠲᠤᠰᠭᠠᠶ ᠮᠡᠷᠭᠡᠵᠢᠯ᠎ᠦᠨ ᠭᠡᠷᠡᠴᠢᠯᠡᠬᠡ ᠵᠢ ᠣᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠥᠪᠡᠷᠮᠢᠴᠡ ᠦᠨᠦᠷ ᠠᠮᠲᠠ᠎ᠶ᠋ᠢ ᠳᠡᠯᠡᠬᠡᠶ᠎ᠶ᠋ᠢᠨ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠷᠡᠰ᠎ᠦᠨ ᠵᠢᠬᠰᠠᠭᠠᠯᠳᠠ ᠳ᠋ᠤ ᠤᠷᠤᠭᠤᠯᠤᠬᠰᠠᠨ ᠪᠠᠢᠨ᠎ᠠ᠃

ᠬᠦᠴᠢᠷᠳᠡᠯ᠎ᠦᠨ ᠳᠤᠮᠳᠠ᠎ᠡᠴᠡ ᠪᠦᠰᠡᠯᠡᠯᠲᠡ ᠱᠢᠪᠲᠤᠯᠵᠤ᠂ ᠲᠠᠬᠢᠨ ᠳᠡᠯᠡᠬᠡᠢ᠎ᠳᠦ ᠠᠯᠳᠠᠷᠱᠢᠭ᠍ᠰᠠᠨ ᠬᠦᠷᠲᠡᠯ᠎ᠡ; 《ᠮᠥᠬᠥᠯᠢᠭ ᠲᠤᠳᠤᠷᠭ᠎ᠠ》 ᠡᠴᠡ ᠵᠢᠱ᠌ᠢᠯᠳᠠ ᠪᠠᠷ 307.55 ᠳ᠋ᠦᠩᠱᠢᠭᠤᠷ ᠲᠥᠭᠥᠷᠢᠭ᠎ᠤᠨ ᠦᠷᠳᠡᠭ᠎ᠲᠦ ᠬᠦᠷᠬᠦ ᠲᠣᠮᠣ ᠠᠵᠤ ᠦᠢᠯᠡᠰ ᠢ᠋ ᠪᠤᠢᠵᠢᠭᠤᠯᠤᠬᠰᠠᠨ ᠪᠠᠢᠨ᠎ᠠ᠃ ᠬᠢᠩᠭᠠᠨ ᠠᠢᠮᠠᠭ ᠤ᠋ᠨ ᠬᠢᠨ ᠴᠤᠬᠤᠮ ᠶᠠᠮᠠᠷᠱᠢᠤ 《ᠠᠮᠢ ᠠᠬᠤᠢ᠎ᠶ᠋ᠢᠨ ᠨᠢᠭᠤᠴᠠ ᠲᠡᠮᠳᠡᠭ》 ᠵᠢᠨᠷ  ᠶᠠᠮᠠᠷᠱᠢᠤ 《ᠠᠵᠤ ᠦᠢᠯᠡᠰ᠎ᠦᠨ ᠪᠦᠰᠡᠯᠡᠯᠲᠡ ᠱᠢᠪᠲᠤᠯᠬᠤ》 ᠵᠠᠮ᠎ᠢ ᠨᠡᠭᠡᠭᠡᠭ᠌ᠰᠡᠨ ᠪᠤᠢ?

ᠠᠮᠢ ᠠᠬᠤᠢ᠎ᠶ᠋ᠢᠨ ᠰᠠᠭᠤᠷᠢ᠎ᠶ᠋ᠢᠨ ᠴᠣᠭ᠍ᠴᠠᠯᠠᠯᠳᠠ᠄ 《ᠪᠠᠢᠭᠠᠯᠢ᠎ᠶ᠋ᠢᠨ ᠳᠠᠪᠠᠭᠤᠯᠢᠭ》 ᠡᠴᠡ 《ᠠᠵᠤ ᠦᠢᠯᠡᠰ᠎ᠦᠨ ᠲᠠᠪᠠᠭᠤᠯᠢᠭ》 ᠪᠤᠯᠭᠠᠨ ᠬᠤᠪᠢᠷᠠᠭᠤᠯᠬᠤ ᠵᠢ ᠪᠡᠶᠡᠯᠡᠬᠦᠯᠵᠠᠢ

ᠨᠠᠮᠤᠷ᠎ᠤᠨ ᠤᠯᠠᠷᠢᠯ᠎ᠤᠨ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠲᠠᠷᠢᠶᠠᠨ᠎ᠳᠤ 《ᠲᠤᠲᠤᠷᠭ᠎ᠠ ᠵᠢᠭᠠᠰᠤ ᠬᠠᠮᠲᠤ ᠣᠷᠣᠱᠢᠬᠤ》 ᠬᠣᠣᠰ ᠡᠯᠪᠡᠭ ᠬᠤᠷᠢᠶᠠᠯᠲᠠ᠎ᠶ᠋ᠢᠨ ᠪᠠᠢᠳᠠᠯ ᠢᠯᠡᠷᠡᠪᠡ᠃ ᠤᠯᠠᠭᠠᠨᠬᠣᠲᠠ᠎ᠶ᠋ᠢᠨ ᠢᠯᠠᠯᠲᠠ ᠪᠠᠯᠭᠠᠰᠤᠨ᠎ᠤ ᠬᠤᠵᠢᠷᠯᠢᠭ ᠭᠠᠵᠠᠷ᠎ᠤᠨ ᠵᠢᠭᠠᠰᠤᠨ᠎ᠤ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠲᠣᠭᠣᠷᠢᠭ᠎ᠲᠤ᠂ 《ᠲᠤᠲᠤᠷᠭ᠎ᠠ — ᠰᠠᠮ ᠬᠣᠷᠣᠬᠠᠶ》 ᠬᠠᠮᠳᠤ ᠤᠷᠤᠰᠢᠬᠤ ᠲᠠᠷᠢᠶᠠᠨ ᠭᠠᠵᠠᠷ ᠨᠢ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠱᠢᠨ᠎ᠡ ᠰᠡᠪᠡᠬᠦᠨ ᠥᠯᠢᠭᠡᠷ ᠬᠡᠪ ᠪᠣᠯᠪᠠ᠃ 《7 ᠮᠦ᠍ ᠲᠠᠷᠢᠶᠠᠨ᠎ᠡᠴᠡ 1500 ᠵᠢᠩ ᠵᠢᠵᠢᠭ ᠤᠮᠠᠷ ᠬᠤᠷᠢᠶᠠᠵᠤ᠂ ᠮᠦ᠍ ᠨᠢᠬᠡᠴᠢ᠎ᠶ᠋ᠢᠨ ᠤᠨᠠᠯᠲᠠ 200 ᠵᠢᠩ᠎ᠢ ᠳᠠᠪᠠᠵᠤ᠂ ᠴᠡᠪᠡᠷ ᠣᠷᠣᠯᠭ᠎ᠠ 1300 ᠲᠥᠭᠥᠷᠢᠭ᠎ᠡᠴᠡ ᠳᠡᠭᠡᠭ᠌ᠰᠢ ᠨᠡᠮᠡᠭ᠌ᠳᠡᠪᠡ》᠃ ᠤᠯᠠᠭᠠᠨᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ᠎ᠢ ᠳᠡᠯᠭᠡᠷᠡᠭᠦᠯᠬᠦ᠌ ᠲᠥᠪ᠎ᠦᠨ ᠤᠰᠤᠨ ᠭᠠᠷᠤᠯᠲᠠ᠎ᠶ᠋ᠢᠨ ᠲᠠᠰᠤᠭ᠎ᠤᠨ ᠬᠠᠷᠢᠭᠤᠴᠠᠯᠭᠠᠲᠠᠨ ᠸᠠᠩ ᠱᠸᠤ ᠹᠸᠩ᠄ ᠡᠢᠮᠦᠷᠬᠦᠦ ᠵᠠᠭ᠍ᠪᠤᠷ᠎ᠨᠢ ᠤᠰᠤᠨ ᠲᠤᠲᠤᠷᠭ᠎ᠠ᠎ᠶ᠋ᠢᠨ ᠶᠠᠰᠤ ᠴᠢᠨᠠᠷ᠎ᠢ ᠨᠠᠩ ᠰᠠᠢᠨ ᠪᠣᠯᠭᠠᠬᠤ᠎ᠪᠠᠷ ᠪᠠᠷᠠᠬᠤ ᠥᠬᠡᠶ ᠪᠠᠰᠠ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠪᠡ ᠭᠡᠪᠡ᠃

