— ᠤᠮᠠᠷᠠᠳᠤ ᠬᠢᠯᠢᠶ᠋ᠢᠨ ᠬᠠᠷᠢᠭᠤᠯᠳᠠᠶ᠋ᠢᠨ ᠬᠠᠭᠤᠳᠠᠰᠤ
ᠠᠵᠤ ᠠᠬᠤᠢ ᠶ᠋ᠢᠨ ᠬᠦᠭᠵᠢᠯᠲᠡ ᠨᠢ ᠠᠵᠤ ᠠᠬᠤᠢ ᠶ᠋ᠢᠨ ᠶᠡᠷᠦᠨᠭᠬᠡᠢ ᠬᠡᠮᠵᠢᠶ᠎ᠡ ᠪᠠ ᠶᠠᠰᠤ ᠴᠢᠨᠠᠷ ᠬᠡᠬᠦ ᠬᠤᠶᠠᠷ ᠲᠠᠯ᠎ᠠ ᠪᠠᠷ ᠲᠤᠰᠬᠠᠬᠳᠠᠵᠤ᠂ ᠶᠡᠷᠦᠨᠭᠬᠡᠢ ᠬᠡᠮᠵᠢᠶ᠎ᠡ ᠵᠢ ᠨᠡᠮᠡᠭᠳᠡᠭᠦᠯᠬᠦ ᠪᠠ ᠶᠠᠰᠤ ᠴᠢᠨᠠᠷ ᠢ᠋ ᠳᠡᠭᠡᠭᠰᠢᠯᠡᠭᠦᠯᠬᠦ ᠵᠢ ᠨᠢᠭᠡᠲᠦᠯᠲᠡᠢ ᠲᠦᠯᠦᠪᠵᠢᠭᠦᠯᠪᠡᠯ ᠰᠠᠶ᠍ᠢ ᠠᠵᠤ ᠠᠬᠤᠢ ᠶ᠋ᠢᠨ ᠦᠷᠬᠦᠯᠵᠢᠯᠡᠬᠦ ᠬᠦᠭᠵᠢᠯᠲᠡ ᠵᠢ ᠪᠡᠶᠡᠯᠡᠭᠦᠯᠵᠦ ᠲᠠᠢᠯᠳᠡᠭ᠃ 《ᠠᠷᠪᠠᠨ ᠳᠦᠷᠪᠡᠳᠦᠭᠡᠷ ᠲᠠᠪᠤᠨ ᠵᠢᠯ》 ᠳ᠋ᠤ᠂ ᠦᠪᠤᠷ ᠮᠤᠩᠭᠤᠯ 《ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳ᠋ᠤ ᠤᠷᠤᠬᠤ》 ᠬᠠᠷᠠᠯᠲᠠ ᠵᠢᠨ ᠲᠤᠭᠤᠷᠢᠨ ᠳ᠋ᠤ ᠪᠦᠬᠦ ᠤᠷᠤᠨ ᠪᠦᠰᠡ ᠶ᠋ᠢᠨ ᠬᠦᠭᠵᠢᠯᠲᠡ ᠶ᠋ᠢᠨ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠦᠭᠡᠢ ᠬᠦᠭᠵᠢᠭᠡᠭᠰᠠᠨ ᠪᠠᠢᠨ᠎ᠠ᠃
ᠠᠵᠤ ᠠᠬᠤᠢ ᠶ᠋ᠢᠨ ᠶᠡᠷᠦᠨᠭᠬᠡᠢ ᠬᠡᠮᠵᠢᠶᠡᠨ ᠤ᠋ ᠲᠤᠬᠲᠠᠭᠤᠨ ᠨᠡᠮᠡᠭᠳᠡᠯ ᠪᠤᠯ 《ᠲᠤᠮᠳᠠ ᠲᠦᠪᠰᠢᠨ ᠳ᠋ᠤ ᠤᠷᠤᠬᠤ》 ᠵᠢᠨ ᠭᠤᠤᠯᠯᠠᠬᠤ ᠲᠤᠯᠭᠠᠭᠤᠷᠢᠯᠠᠯ ᠶᠤᠮ᠃ 《ᠠᠷᠪᠠᠨ ᠳᠦᠷᠪᠡᠳᠦᠭᠡᠷ ᠲᠠᠪᠤᠨ ᠵᠢᠯ》 ᠳ᠋ᠤ ᠦᠪᠤᠷ ᠮᠤᠩᠭᠤᠯ ᠤ᠋ᠨ ᠠᠵᠤ ᠠᠬᠤᠢ ᠶ᠋ᠢᠨ ᠶᠡᠷᠦᠨᠭᠬᠡᠢ ᠬᠡᠮᠵᠢᠶ᠎ᠡ ᠱᠠᠲᠤᠴᠢ ᠴᠢᠨᠠᠷᠲᠠᠢ ᠳᠠᠪᠠᠯᠲᠠ ᠵᠢ ᠪᠡᠶᠡᠯᠡᠭᠦᠯᠵᠦ᠂ ᠪᠦᠬᠦ ᠤᠷᠤᠨ ᠤ᠋ ᠤᠷᠤᠨ ᠨᠤᠲᠤᠭ ᠤ᠋ᠨ ᠦᠢᠯᠡᠳᠪᠦᠷᠢᠯᠡᠯ ᠤ᠋ᠨ ᠶᠡᠷᠦᠨᠭᠬᠡᠢ ᠦᠷᠲᠡᠭ 2020 ᠤᠨ ᠤ᠋ 17359.8 ᠳ᠋ᠦᠨᠭᠰᠢᠭᠤᠷ ᠲᠦᠭᠦᠷᠢᠭ ᠪᠠᠢᠬᠰᠠᠨ ᠡᠴᠡ ᠪᠠᠨ 2024 ᠤᠨ ᠳ᠋ᠤ 26314.6 ᠳ᠋ᠦᠨᠭᠰᠢᠭᠤᠷ ᠲᠦᠭᠦᠷᠢᠭ ᠪᠤᠯᠵᠤ ᠨᠡᠮᠡᠭᠳᠡᠨ᠂ ᠠᠵᠤ ᠠᠬᠤᠢ ᠶ᠋ᠢᠨ ᠶᠡᠷᠦᠨᠭᠬᠡᠢ ᠬᠡᠮᠵᠢᠶ᠎ᠡ ᠪᠡᠷ ᠪᠦᠬᠦ ᠤᠯᠤᠰ ᠤ᠋ᠨ 20 ᠳ᠋ᠤᠭᠠᠷ ᠲᠦ᠍ ᠵᠢᠬᠰᠠᠵᠤ᠂ 《ᠰᠢᠨ᠎ᠠ ᠵᠠᠮ ᠨᠡᠬᠡᠬᠡᠵᠤ ᠳᠤᠮᠳᠠ ᠲᠦᠪᠰᠢᠨ ᠳ᠋ᠤ ᠤᠷᠤᠬᠤ》 ᠲᠠᠯ᠎ᠠ ᠪᠡᠷ ᠪᠤᠳᠠᠳᠤ ᠠᠬᠢᠴᠠ ᠲᠠᠢ ᠪᠤᠯᠵᠠᠢ᠃

ᠬᠡᠷᠪᠡ ᠶᠡᠷᠦᠨᠭᠬᠡᠢ ᠬᠡᠮᠵᠢᠶᠡᠨ ᠤ᠋ ᠨᠡᠮᠡᠭᠳᠡᠯ ᠢ᠋ ᠠᠵᠤ ᠠᠬᠤᠢ ᠶ᠋ᠢᠨ ᠬᠦᠭᠵᠢᠯᠲᠡ ᠶ᠋ᠢᠨ 《ᠬᠡᠯᠪᠡᠷᠢ》 ᠭᠡᠪᠡᠯ ᠶᠠᠰᠤ ᠴᠢᠨᠠᠷ ᠤ᠋ᠨ ᠳᠡᠭᠡᠭᠰᠢᠯᠡᠯᠲᠡ ᠪᠤᠯ ᠠᠵᠤ ᠠᠬᠤᠢ ᠶ᠋ᠢᠨ ᠬᠦᠭᠵᠢᠯᠲᠡ ᠶ᠋ᠢᠨ 《ᠰᠦᠭ ᠰᠦᠨᠡᠰᠦ》 ᠪᠠᠢᠵᠤ᠂ ᠰᠢᠨ᠎ᠡ ᠵᠢ ᠡᠭᠦᠳᠬᠦ ᠪᠤᠯ ᠡᠨᠡ ᠬᠦ᠌ ᠰᠦᠭ ᠰᠦᠨᠡᠰᠦ ᠵᠢ ᠴᠤᠬᠴᠠᠯᠠᠬᠤ ᠵᠢᠨ ᠭᠤᠤᠯ ᠬᠦᠴᠦᠨ ᠮᠦᠨ᠃ ᠦᠪᠤᠷ ᠮᠤᠩᠭᠤᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠠ ᠡᠭᠦᠳᠦᠯᠲᠡ ᠪᠡᠷ 《ᠳ᠋ᠠᠩ ᠭᠠᠭᠴᠠ ᠡᠨ᠋ᠸᠷᠬᠢ ᠳ᠋ᠤ ᠲᠦᠰᠢᠭᠯᠡᠨ ᠬᠦᠨᠳᠦ ᠠᠵᠤ ᠦᠢᠯᠡᠳᠪᠦᠷᠢ ᠳ᠋ᠤ ᠲᠦᠰᠢᠭᠯᠡᠵᠤ》 ᠪᠠᠢᠭᠰᠠᠨ ᠬᠦᠴᠢᠷ ᠠᠰᠠᠭᠤᠳᠠᠯ ᠢ᠋ ᠠᠯᠬᠤᠮ ᠠᠯᠬᠤᠮ ᠵᠢᠡᠷ ᠰᠢᠢᠳᠪᠦᠷᠢᠯᠡᠨ᠂ ᠠᠵᠤ ᠠᠬᠤᠢ ᠶ᠋ᠢᠨ ᠬᠦᠭᠵᠢᠯᠲᠡ ᠶ᠋ᠢᠨ ᠬᠡᠪᠴᠢᠶ᠎ᠡ ᠵᠢ ᠦᠷᠭᠡᠳᠭᠡᠬᠦ ᠡᠴᠡ ᠶᠠᠰᠤ ᠴᠢᠨᠠᠷ ᠢ᠋ ᠨᠡᠮᠡᠭᠳᠡᠭᠦᠯᠬᠦ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠵᠤ᠂ ᠰᠦ ᠶ᠋ᠢᠨ ᠦᠢᠯᠡᠰ᠂ ᠤᠳᠤ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ᠂ ᠬᠤᠪᠤᠷ ᠰᠢᠷᠤᠢ ᠶ᠋ᠢᠨ ᠰᠢᠨ᠎ᠡ ᠮᠠᠲᠸᠷᠢᠶᠠᠯ ᠤ᠋ᠨ ᠠᠵᠤ ᠦᠢᠯᠡᠰ ᠨᠢ ᠤᠯᠤᠰ ᠤ᠋ᠨ ᠳᠡᠰ ᠤ᠋ᠨ ᠲᠡᠷᠢᠭᠦᠨ ᠤ᠋ ᠦᠢᠯᠡᠳᠭᠡᠯ ᠤ᠋ᠨ ᠦᠢᠯᠡᠰ ᠤ᠋ᠨ ᠪᠦᠯᠦᠭᠵᠢᠯ ᠳ᠋ᠤ ᠰᠤᠨᠭᠭᠤᠬᠳᠠᠪᠠ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ᠶ᠋ᠡᠷ ᠥᠪᠥᠷ ᠮᠣᠩᠭᠣᠯ ᠢ᠋ᠶ᠋ᠡᠨ ᠮᠠᠨᠳᠤᠭᠤᠯᠬᠤ》 ᠠᠵᠢᠯᠯᠠᠭ᠎ᠠ ᠵᠢ ᠬᠦᠨᠵᠡᠬᠡᠢ ᠦᠷᠨᠢᠭᠦᠯᠵᠦ᠂ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠲᠣᠭ᠍ᠲᠠᠭᠤᠨ ᠢ᠋ᠶ᠋ᠡᠷ ᠨᠡᠮᠡᠭ᠌ᠳᠡᠨ᠂ ᠱᠢᠨ᠎ᠡ ᠵᠢ ᠡᠭᠦᠳᠬᠦ᠌ ᠬᠡᠯᠬᠢᠶ᠎ᠡ ᠪᠣᠯᠤᠨ ᠠᠵᠤ ᠦᠶ᠋ᠯᠡᠰ ᠤ᠋ᠨ ᠬᠡᠯᠬᠢᠶ᠎ᠡ ᠭᠦᠨᠵᠡᠭᠡᠶ ᠠᠭᠤᠰᠤᠯᠴᠠᠵᠤ᠂ ᠠᠵᠤ ᠦᠶ᠋ᠯᠡᠰ ᠤ᠋ᠨ ᠪᠦᠲᠦᠴᠡ ᠶ᠋ᠢ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠤᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠤᠷᠢᠳ ᠭᠠᠷᠤᠭ᠎ᠠ ᠦᠬᠡᠢ ᠲᠦᠷᠬᠡᠰᠴᠠᠢ᠃