ᠳᠡᠮᠡᠢ ᠬᠤᠯᠠ ᠦᠭᠡᠢ ᠪᠠᠢᠭ᠎ᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠷᠠᠰᠤᠨ ᠪᠠᠯᠭᠠᠰᠤᠨ᠎ᠤ 《ᠲᠤᠲᠤᠷᠭ᠎ᠠ ᠵᠢᠭᠠᠰᠤ》 ᠵᠢᠨ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ ᠲᠤ᠌ ᠮᠥᠨ ᠬᠦ᠌ ᠲᠤᠳᠤᠷᠭ᠎ᠠ ᠨᠢ ᠲᠦᠷᠦᠵᠤ ᠵᠢᠭᠠᠰᠤ ᠨᠢ ᠡᠯᠪᠡᠭ ᠬᠤᠷᠢᠶᠠᠪᠠ᠃ ᠲᠤᠲᠤᠷᠭ᠎ᠠ᠎ᠶ᠋ᠢᠨ ᠲᠠᠷᠢᠶᠠᠨ᠎ᠡᠴᠡ ᠱᠦᠭᠦᠵᠦ᠍ ᠭᠠᠷᠭᠠᠭ᠍ᠰᠠᠨ 《ᠹᠦ᠋ ᠷᠦᠢ ᠮᠥᠷᠭᠥ᠌ ᠵᠢᠭᠠᠰᠤ》 ᠨᠢ ᠲᠤᠤᠷ ᠲᠤᠳᠤᠷ᠎ᠠ ᠦᠰᠦᠷᠬᠢᠯᠠᠵᠤ᠂ ᠨᠢᠬᠡ ᠨᠢᠬᠡ ᠪᠡᠷ᠎ᠢᠶᠡᠨ ᠮᠠᠰᠢ ᠲᠤᠮᠤ ᠬᠠᠷᠠᠬᠳᠠᠨ᠎ᠠ᠃ ᠬᠢᠩᠭᠠᠨ ᠠᠢᠮᠠᠭ᠎ᠤᠨ ᠵᠢᠶᠠ ᠾᠧ ᠠᠮᠤ ᠪᠤᠳᠠᠭᠠᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠲᠠᠩ ᠵᠦᠩ ᠯᠢᠨ᠄ 《ᠡᠨᠡ ᠵᠢᠯ 3 ᠯᠠᠩ᠎ᠤᠨ ᠵᠢᠷᠠᠭᠠᠬᠠᠢ ᠵᠢ 500 ᠵᠢᠩ ᠲᠠᠯᠪᠢᠵᠤ ᠣᠷᠣᠭᠤᠯᠪᠠ᠂ ᠤᠳᠤ ᠪᠦᠷ 2 ᠵᠢᠩ ᠱᠢᠬᠠᠮ ᠪᠤᠯᠵᠤ᠂ ᠦᠷ᠎ᠡ ᠠᠱᠢᠭ ᠣᠨᠴᠠᠭᠠᠢ ᠰᠠᠢ᠌ᠨ ᠪᠠᠢᠨ᠎ᠠ!》 ᠬᠡᠵᠤ ᠪᠠᠶᠠᠷᠳᠠᠢᠬᠠᠨ ᠶᠠᠷᠢᠵᠤ ᠪᠠᠢᠯ᠎ᠠ᠃

ᠠᠮᠢ ᠠᠬᠤᠶ᠎ᠶ᠋ᠢᠨ ᠳᠠᠪᠠᠭᠤᠯᠢᠭ᠎ᠢ ᠠᠵᠤ ᠦᠶ᠋ᠯᠡᠰ᠎ᠦᠨ ᠲᠠᠪᠠᠭᠤᠯᠢᠭ ᠪᠣᠯᠭᠠᠨ ᠬᠤᠪᠢᠷᠠᠭᠤᠯᠬᠤ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠤᠯᠭᠤᠬᠤ ᠡᠴᠡ ᠰᠠᠯᠵᠤ ᠴᠢᠳᠠᠬᠤ ᠥᠬᠡᠶ ᠶᠤᠮ᠃ 《ᠰᠠᠢᠨ ᠡᠭᠦᠯᠳᠡᠷ ᠎ᠢ ᠰᠣᠩᠭᠣᠨ ᠪᠣᠢᠵᠢᠭᠤᠯᠬᠤ᠂ ᠦᠨᠳᠦᠰᠦᠨ ᠪᠥᠲᠥᠭᠡᠨ ᠪᠠᠢᠭᠤᠯᠤᠯᠲᠠ᠎ᠶ᠋ᠢ ᠰᠠᠢᠵᠢᠷᠠᠭᠤᠯᠬᠤ᠂ ᠪᠣᠬᠢᠷᠲᠤᠯ ᠥᠬᠡᠶ ᠮᠡᠷᠭᠡᠵᠢᠯ᠎ᠦᠨ ᠬᠡᠷᠡᠭ᠌ᠯᠡᠯᠲᠡ ᠪᠣᠯ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠶᠠᠰᠤ ᠴᠢᠨᠡᠷ᠎ᠢ ᠲᠠᠰ ᠳᠡᠪᠱᠢᠭᠦᠯᠦᠭᠰᠡᠨ ᠤ᠋ ᠵᠠᠩᠭᠢᠯᠠᠭ᠎ᠠ ᠪᠣᠯᠤᠨ᠎ᠠ》 ᠭᠡᠵᠦ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶ᠋ᠢᠨ ᠳᠠᠷᠤᠭ᠎ᠠ ᠯᠢ ᠵᠧᠨ ᠯᠢᠨ ᠭᠤᠤᠯ ᠢ᠋ ᠨᠢ ᠤᠨᠤᠭᠠᠵᠤ ᠬᠡᠯᠡᠪᠡ᠃

8 ᠰᠠᠷ᠎ᠠ᠎ᠶ᠋ᠢᠨ 31 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠤᠰᠤᠨ ᠲᠤᠲᠤᠷᠭ᠎ᠠ᠎ᠶ᠋ᠢᠨ ᠬᠤᠪᠢᠶᠠᠷᠢ ᠲᠥᠪ ᠵᠠᠯᠠᠢᠳ ᠬᠣᠱᠢᠭᠤᠨ᠎ᠤ ᠤᠯᠤᠰ᠎ᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠎ᠳᠦ ᠫᠠᠢᠰᠠ ᠡᠯᠬᠦᠵᠤ ᠂ ᠬᠢᠩᠭᠠᠨ ᠠᠢᠮᠠᠭ᠎ᠤᠨ ᠤᠰᠤᠨ ᠲᠤᠲᠤᠷᠭ᠎ᠠ᠎ᠶ᠋ᠢᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠲᠠᠷᠢᠶᠠᠯᠠᠩ᠎ᠳᠤ ᠬᠦᠴᠦᠨ ᠣᠯᠭᠣᠬᠤ 《ᠵᠠᠩᠭᠢᠯᠠᠭ᠎ᠠ᠎ᠶ᠋ᠢᠨ ᠦᠰᠦᠷᠦᠯᠲᠡ》 ᠶ᠋ᠢ ᠪᠡᠶᠡᠯᠡᠭᠦᠯᠪᠡ᠃

ᠦᠷ᠎ᠡ ᠪᠣᠢᠵᠢᠭᠤᠯᠬᠤ᠎ᠡᠴᠡ ᠡᠳ᠋ᠱᠢᠭᠦᠯᠦᠨ ᠪᠤᠯᠪᠠᠰᠤᠷᠠᠭᠤᠯᠬᠤ ᠬᠦᠷᠲᠡᠯ᠎ᠡ  ᠣᠳᠣᠬᠠᠨ᠎ᠳᠤ ᠬᠢᠩᠭᠠᠨ ᠠᠢᠮᠠᠭ ᠨᠢᠭᠡᠨᠲᠡ ᠪᠦᠬᠦ᠌ ᠬᠡᠯᠬᠢᠶ᠎ᠠ ᠵᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠪᠠ᠃ ᠶᠤᠸᠠᠨ ᠯᠦᠩ ᠫᠢᠩ ᠤᠰᠤᠨ ᠲᠤᠲᠤᠷᠭ᠎ᠠ᠎ᠶ᠋ᠢᠨ ᠠᠺᠠᠳᠧᠮᠢᠴᠢ᠎ᠶ᠋ᠢᠨ ᠠᠵᠢᠯᠯᠠᠬᠤ ᠥᠷᠲᠡᠭᠡ᠂ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠬᠦᠴᠦᠨ᠎ᠳᠦ ᠲᠦᠱᠢᠭ᠌ᠯᠡᠨ᠂ ᠲᠤᠬᠠᠶ᠎ᠶ᠋ᠢᠨ ᠭᠠᠵᠠᠷ᠎ᠲᠤ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠰᠠᠢᠨ ᠡᠭᠦᠯᠳᠡᠷ ᠎ᠢ ᠦᠷᠡᠵᠢᠭᠦᠯᠦᠨ ᠪᠣᠢᠵᠢᠭᠤᠯᠬᠤ ᠱᠢᠰᠲ᠋ᠧᠮ ᠢ᠋ ᠪᠠᠢᠭᠤᠯᠤᠨ ᠪᠦᠲᠦᠭᠡᠵᠦ᠍᠂ ᠰᠠᠢᠨ ᠡᠭᠦᠯᠳᠡᠷ᠎ᠢ ᠪᠦᠷᠬᠦᠬᠦᠯᠬᠦ ᠨᠣᠷᠮ᠎ᠠ 98%᠎ᠳ᠋ᠤ ᠬᠥᠷᠪᠡ;  ᠭᠣᠣᠯ ᠳᠠᠭᠠᠤ᠎ᠶ᠋ᠢᠨ ᠥᠩ ᠱᠢᠮᠡᠯᠢᠭ ᠬᠥᠷᠥᠰᠥ᠍ ᠱᠢᠷᠣᠢ᠎ᠳᠤ ᠠᠵᠤ ᠦᠢᠯᠡᠰ᠎ᠦᠨ ᠰᠠᠭᠤᠷᠢᠨ ᠪᠠᠢᠭᠤᠯᠵᠤ᠂ ᠬᠡᠪᠴᠢᠶᠡᠵᠢᠭᠦᠯᠦᠨ ᠡᠵᠡᠩᠨᠡᠬᠦ᠌᠂ ᠡᠪᠡᠳᠴᠢᠨ ᠬᠣᠷᠣᠬᠠᠢ ᠡᠪᠡᠰᠦᠨ᠎ᠦ ᠬᠥᠨᠥᠭᠡᠯ ᠎ᠢ ᠪᠣᠬᠢᠷᠲᠤᠯ ᠦᠭᠡᠢ᠎ᠪᠡᠷ ᠰᠡᠷᠭᠡᠢᠯᠡᠨ ᠡᠵᠡᠮᠳᠡᠬᠦ᠌᠂ ᠭᠦᠨᠴᠡ ᠵᠢ ᠬᠡᠮᠵᠢᠵᠦ᠍ ᠪᠣᠷᠳᠤᠭᠤᠷ ᠣᠷᠣᠭᠤᠯᠬᠤ ᠵᠡᠷᠭᠡ ᠮᠡᠷᠭᠡᠵᠢᠯ᠎ᠢ ᠥᠷᠭᠡᠨ ᠬᠡᠷᠡᠭ᠌ᠯᠡᠬᠦ᠌ ᠎ᠶ᠋ᠢ ᠠᠬᠢᠭᠤᠯᠵᠤ᠂ ᠲᠤᠲᠤᠷᠭ᠎ᠠ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠲᠡᠭᠡᠭᠰᠢᠯᠡᠬᠦᠯᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠣᠯᠭᠣᠬᠰᠠᠨ ᠦᠷ᠎ᠡ ᠪᠦᠲᠦᠮᠵᠢ ᠵᠢ ᠤᠨᠠᠯᠲᠠ᠎ᠶ᠋ᠢ ᠬᠡᠮᠵᠢᠬᠦ᠌ ᠲᠣᠭ᠎ᠠ ᠪᠠᠷᠢᠮᠲᠠ᠎ᠡᠴᠡ ᠱᠢᠭᠤᠳ ᠮᠡᠳᠡᠵᠦ ᠪᠤᠯᠤᠨ᠎ᠠ᠃ 《ᠤᠨᠠᠯᠳᠠ ᠵᠢᠨ ᠭᠡᠮᠵᠢᠶ᠎ᠡ ᠳᠠᠬᠢᠨᠲᠠ ᠰᠢᠨ᠎ᠡ ᠲᠡᠮᠳᠡᠭ᠌ᠯᠡᠯ᠎ᠢ ᠡᠭᠦᠳᠪᠡ!》 ᠣᠢᠷ᠎ᠠ᠎ᠳᠤ ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠤ ᠪᠦᠦ ᠴᠢᠤᠸᠠᠨ ᠲᠣᠰᠭᠣᠨ᠎ᠤ ᠵᠢᠱ᠌ᠢᠶ᠎ᠡ ᠦᠵᠡᠭᠦᠯᠬᠦ᠌ ᠲᠠᠷᠢᠶᠠᠨ᠎ᠳᠤ  ᠲᠤᠰᠭᠠᠶ ᠮᠡᠷᠭᠡᠵᠢᠯᠲᠡᠨ 1.18 ᠮᠥ᠍ 《ᠵᠦᠩ ᠺᠸ ᠹᠠ 5 ᠳ᠋ᠤᠭᠠᠷ ᠨᠤᠮᠸᠷᠳᠤ》 ᠤᠰᠤᠨ ᠲᠤᠲᠤᠷᠭ᠎ᠠ᠎ᠶ᠋ᠢᠨ ᠤᠨᠠᠯᠳᠠ  863.1 ᠺᠢᠯᠣᠭ᠌ᠷᠠᠮ ᠳ᠋ᠤ ᠬᠦᠷᠦᠭᠰᠡᠨ ᠢ᠋ ᠬᠡᠮᠵᠢᠨ ᠭᠠᠷᠭᠠᠪᠠ᠂ ᠡᠨᠡ ᠨᠢ 2024 ᠣᠨ᠎ᠤ ᠲᠤᠬᠠᠶ᠎ᠶ᠋ᠢᠨ ᠭᠠᠵᠠᠷ᠎ᠤᠨ 785.9 ᠺᠢᠯᠣᠭ᠌ᠷᠠᠮ᠎ᠤᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭ᠌ᠯᠡᠯ᠎ᠡᠴᠡ 77.2 ᠺᠢᠯᠣᠭ᠌ᠷᠠᠮ ᠳᠡᠭᠡᠭ᠌ᠰᠢᠯᠡᠵᠦ᠍᠂ ᠲᠣᠰ ᠭᠠᠵᠠᠷ ᠣᠷᠣᠨ᠎ᠤ ᠲᠡᠮᠳᠡᠭ᠌ᠯᠡᠯ᠎ᠢ ᠳᠠᠬᠢᠨᠲᠠ ᠱᠢᠨᠡᠳᠭᠡᠪᠡ᠃

ᠪᠠᠷᠢᠮᠵᠢᠶ᠎ᠠ᠎ᠶ᠋ᠢᠨ ᠲᠠᠰ ᠳᠠᠪᠱᠢᠯᠲᠠ᠄ 《ᠲᠠᠷᠠᠬᠠᠶ ᠪᠤᠲᠠᠷᠬᠠᠶ ᠳᠠᠷᠢᠬᠤ》 ᠪᠠᠢᠬᠰᠠᠨ ᠡᠴᠡ 《ᠶᠠᠰᠤ ᠴᠢᠨᠠᠷ᠎ᠤᠨ ᠦᠯᠢᠭᠡᠷ ᠳᠠᠭᠤᠷᠢᠶᠠᠯ》ᠪᠤᠯᠤᠭᠰᠠᠨ ᠬᠦᠷᠲᠡᠯ᠎ᠡ

ᠬᠢᠩᠭᠠᠨ ᠠᠢᠮᠠᠭ᠎ᠤᠨ ᠲᠠᠯ᠎ᠠ ᠨᠤᠲᠤᠭ᠎ᠤᠨ ᠰᠠᠨ ᠾᠧ ᠣᠷᠭᠠᠨᠢᠭ ᠲᠠᠷᠢᠶᠠᠯᠠᠩ᠎ᠤᠨ ᠨᠡᠭᠡᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠡᠳ᠋ᠱᠢᠭᠦᠯᠦᠨ ᠪᠣᠯᠪᠠᠰᠤᠷᠠᠭᠤᠯᠬᠤ ᠲᠠᠰᠤᠭ᠎ᠲᠤ ᠬᠦᠷᠬᠦ ᠳ᠋ᠤ  ᠠᠵᠢᠯᠴᠢᠳ ᠶᠠᠭ ᠱᠢᠨ᠎ᠡ᠎ᠪᠡᠷ ᠵᠢᠷᠤᠵᠤ ᠲᠥᠯᠥᠪᠯᠡᠭ᠌ᠰᠡᠨ ᠪᠣᠭᠣᠳᠠᠯ ᠵᠢᠡᠷ ᠬᠢᠩᠭᠠᠨ ᠠᠢᠮᠠᠭ᠎ᠤᠨ ᠲᠤᠲᠤᠷᠭ᠎ᠠ᠎ᠶ᠋ᠢ ᠨᠢᠭᠡᠳᠦᠯᠲᠡᠶ ᠪᠣᠭᠣᠳᠠᠯᠯᠠᠵᠤ ᠪᠠᠢᠯ᠎ᠠ᠃ ᠪᠣᠭᠣᠳᠠᠯ ᠳᠡᠭᠡᠷᠡᠬᠢ GI ᠲᠡᠮᠳᠡᠭ ᠣᠨᠴᠠᠭᠠᠶ ᠢᠯᠡ ᠬᠠᠷᠠᠭ᠍ᠳᠠᠨ᠎ᠠ — ᠴᠢᠨᠠᠷ ᠰᠠᠢᠲᠠᠶ ᠬᠢᠩᠭᠠᠨ ᠠᠢᠮᠠᠭ᠎ᠤᠨ ᠲᠤᠲᠤᠷᠭ᠎ᠠ ᠡᠨᠳᠡ᠎ᠡᠴᠡ ᠪᠥᠬᠥ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭ᠍ᠳᠠᠳᠠᠭ᠃ 2021 ᠣᠨ᠎ᠳᠤ ᠬᠢᠩᠭᠠᠨ ᠠᠢᠮᠠᠭ᠎ᠤᠨ ᠲᠤᠲᠤᠷᠭ᠎ᠠ᠎ᠨᠢ ᠥᠪᠥᠷ ᠮᠣᠩᠭᠣᠯ᠎ᠤᠨ ᠠᠩᠬᠠᠳᠠᠭ᠍ᠴᠢ ᠤᠯᠤᠰ᠎ᠤᠨ ᠭᠠᠵᠠᠷ ᠵᠦᠶ᠎ᠶ᠋ᠢᠨ ᠢᠯᠡᠷᠬᠡᠢᠯᠡᠯ᠎ᠤᠨ ᠭᠡᠷᠡᠴᠢᠯᠡᠯ᠎ᠢ ᠣᠯᠤᠭ᠍ᠰᠠᠨ ᠠᠮᠤ ᠪᠤᠳᠠᠭᠠᠨ᠎ᠤ ᠪᠦᠲᠦᠭᠡᠭ᠌ᠳᠡᠬᠦᠨ ᠪᠣᠯᠪᠠ᠃ ᠡᠭᠦᠨ᠎ᠦ ᠠᠷᠤ᠎ᠳᠤ ᠲᠤᠬᠠᠶ᠎ᠶ᠋ᠢᠨ ᠭᠠᠵᠠᠷ᠎ᠤᠨ 《ᠲᠥᠷᠥᠯ ᠵᠦᠶ᠋ᠯ  ᠪᠠᠢᠭᠰᠠᠨ ᠴᠸ᠋ ᠲᠥᠷᠥᠯ ᠲᠡᠮᠳᠡᠭ ᠥᠬᠡᠶ》 ᠪᠠᠢᠳᠠᠯ᠎ᠢ ᠡᠪᠳᠡᠭᠰᠡᠨ ᠪᠡᠷᠬᠡ ᠬᠠᠲᠠᠭᠤᠵᠢᠯᠲᠠᠶ ᠶᠠᠪᠤᠴᠠ ᠪᠤᠯᠤᠨ᠎ᠠ᠃