ᠬᠦᠭᠵᠢᠬᠦᠯᠬᠦ ᠪᠤᠯ ᠲᠡᠷᠢᠬᠦᠨ ᠴᠢᠬᠤᠯᠠ ᠡᠬᠦᠷᠬᠡ ᠮᠦᠨ᠂ ᠬᠦᠭᠵᠢᠯᠳᠡ ᠪᠤᠯ ᠠᠯᠢᠪᠠ ᠠᠰᠠᠭᠤᠳᠠᠯ ᠢ᠋ ᠰᠢᠢᠳᠪᠤᠷᠢᠯᠡᠬᠦ ᠵᠢᠨ ᠰᠠᠭᠤᠷᠢ ᠪᠠ ᠵᠠᠩᠬᠢᠯᠠᠭ᠎ᠠ ᠪᠤᠯᠤᠨ᠎ᠠ᠃ ᠠᠵᠤ ᠠᠬᠤᠢ ᠶ᠋ᠢᠨ ᠶᠡᠷᠦᠨᠭᠬᠡᠢ ᠬᠡᠮᠵᠢᠶᠡᠨ ᠤ᠋ ᠤᠷᠤᠨ ᠪᠠᠢᠷᠢ ᠶ᠋ᠢᠨ ᠳᠠᠪᠰᠢᠯᠲᠠ ᠡᠴᠡ ᠠᠵᠤ ᠠᠬᠤᠢ ᠵᠢᠨ ᠶᠠᠰᠤ ᠴᠢᠨᠠᠷ ᠤ᠋ᠨ ᠳᠡᠭᠡᠭᠰᠢᠯᠡᠯᠲᠡ ᠬᠦᠷᠲᠡᠯ᠎ᠡ᠂ ᠤᠷᠤᠨ ᠲᠠᠶᠠᠭᠠᠷ ᠵᠢᠡᠨ 《ᠠᠷᠪᠠᠨ ᠳᠦᠷᠪᠡᠳᠦᠭᠡᠷ ᠲᠠᠪᠤᠨ ᠵᠢᠯ》 ᠳ᠋ᠤ ᠰᠢᠨ᠎ᠡ ᠵᠢ ᠡᠭᠦᠳᠬᠦ ᠪᠡᠷ ᠪᠢᠷ ᠪᠡᠬᠡᠰ ᠪᠤᠯᠭᠠᠨ ᠠᠵᠤ ᠠᠬᠤᠢ ᠶ᠋ᠢᠨ ᠴᠢᠨᠠᠷ ᠰᠠᠢᠲᠠᠢ ᠬᠦᠭᠵᠢᠯᠲᠡ ᠶ᠋ᠢᠨ ᠬᠠᠨᠤᠮᠵᠢᠳᠠᠢ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭᠯᠡᠪᠡ᠃ ᠡᠨᠡ ᠬᠦ᠌ ᠬᠠᠷᠢᠭᠤᠯᠲᠠ ᠶ᠋ᠢᠨ ᠬᠠᠭᠤᠳᠠᠰᠤ ᠪᠤᠯ ᠦᠪᠤᠷ ᠮᠤᠩᠭᠤᠯ ᠤ᠋ᠨ 《ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳ᠋ᠤ ᠤᠷᠤᠬᠤ》 ᠲᠠᠯ᠎ᠠ ᠪᠡᠷ ᠨᠡᠩ ᠶᠡᠬᠡ ᠠᠬᠢᠯᠳᠠ ᠭᠠᠷᠭᠠᠬᠤ ᠵᠢᠨ ᠠᠮᠢᠳᠤᠯᠢᠭ ᠦᠢᠯᠡᠳᠦᠯᠭᠡ᠂ ᠨᠠᠨᠳᠢᠨ ᠲᠤᠷᠰᠢᠯᠭ᠎ᠠ ᠪᠤᠯᠤᠨ᠎ᠠ᠃

ᠦᠪᠤᠷ ᠮᠤᠩᠭᠤᠯ ᠠᠮᠢ ᠠᠬᠤᠶ ᠵᠢ ᠤᠷᠢᠳ ᠢ᠋ᠶ᠋ᠡᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠤᠳᠤᠷᠢᠳᠤᠮᠵᠢ ᠵᠢ ᠭᠤᠢᠪᠢᠰᠢ ᠥᠬᠡᠶ ᠪᠠᠷᠢᠮᠲᠠᠯᠠᠨ᠂ ᠪᠠᠶ᠋ᠢᠷᠢᠰᠢᠭᠤᠯᠤᠯᠲᠠ ᠨᠢ ᠵᠦᠢ ᠵᠣᠬᠢᠰᠲᠠᠢ᠂ ᠵᠢᠷᠤᠮᠵᠢᠭᠤᠨ ᠪᠦᠭᠡᠳ ᠡᠮᠬᠢ ᠵᠢᠷᠤᠮ ᠲᠠᠢ᠂ ᠠᠮᠢᠵᠢᠷᠠᠯ ᠤ᠋ᠨ ᠬᠦᠴᠦᠨ ᠵᠢᠡᠷ ᠪᠢᠯᠬᠠᠭᠰᠠᠨ ᠠᠵᠤ ᠦᠢᠯᠡᠰ ᠤ᠋ᠨ ᠬᠥᠭᠵᠢᠯᠲᠡ ᠶ᠋ᠢᠨ ᠰᠢᠨ᠎ᠡ ᠪᠠᠶ᠋ᠢᠷᠢᠰᠢᠯ ᠢ᠋ ᠴᠢᠷᠮᠠᠢᠨ ᠪᠠᠶ᠋ᠢᠭᠤᠯᠵᠤ ᠪᠤᠢ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠪᠥᠬᠥ᠌ ᠣᠷᠣᠨ ᠤ᠋ ᠤᠷᠤᠨ ᠨᠤᠲᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 12077.6 ᠳ᠋ᠦᠨᠭᠰᠢᠭᠤᠷ ᠲᠦᠭᠦᠷᠢᠭ ᠲᠦ᠍ ᠬᠦᠷᠴᠦ᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 5.4% ᠪᠡᠷ ᠨᠡᠮᠡᠭ᠌ᠳᠡᠪᠡ᠃ ᠱᠢᠨ᠎ᠡ ᠬᠡᠯᠪᠡᠷᠢ ᠶ᠋ᠢᠨ ᠬᠢᠮᠢ ᠶ᠋ᠢᠨ ᠠᠵᠤ ᠦᠶ᠋ᠯᠡᠳᠪᠦᠷᠢ ᠪᠣᠯ ᠦᠪᠤᠷ ᠮᠤᠩᠭᠤᠯ ᠤ᠋ᠨ ᠬᠦᠴᠦᠯᠡᠨ ᠴᠤᠬᠴᠠᠯᠠᠵᠤ ᠪᠠᠢᠭ᠎ᠠ ᠠᠷᠪᠠᠨ ᠶᠡᠬᠡ ᠠᠵᠤ ᠦᠶ᠋ᠯᠡᠰ ᠤ᠋ᠨ ᠪᠦᠯᠦᠭ᠌ᠵᠢᠯ ᠤ᠋ᠨ ᠨᠢᠭᠡ ᠪᠤᠯᠤᠨ᠎ᠠ᠃ ᠣᠷᠳᠣᠰ ᠬᠣᠲᠠ ᠶ᠋ᠢᠨ ᠵᠡᠭᠦᠨᠭᠠᠷ ᠬᠣᠱᠢᠭᠤ ᠨᠢᠬᠡᠨᠳᠡ ᠨᠡᠬᠦᠷᠡᠰᠤ ᠵᠢ ᠲᠦᠬᠦᠬᠡᠢ ᠡᠳ᠋ ᠡᠴᠡ ᠰᠢᠨ᠎ᠡ ᠮᠠᠲᠧᠷᠢᠶᠠᠯ ᠪᠤᠯᠭᠠᠨ᠂ ᠲᠤᠤᠷ᠎ᠠ ᠲᠡᠰ ᠤ᠋ᠨ ᠦᠢᠯᠡᠳᠬᠦᠨ ᠡᠴᠡ ᠳᠡᠭᠡᠳᠦ ᠲᠡᠰ ᠤ᠋ᠨ ᠦᠢᠯᠡᠳᠬᠦᠨ ᠪᠤᠯᠭᠠᠭᠰᠠᠨ ᠨᠡᠬᠦᠷᠡᠰᠤ ᠬᠢᠮᠢ ᠵᠢᠨ ᠠᠵᠤ ᠦᠢᠯᠡᠳᠪᠤᠷᠢ ᠵᠢᠨ ᠲᠡᠰ ᠲᠡᠪᠰᠢᠯᠳᠠ ᠵᠢ ᠪᠡᠶᠡᠯᠡᠭᠦᠯᠪᠡ᠃ ᠵᠢᠷᠤᠭ ᠪᠣᠯ ᠵᠡᠭᠦᠨᠭᠠᠷ ᠬᠣᠱᠢᠭᠤᠨ ᠤ᠋ ᠲᠠᠯᠤ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠲᠦ᠍ ᠪᠠᠢᠷᠢᠯᠠᠭ᠎ᠠ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠠᠵᠤ ᠠᠬᠤᠢᠯᠠᠯ ᠤ᠋ᠨ ᠦᠢᠯᠡᠳᠪᠦᠷᠢ ᠶ᠋ᠢᠨ ᠲᠣᠭᠣᠷᠢᠭ ᠪᠣᠯᠤᠨ᠎ᠠ᠃