《ᠥᠩᠭᠡᠷᠡᠭ᠌ᠰᠡᠨ᠎ᠳᠦ ᠡᠯ᠎ᠡ ᠠᠵᠤ ᠠᠬᠤᠢᠯᠠᠯ ᠲᠤᠰ ᠲᠤᠰ᠎ᠲᠠᠭᠠᠨ ᠪᠠᠢᠯᠳᠤᠵᠤ᠂ ᠵᠠᠬ᠎ᠠ ᠳᠡᠯᠭᠡᠭᠦᠷ ᠳᠡᠭᠡᠷ᠎ᠡ ᠠᠷᠪᠠᠨ ᠬᠡᠳᠦᠨ ᠵᠦᠢᠯ᠎ᠦᠨ ᠪᠣᠭᠣᠳᠠᠯ ᠪᠠᠭ᠍ᠯᠠᠭ᠎ᠠ᠎ᠶ᠋ᠢᠨ ᠵᠠᠭ᠍ᠪᠤᠷ ᠪᠠᠢᠬᠰᠠᠨ》᠃ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠲᠢᠶᠠᠨ ᠷᠦᠢ ᠯᠦᠩ ᠲᠦᠷᠦᠯ ᠲᠡᠮᠳᠡᠭ᠎ᠢ ᠨᠡᠢᠳᠬᠡᠬᠦ᠎ᠶ᠋ᠢᠨ ᠡᠪᠡᠷᠱᠢᠶᠡᠯᠳᠦ ᠬᠤᠭᠤᠴᠠᠭ᠎ᠠ᠎ᠶ᠋ᠢ ᠡᠷᠭᠢᠴᠡᠭᠦᠯᠪᠡ᠃ ᠡᠨᠡᠬᠦ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ ᠬᠢᠩᠭᠠᠨ ᠠᠢᠮᠠᠭ ᠤ᠋ᠨ ᠲᠤᠲᠤᠷᠭ᠎ᠠ᠎ᠶ᠋ᠢᠨ ᠨᠡᠢᠭᠡᠮᠯᠢᠭ ᠪᠠᠢᠭᠤᠯᠵᠤ᠂ ᠪᠦᠷᠢᠨ ᠲᠡᠭᠦᠯᠳᠡᠷ ᠲᠥᠷᠥᠯ ᠲᠡᠮᠳᠡᠭ᠎ᠦᠨ ᠲᠦᠷᠢᠮ᠎ᠦᠨ ᠱᠢᠰᠲ᠋ᠧᠮ᠎ᠢ ᠪᠠᠢᠭᠤᠯᠪᠠ᠄ ᠭᠠᠷᠤᠯᠲᠠ᠎ᠶ᠋ᠢᠨ ᠣᠷᠣᠨ᠎ᠤ ᠣᠷᠴᠢᠨ ᠲᠣᠭᠣᠷᠢᠨ᠂ ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ᠂ ᠡᠳ᠋ᠱᠢᠭᠦᠯᠬᠦ᠌ ᠲᠦᠷᠢᠮ ᠲᠣᠭ᠍ᠲᠠᠭᠠᠯ ᠵᠡᠷᠭᠡ 9 ᠵᠦᠶ᠋ᠯ᠎ᠦᠨ 《ᠬᠢᠩᠭᠠᠨ ᠠᠢᠮᠠᠭ᠎ᠤᠨ ᠲᠤᠲᠤᠷᠭ᠎ᠠ》 ᠶ᠋ᠢᠨ ᠪᠠᠷᠢᠮᠵᠢᠶ᠎ᠠ᠎ᠶ᠋ᠢ ᠨᠡᠢᠲᠡᠯᠡᠨ ᠬᠡᠷᠡᠭ᠌ᠵᠢᠭᠦᠯᠪᠡ; ᠪᠣᠬᠢᠷᠲᠤᠯ ᠥᠬᠡᠶ᠂ ᠣᠷᠭᠠᠨᠢᠭ ᠲᠠᠷᠢᠮᠠᠯ᠎ᠤᠨ ᠰᠠᠭᠤᠷᠢᠨ ᠭᠠᠵᠠᠷ᠎ᠤᠨ ᠭᠡᠷᠡᠴᠢᠯᠡᠯ ᠤᠯᠬᠤ᠎ᠵᠢ ᠳᠡᠮᠵᠢᠪᠠ; ᠲᠦᠭᠦᠬᠡᠶ ᠡᠳ᠋ ᠬᠤᠳᠠᠯᠳᠤᠨ ᠠᠪᠬᠤ ᠪᠠᠳᠤᠯᠠᠨ ᠳᠠᠭᠠᠭᠠᠬᠤ ᠰᠠᠭᠤᠷᠢ ᠮᠥᠩᠭᠥ᠌ ᠵᠢ ᠪᠠᠢᠭᠤᠯᠪᠠ; ᠲᠤᠰᠭᠠᠶ ᠳᠡᠯᠭᠡᠭᠦᠷ ᠪᠠ ᠳᠠᠮᠵᠢᠭᠤᠯᠤᠨ ᠬᠥᠮᠥᠷᠭᠡᠯᠡᠬᠦ᠌ ᠬᠦᠮᠦᠷᠭᠡ ᠵᠢ ᠪᠠᠢᠷᠢᠱᠢᠭᠤᠯᠪᠠ ᠁ ᠨᠢᠭᠡ ᠢᠵᠢ 《ᠬᠠᠮ ᠠᠷᠭ᠎ᠠ ᠬᠡᠮᠵᠢᠶ᠎ᠡ》 ᠶ᠋ᠢ ᠬᠡᠷᠡᠭ᠌ᠵᠢᠭᠦᠯᠵᠦ᠍᠂ ᠦᠶ᠋ᠯᠡᠳᠪᠦᠷᠢᠯᠡᠯ᠎ᠦᠨ ᠪᠠᠷᠢᠮᠵᠢᠶᠠᠵᠢᠭᠤᠯᠤᠯᠲᠠ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠂ ᠠᠮᠤ ᠪᠤᠳᠠᠭᠠᠨ᠎ᠤ ᠠᠵᠤ ᠦᠶ᠋ᠯᠡᠰ᠎ᠢ ᠡᠷᠡᠭᠦᠯ ᠬᠥᠭ᠌ᠵᠢᠯᠲᠡ᠎ᠶ᠋ᠢᠨ ᠵᠠᠮ᠎ᠳᠤ ᠣᠷᠣᠭᠤᠯᠪᠠ᠃

ᠣᠳᠣᠬᠠᠨ ᠪᠣᠯᠲᠠᠯ᠎ᠠ ᠬᠢᠩᠭᠠᠨ ᠠᠢᠮᠠᠭ᠎ᠲᠤ ᠨᠢᠭᠡᠨᠲᠡ ᠲᠤᠲᠤᠷᠭ᠎ᠠ ᠦᠶ᠋ᠯᠡᠳᠪᠦᠷᠢᠯᠡᠵᠦ᠍ ᠡᠳ᠋ᠱᠢᠭᠦᠯᠦᠨ ᠪᠤᠯᠪᠠᠰᠤᠷᠠᠭᠤᠯᠬᠤ ᠭᠤᠤᠯ ᠴᠣᠭ᠍ᠴᠠ 57 ᠪᠠᠢᠵᠤ᠂ ᠪᠣᠷᠣᠯᠠᠭᠤᠯᠭ᠎ᠠ᠎ᠶ᠋ᠢᠨ ᠣᠷᠣᠯᠭ᠎ᠠ᠎ᠨᠢ 18.5 ᠳ᠋ᠦᠩᠱᠢᠭᠤᠷ ᠲᠥᠭᠥᠷᠢᠭ᠎ᠲᠦ ᠬᠦᠷᠴᠡᠶ᠃ ᠪᠥᠬᠥ᠌ ᠠᠢᠮᠠᠭ᠎ᠤᠨ ᠲᠤᠲᠤᠷᠭ᠎ᠠ᠎ᠶ᠋ᠢᠨ ᠲᠠᠷᠢᠶᠠᠨ᠎ᠤ ᠶᠡᠷᠦᠩᠬᠡᠶ ᠲᠠᠯᠠᠪᠠᠶ 110 ᠲᠦᠮᠡᠨ ᠮᠥ᠍ ᠱᠢᠬᠠᠮ ᠪᠠᠢᠵᠤ᠂ ᠡᠭᠦᠨ᠎ᠳᠦ ᠪᠣᠬᠢᠷᠲᠤᠯ ᠥᠬᠡᠶ ᠣᠷᠭᠠᠨᠢᠭ᠎ᠤᠨ ᠭᠡᠷᠡᠴᠢᠯᠡᠯ ᠤᠯᠤᠭᠰᠠᠨ ᠲᠠᠯᠠᠪᠠᠶ 80 ᠲᠦᠮᠡᠨ ᠮᠥ᠍ ᠱᠢᠬᠠᠮ ᠪᠠᠢᠨ᠎ᠠ᠃

ᠠᠵᠤ ᠦᠢᠯᠡᠰ᠎ᠦᠨ ᠬᠥᠭ᠌ᠵᠢᠯᠲᠡ᠎ᠶ᠋ᠢᠨ ᠴᠡᠪᠡᠷ ᠠᠱᠢᠭ ᠲᠠᠷᠢᠶᠠᠴᠢᠨ ᠡᠷᠦᠬᠡ ᠵᠢᠨ ᠭᠠᠷ ᠲᠤ᠌ ᠤᠷᠤᠪᠠ᠃ ᠬᠢᠩᠭᠠᠨ ᠠᠢᠮᠠᠭ ᠲᠦᠭᠦᠬᠡᠶ ᠮᠠᠲ᠋ᠧᠷᠢᠶᠠᠯ᠎ᠤᠨ ᠰᠠᠭᠤᠷᠢᠨ᠎ᠢ 《ᠨᠢᠭᠡᠳᠦᠭᠡᠷ ᠦᠶ᠋ᠯᠡᠳᠪᠦᠷᠢ᠎ᠶ᠋ᠢᠨ ᠲᠠᠰᠤᠭ》 ᠪᠠ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ ᠪᠦᠲᠦᠮᠵᠢᠲᠡᠶ ᠠᠷᠭ᠎ᠠ ᠵᠠᠮ ᠪᠣᠯᠭᠠᠨ ᠪᠥᠬᠥ᠌ ᠬᠦᠴᠦᠨ᠎ᠢᠶᠡᠷ᠎ᠢᠶᠡᠨ ᠴᠢᠩᠭ᠎ᠠ ᠰᠠᠢᠲᠤᠷ ᠠᠳᠭᠤᠵᠤ᠂ 5 ᠲᠦᠮᠡᠨ ᠮᠤ᠌ ᠶ᠋ᠢᠨ ᠲᠠᠰ᠎ᠤᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ ᠲᠠᠷᠢᠮᠠᠯ᠎ᠤᠨ ᠰᠠᠭᠤᠷᠢᠨ᠎ᠢ ᠪᠠᠢᠭᠤᠯᠬᠤ᠎ᠶ᠋ᠢᠨ ᠬᠠᠮᠲᠤ ᠲᠤᠲᠤᠷᠭ᠎ᠠ᠎ᠶ᠋ᠢᠨ ᠠᠵᠤ ᠠᠬᠤᠢᠯᠠᠯ᠂ ᠬᠣᠷᠱᠢᠶ᠎ᠠ᠎ᠶ᠋ᠢ ᠬᠥᠲᠥᠯᠥᠨ ᠵᠢᠯᠣᠭᠣᠳᠴᠤ᠌ ᠲᠠᠷᠢᠶᠠᠴᠢᠨ ᠡᠷᠦᠬᠡ᠎ᠲᠠᠢ ᠬᠣᠯᠪᠣᠵᠤ᠂ ᠲᠥᠷᠥᠯ ᠵᠦᠶ᠋ᠯ᠂ ᠮᠡᠷᠭᠡᠵᠢᠯ᠎ᠦᠨ ᠵᠢᠯᠣᠭᠣᠳᠣᠯᠭ᠎ᠠ ᠵᠡᠷᠭᠡ ᠦᠶ᠋ᠯᠡᠴᠢᠯᠡᠭᠡ ᠬᠠᠩᠭᠠᠪᠠ᠃

《ᠭᠠᠵᠠᠷ ᠱᠢᠷᠣᠶ ᠵᠢᠨ ᠡᠵᠡᠩᠨᠡᠯᠳᠡ ᠵᠢᠨ ᠡᠷᠬᠡ᠎ᠪᠠᠨ ᠮᠥ᠍ ᠪᠦᠷᠢ 700 ᠲᠥᠭᠥᠷᠢᠭ᠎ᠢᠶᠡᠷ ᠠᠵᠤ ᠠᠬᠤᠢᠯᠠᠯ ᠳ᠋ᠤ ᠱᠢᠯᠵᠢᠭᠦᠯᠦᠨ ᠥᠭ᠌ᠬᠦᠭᠰᠡᠨ ᠪᠦᠬᠡᠳ ᠦᠶ᠋ᠯᠡᠳᠪᠦᠷᠢ᠎ᠳᠦ ᠬᠦᠴᠦ᠍ ᠶᠠᠪᠤᠵᠤ ᠤᠰᠤᠨ ᠲᠤᠲᠤᠷᠭ᠎ᠠ ᠬᠠᠮᠢᠶᠠᠷᠴᠤ᠌᠂ ᠪᠠᠰᠠ ᠨᠢᠭᠡ ᠬᠤᠪᠢ ᠵᠢᠨ ᠣᠷᠣᠯᠭ᠎ᠠ ᠨᠡᠮᠡᠭ᠌ᠳᠡᠪᠡ》᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠷᠠᠰᠤᠨ ᠪᠠᠯᠭᠠᠰᠤᠨ᠎ᠤ ᠠᠷᠠᠳ ᠸᠠᠩ ᠸᠸᠨ ᠶᠠ ᠪᠣᠯ ᠦᠨᠡᠨ ᠪᠤᠳᠠᠳᠠᠢ ᠠᠱᠢᠭ ᠬᠦᠷᠲᠡᠭ᠌ᠴᠢ ᠮᠥᠨ᠂ ᠲᠡᠭᠦᠨ᠎ᠦ ᠠᠵᠢᠯᠯᠠᠵᠤ ᠪᠠᠢᠭ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠳᠡᠮᠵᠢᠨ ᠡᠨᠡ ᠭᠠᠵᠠᠷ ᠲᠤ᠌ ᠨᠤᠳᠤᠬᠰᠢᠬᠰᠠᠨ ᠠᠵᠤ ᠠᠬᠤᠢᠯᠠᠯ ᠨᠢ ᠣᠲᠣ ᠨᠢᠭᠡᠨᠲᠡ 180 ᠭᠠᠷᠤᠶ ᠮᠠᠯᠴᠢᠨ ᠲᠠᠷᠢᠶᠠᠴᠢᠨ᠎ᠳᠤ ᠣᠷᠣᠯᠭ᠎ᠠ᠎ᠪᠠᠨ ᠨᠡᠮᠡᠭ᠌ᠳᠡᠭᠦᠯᠬᠦ᠌ ᠱᠢᠨ᠎ᠡ ᠠᠷᠭ᠎ᠠ ᠵᠠᠮ ᠎ᠢ ᠨᠡᠭᠡᠭᠡᠵᠦ᠍ ᠥᠭ᠌ᠴᠡᠶ᠃

ᠭᠠᠭ᠍ᠴᠠᠭᠠᠷ ᠠᠵᠢᠯᠯᠠᠵᠤ ᠭᠠᠭ᠍ᠴᠠᠭᠠᠷ ᠲᠡᠮᠡᠴᠡᠬᠦ ᠡᠴᠡ ᠬᠠᠮᠲᠤ᠎ᠪᠠᠷ ᠬᠥᠭ᠌ᠵᠢᠬᠦ ᠬᠦᠷᠲᠡᠯ᠎ᠡ᠂ ᠬᠢᠩᠭᠠᠨ ᠠᠢᠮᠠᠭ᠎ᠤᠨ ᠲᠠᠷᠢᠶᠠᠴᠢᠨ ᠡᠷᠦᠬᠡ ᠡᠯᠪᠡᠭ ᠬᠤᠷᠢᠶᠠᠯᠲᠠ ᠣᠯᠤᠭ᠍ᠰᠠᠨ ᠮᠦᠷᠲᠡᠭᠡᠨ ᠣᠷᠣᠯᠭ᠎ᠠ᠎ᠪᠠᠨ ᠨᠡᠮᠡᠭ᠌ᠳᠡᠭᠦᠯᠵᠡᠢ᠃

ᠲᠦᠷᠦᠯ ᠲᠡᠮᠳᠡᠭ᠎ᠦᠨ ᠳᠡᠰ ᠳᠠᠪᠱᠢᠯᠲᠠ᠄ 《ᠣᠷᠣᠨ ᠪᠦᠰᠡ᠎ᠶ᠋ᠢᠨ ᠣᠨᠴᠠ ᠭᠠᠷᠤᠯᠲᠠ》 ᠡᠴᠡ 《ᠪᠦᠬᠦ᠌ ᠤᠯᠤᠰ᠎ᠤᠨ ᠨᠡᠷ᠎ᠡ᠎ᠶ᠋ᠢᠨ ᠬᠠᠭᠤᠳᠠᠰᠤ ᠪᠤᠯᠤᠬᠰᠠᠨ》 ᠬᠦᠷᠲᠡᠯ᠎ᠡ

ᠴᠢᠨᠠᠷ ᠰᠠᠢᠲᠠᠶ ᠲᠤᠲᠤᠷᠭ᠎ᠠ᠎ᠶ᠋ᠢ ᠬᠡᠷᠬᠢᠨ ᠰᠠᠢᠨ ᠦᠨ᠎ᠡ᠎ᠪᠡᠷ ᠬᠤᠳᠠᠯᠳᠤᠬᠤ ᠪᠣᠶ? ᠡᠨᠡ ᠪᠣᠯ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠲᠦᠷᠦᠯ ᠲᠡᠮᠳᠡᠭ᠌ᠵᠢᠯᠲᠡ᠎ᠶ᠋ᠢᠨ ᠭᠣᠣᠯ ᠰᠡᠳᠦᠪ ᠪᠣᠯᠤᠨ᠎ᠠ᠃ ᠡᠳᠦᠭᠡ ᠡᠨᠡ ᠠᠰᠠᠭᠤᠯᠳᠠ ᠵᠢᠨ ᠬᠠᠷᠢᠭᠤᠯᠲᠠ᠎ᠶ᠋ᠢ ᠲᠠᠰᠤᠷᠠᠯᠲᠠ ᠦᠭᠡᠢ ᠱᠢᠨᠡᠳᠭᠡᠵᠦ᠍ ᠪᠠᠢᠭ᠎ᠠ ᠢᠷᠠᠭᠤ ᠠᠯᠳᠠᠷ᠎ᠤᠨ ᠰᠠᠮᠪᠠᠷ᠎ᠠ᠎ᠳᠡᠭᠡᠷ᠎ᠡ ᠪᠢᠴᠢᠵᠦ᠍ ᠪᠤᠢ᠄《ᠳᠤᠮᠳᠠᠳᠤ ᠤᠯᠤᠰ᠎ᠤᠨ ᠳᠤᠲᠤᠷᠭ᠎ᠠ᠎ᠶ᠋ᠢᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠠᠷᠪᠠᠨ ᠶᠡᠬᠡ ᠲᠦᠷᠦᠯ ᠲᠡᠮᠳᠡᠭ》᠂ 《ᠳᠤᠮᠳᠠᠳᠤ ᠤᠯᠤᠰ᠎ᠤᠨ ᠠᠷᠪᠠᠨ ᠶᠡᠬᠡ ᠠᠮᠲᠠᠲᠤ ᠠᠮᠤ ᠪᠤᠳᠠᠭ᠎ᠠ》᠂ 《ᠳᠤᠮᠳᠠᠳᠤ ᠤᠯᠤᠰ᠎ᠤᠨ ᠴᠢᠨᠠᠷ ᠰᠠᠢᠲᠠᠢ ᠲᠤᠲᠤᠷᠭ᠎ᠠ᠎ᠶ᠋ᠢᠨ ᠵᠢᠱ᠌ᠢᠢ᠎ᠡ ᠦᠵᠡᠭᠦᠯᠬᠦ᠌ ᠰᠠᠭᠤᠷᠢᠨ》᠂ 《ᠳᠤᠮᠳᠠᠳᠤ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ ᠵᠠᠬ᠎ᠠ ᠳᠡᠯᠭᠡᠭᠦᠷ᠎ᠦᠨ ᠱᠢᠨ᠎ᠡ ᠰᠣᠳᠣᠨ ᠲᠦᠷᠦᠯ ᠲᠡᠮᠳᠡᠭ》 ᠁ ᠠᠯᠢ ᠤᠯᠠᠨ ᠤᠯᠤᠰ᠎ᠤᠨ ᠳᠡᠰ᠎ᠤᠨ ᠢᠷᠠᠭᠤ ᠠᠯᠳᠠᠷ ᠨᠢ ᠬᠢᠩᠭᠠᠨ᠎ᠤ ᠲᠤᠳᠤᠷᠭ᠎ᠠ ᠵᠢᠨ ᠲᠡᠮᠳᠡᠭ ᠱᠣᠱᠢᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠠᠢ᠃

ᠲᠦᠷᠦᠯ ᠲᠡᠮᠳᠡᠭ᠎ᠦᠨ ᠨᠡᠷ᠎ᠡ ᠠᠯᠳᠠᠷᠰᠢᠭᠰᠠᠨ ᠨᠢ ᠪᠣᠰᠣᠭ᠎ᠠ ᠴᠣᠭ᠍ᠴᠠᠲᠤ ᠡᠵᠡᠩᠨᠡᠯᠲᠡ᠎ᠶ᠋ᠢᠨ ᠤᠨᠢᠨ ᠳᠡᠭᠡᠷ᠎ᠡ ᠨᠢ ᠬᠦᠴᠦᠯᠡᠬᠦ᠌᠎ᠡᠴᠡ ᠰᠠᠯᠵᠤ ᠴᠢᠳᠠᠬᠤ ᠦᠭᠡᠢ᠃ ᠣᠢᠷ᠎ᠠ᠎ᠳᠤ ᠡᠷᠭᠢᠯᠡᠭ᠌ᠰᠡᠨ ᠬᠢᠩᠭᠠᠨ ᠠᠢᠮᠠᠭ᠎ᠤᠨ ᠡᠯᠧᠺᠲ᠋ᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠎ᠶ᠋ᠢᠨ ᠤᠷᠤᠯᠳᠤᠭᠠᠨ᠎ᠳᠤ ᠬᠢᠩᠭᠠᠨ᠎ᠤ ᠲᠤᠲᠤᠷᠭ᠎ᠠ᠎ᠨᠢ ᠨᠠᠷᠠᠲᠤ ᠦᠶ᠋ᠯᠡᠳᠬᠦᠨ ᠪᠣᠯᠬᠤ᠎ᠨᠢ ᠳᠠᠮᠵᠢᠭ ᠥᠬᠡᠶ ᠶᠤᠮ᠂ ᠪᠥᠬᠥ᠌ ᠤᠯᠤᠰ᠎ᠤᠨ ᠰᠦᠯᠵᠢᠶᠡᠨ᠎ᠦ ᠠᠨᠳᠠ᠎ᠨᠠᠷ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ ᠱᠢᠨ᠎ᠡ ᠳᠤᠲᠤᠷᠭ᠎ᠠ ᠵᠠᠬ᠎ᠠ ᠳᠡᠯᠭᠡᠭᠦᠷ᠎ᠲᠦ ᠭᠠᠷᠬᠤ ᠴᠠᠭ᠎ᠢ ᠯᠠᠪᠯᠠᠵᠠᠭᠠᠬᠤ ᠪᠥᠭᠡᠳ ᠵᠠᠬᠢᠶᠠᠯᠠᠵᠤ ᠪᠠᠢᠯ᠎ᠠ; 《ᠬᠢᠩᠭᠠᠨ᠎ᠤ ᠰᠠᠢ᠌ᠨ ᠦᠢᠯᠡᠳᠬᠦᠨ ᠪᠡᠭᠡᠵᠢᠩ᠎ᠳᠦ ᠣᠷᠣᠬᠤ》 ᠠᠵᠢᠯᠯᠠᠭ᠎ᠠ ᠵᠢᠨ ᠥᠷᠨᠢᠬᠦ᠌᠎ᠶ᠋ᠢ ᠳᠠᠭᠠᠯᠳᠤᠨ ᠬᠢᠩᠭᠠᠨ ᠠᠢᠮᠠᠭ᠎ᠤᠨ ᠲᠤᠲᠤᠷᠭ᠎ᠠ ᠨᠡᠢᠰᠯᠡᠯ᠎ᠦᠨ ᠶᠡᠬᠡ ᠪᠠᠭ᠎ᠠ ᠨᠡᠢᠭᠡᠮ ᠲᠣᠭᠣᠷᠢᠭ᠂ ᠬᠤᠳᠠᠯᠳᠤᠭ᠎ᠠ ᠳᠡᠯᠭᠡᠭᠦᠷ ᠪᠠ ᠬᠣᠭᠣᠯᠠᠨ ᠭᠡᠷ᠎ᠲᠦ ᠣᠷᠣᠪᠠ; ᠱᠢᠶᠠᠮᠧᠨ᠎ᠦ ᠲᠠᠷᠢᠶᠠᠯᠠᠩ᠎ᠤᠨ ᠪᠦᠲᠦᠭᠡᠭᠳᠡᠭᠦᠨ᠎ᠤ ᠠᠷᠠᠯᠵᠢᠶᠠᠨ᠎ᠤ ᠴᠤᠭ᠍ᠯᠠᠭᠠᠨ ᠳᠡᠭᠡᠷ᠎ᠡ ᠬᠢᠩᠭᠠᠨ ᠠᠢᠮᠠᠭ᠎ᠤᠨ 《ᠲᠠᠯ᠎ᠠ ᠨᠤᠲᠤᠭ᠎ᠤᠨ ᠠᠮᠲᠠᠲᠤ ᠠᠮᠤ》 ᠵᠡᠷᠭᠡ 6 ᠵᠦᠶ᠋ᠯ᠎ᠦᠨ ᠪᠦᠲᠦᠭᠡᠭ᠌ᠳᠡᠬᠦᠨ᠎ᠨᠢ 《ᠬᠠᠮᠤᠭ᠎ᠤᠨ ᠬᠦᠷᠢᠶᠡᠯᠡᠯ᠎ᠲᠡᠶ ᠦᠶ᠋ᠯᠡᠳᠬᠦᠨ》᠎ᠤ᠋ ᠱᠠᠩᠨᠠᠯ᠎ᠢ ᠭᠥᠷᠳᠡᠵᠦ᠍᠂ ᠵᠠᠬ᠎ᠠ ᠳᠡᠯᠭᠡᠭᠦᠷ᠎ᠢ ᠤᠯᠠᠮ ᠦᠷᠭᠡᠳᠭᠡᠪᠡ᠃

ᠦᠨ᠎ᠡ ᠬᠠᠩᠰᠢ ᠪᠠᠨ ᠦᠰᠬᠡᠬᠦ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠬᠦ᠌᠎ᠶ᠋ᠢᠨ ᠲᠥᠯᠥᠭᠡ ᠬᠢᠩᠭᠠᠨ ᠠᠢᠮᠠᠭ ᠪᠠᠰᠠ ᠲᠤᠲᠤᠷᠭ᠎ᠠ᠎ᠶ᠋ᠢᠨ ᠠᠵᠤ ᠦᠶ᠋ᠯᠡᠰ᠎ᠢ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠬᠤ ᠳᠠᠢᠰᠢ ᠤᠷᠲᠤᠳᠭᠠᠬᠤ᠎ᠶ᠋ᠢ ᠠᠬᠢᠭᠤᠯᠪᠠ᠃ ᠵᠢᠶᠠᠩᠨᠠᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠢᠳᠡᠭᠡᠨ᠎ᠦ ᠰᠤᠳᠤᠯᠭᠠᠨ᠎ᠤ ᠬᠦᠷᠢᠶᠡᠯᠡᠩ᠂ ᠱᠢᠶᠠᠮᠧᠨ᠎ᠦ ᠳ᠋ᠡ ᠵᠧᠸ᠋ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠣᠯᠤᠨ ᠠᠵᠤ ᠠᠬᠤᠢᠯᠠᠯ᠎ᠲᠠᠶ ᠬᠠᠮᠲᠤᠷᠠᠨ ᠠᠵᠢᠯᠯᠠᠬᠤ᠎ᠪᠠᠷ ᠳᠡᠮᠵᠢᠨ᠂ ᠥᠪᠡᠰᠦᠪᠡᠨ ᠬᠠᠯᠠᠬᠤ ᠪᠤᠳᠠᠭ᠎ᠠ᠂ ᠦᠨᠢᠶᠡᠨ ᠰᠦ ᠱᠢᠨ᠎ᠡ ᠲᠤᠲᠤᠷᠭ᠎ᠠ ᠲᠠᠢ ᠫᠦᠳᠢᠩ᠂ ᠲᠤᠲᠤᠷᠭ᠎ᠠ᠎ᠶ᠋ᠢᠨ ᠭᠣᠶᠣᠯᠠᠯ᠎ᠤᠨ ᠡᠳ᠋ ᠵᠡᠷᠭᠡ ᠱᠢᠨ᠎ᠡ᠎ᠶ᠋ᠢ ᠡᠭᠦᠳᠦᠭ᠌ᠰᠡᠨ ᠦᠶ᠋ᠯᠡᠳᠬᠦᠨ᠎ᠢ ᠵᠠᠯᠭᠠᠭ᠎ᠠ᠎ᠪᠠᠷ ᠨᠡᠢᠳᠡᠯᠡᠵᠤ᠂ 《ᠮᠥᠬᠥᠯᠢᠭ ᠲᠤᠳᠤᠷᠭ᠎ᠠ》 ᠶ᠋ᠢᠨ ᠥᠷᠲᠡᠭ᠎ᠢ ᠳᠠᠬᠢᠨ᠎ᠢᠶᠠᠷ ᠨᠡᠮᠡᠭ᠌ᠳᠡᠭᠦᠯᠦᠭ᠌ᠰᠡᠨ᠎ᠢᠶᠡᠷ ᠪᠠᠷᠠᠬᠤ ᠥᠬᠡᠶ᠂ ᠲᠦᠷᠦᠯ ᠲᠡᠮᠳᠡᠭ᠌ ᠲᠤ᠌ ᠨᠠᠩ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

《ᠬᠠᠭᠤᠴᠢᠨ ᠨᠡᠷᠡᠲᠦ ᠲᠡᠮᠳᠡᠭᠳᠤ》 ᠡᠴᠡ 《ᠠᠯᠳᠠᠨ ᠲᠡᠮᠳᠡᠭ ᠱᠤᠰᠢᠭ᠎ᠠ》 ᠪᠤᠯᠤᠬᠰᠠᠨ ᠬᠦᠷᠲᠡᠯ᠎ᠡ᠂ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠬᠤᠪᠢᠷᠠᠯᠲᠠ ᠪᠣᠯ 《ᠠᠮᠤ ᠪᠤᠳᠠᠭᠠᠨ᠎ᠤ ᠠᠮᠤᠷ ᠲᠦᠪᠰᠢᠨ》᠎ᠢ᠋ ᠪᠠᠲᠤ ᠰᠠᠬᠢᠬᠤ ᠤᠬ ᠰᠠᠨᠠᠭ᠎ᠠ᠂ ᠨᠡᠩ ᠴᠤ᠌ ᠴᠢᠨᠠᠷ ᠰᠠᠢᠲᠠᠢ ᠬᠥᠭ᠌ᠵᠢᠯᠳᠠ ᠵᠢ ᠪᠡᠶᠡᠯᠡᠬᠦᠯᠬᠦ ᠡᠷᠴᠢ ᠵᠣᠷᠢᠭ ᠪᠣᠯᠤᠨ᠎ᠠ᠃ ᠠᠮᠢ ᠠᠬᠤᠢ᠎ᠪᠠᠷ ᠬᠦᠭ ᠠᠶᠠᠰ᠎ᠢ ᠲᠣᠭ᠍ᠲᠠᠭᠠᠵᠤ᠂ ᠪᠠᠷᠢᠮᠵᠢᠶ᠎ᠠ᠎ᠪᠠᠷ ᠢᠲᠡᠭᠡᠯ᠎ᠢ ᠪᠠᠢᠭᠤᠯᠵᠤ᠂ ᠲᠦᠷᠦᠯ ᠲᠡᠮᠳᠡᠭ᠎ᠢᠶᠡᠷ ᠰᠦᠭ ᠰᠦᠨᠡᠰᠦ᠎ᠶ᠋ᠢ ᠱᠤᠭᠤᠵᠤ᠂ ᠬᠢᠩᠭᠠᠨ ᠠᠢᠮᠠᠭ ᠰᠠᠢ᠌ᠨ ᠲᠤᠲᠤᠷᠭ᠎ᠠ ᠲᠠᠷᠢᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠲᠤᠯᠢ ᠪᠣᠯᠭᠠᠵᠤ ᠪᠣᠯᠬᠤ ᠲᠠᠷᠢᠶᠠᠯᠠᠩ᠎ᠤᠨ ᠲᠦᠷᠦᠯ ᠲᠡᠮᠳᠡᠭ᠎ᠦᠨ ᠠᠷᠭ᠎ᠠ᠎ᠶ᠋ᠢᠨ ᠤᠨᠤᠯ᠎ᠢ ᠰᠦᠪᠡᠭ᠌ᠴᠢᠯᠡᠪᠡ — ᠡᠨᠡ ᠨᠢ ᠬᠥᠳᠡᠭᠡ ᠠᠵᠤ ᠠᠬᠤᠢ᠎ᠶ᠋ᠢᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢᠨ ᠦᠢᠯᠡᠳᠦᠯᠭᠡ᠎ᠶ᠋ᠢᠨ ᠦᠷ᠎ᠡ ᠪᠦᠲᠦᠭᠡᠯ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠬᠢᠩᠭᠠᠨ ᠠᠢᠮᠠᠭ᠎ᠤᠨ ᠲᠤᠲᠤᠷᠭ᠎ᠠ ᠳᠡᠯᠡᠬᠡᠢ᠎ᠳ᠋ᠡᠬᠢᠨ᠎ᠢ ᠵᠤᠷᠢᠬᠰᠠᠨ ᠢᠲᠡᠭᠡᠯ ᠵᠣᠷᠢᠭ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号