ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ ᠳᠣᠯᠣᠳᠤᠭᠠᠷ ᠡᠳᠦᠷ᠎ᠲᠡᠬᠡᠨ ᠣᠷᠣᠵᠤ᠂ ᠡᠯ᠎ᠡ ᠭᠠᠵᠠᠷ᠎ᠤᠨ ᠬᠢᠨ ᠪᠤᠴᠠᠬᠤ ᠤᠷᠬᠢᠯ᠎ᠤᠨ ᠬᠤᠭᠤᠴᠠᠭ᠎ᠠ᠎ᠪᠠᠨ ᠵᠠᠯᠭᠠᠭᠠᠪᠡᠷ ᠤᠭ᠍ᠲᠤᠵᠤ᠂ ᠪᠦᠬᠦ᠌ ᠤᠯᠤᠰ᠎ᠤᠨ ᠭᠣᠣᠯ ᠵᠠᠰᠠᠮᠠᠯ ᠵᠠᠮ᠎ᠤᠨ ᠤᠷᠤᠰᠴᠠ᠎ᠶᠢᠨ ᠬᠡᠮᠵᠢᠶ᠎ᠡ ᠥᠨᠳᠥᠷ ᠲᠦᠪᠱᠢᠨ᠎ᠢᠶᠡᠷ ᠠᠶᠠᠯᠠᠵᠤ ᠪᠤᠢ᠃ ᠰᠤᠷᠪᠤᠯᠵᠢᠯᠠᠭ᠍ᠴᠢ 7 ᠤ᠋ ᠡᠳᠦᠷ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠡᠴᠡ ᠣᠢᠯᠠᠭᠠᠭ᠍ᠰᠠᠨ᠎ᠢᠶᠡᠷ᠂ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠠᠮᠠᠷᠠᠯᠲᠠ᠎ᠶ᠋ᠢᠨ ᠬᠤᠭᠤᠴᠠᠭᠠᠨ᠎ᠤ ᠵᠠᠮ ᠬᠠᠷᠢᠯᠴᠠᠭᠠᠨ᠎ᠤ ᠤᠷᠤᠰᠴᠠ᠎ᠶ᠋ᠢᠨ ᠬᠤᠪᠢᠷᠠᠯᠲᠠ᠎ᠶ᠋ᠢᠨ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠴᠠᠭ᠍ᠳᠠᠭᠠᠨ᠎ᠤ ᠬᠦᠴᠦᠨ᠎ᠦ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠵᠦ᠍᠂ ᠪᠥᠬᠥ᠌ ᠬᠦᠴᠦᠨ᠎ᠢᠶᠡᠷ᠎ᠢᠶᠡᠨ ᠡᠨᠳᠡᠯ᠎ᠢ ᠰᠡᠷᠭᠡᠢᠯᠡᠵᠦ᠍᠂ ᠠᠮᠤᠷ ᠲᠦᠪᠱᠢᠨ᠎ᠢ ᠪᠠᠲᠤᠯᠠᠵᠤ᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠪᠠ᠃ 18 ᠴᠠᠭ ᠪᠣᠯᠲᠠᠯ᠎ᠠ᠂ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠣᠷᠳᠣ ᠬᠤᠭᠤᠴᠠᠭᠠᠨ᠎ᠤ᠂ ᠬᠣᠯᠠ ᠵᠠᠶ᠎ᠶᠢᠨ᠂ ᠶᠡᠬᠡ ᠬᠡᠪᠴᠢᠶᠡᠨ᠎ᠦ ᠬᠦᠨᠳᠦ ᠨᠣᠴᠢᠲᠠᠶ ᠵᠠᠮ ᠬᠠᠷᠢᠯᠴᠠᠭᠠᠨ᠎ᠤ ᠲᠦᠭ᠌ᠵᠢᠷᠡᠯ᠎ᠤᠨ ᠮᠡᠳᠡᠭᠦᠯᠦᠯᠲᠡ᠂ ᠬᠦᠨᠳᠦ ᠣᠨᠴᠠ ᠶᠡᠬᠡ ᠵᠠᠮ ᠬᠠᠷᠢᠯᠴᠠᠭᠠᠨ᠎ᠤ ᠡᠨᠳᠡᠯ᠎ᠤᠨ ᠮᠡᠳᠡᠭᠦᠯᠦᠯᠲᠡ᠎ᠵᠢ ᠭᠥᠯᠢᠶᠡᠨ ᠠᠪᠤᠭ᠍ᠰᠠᠨ ᠥᠬᠡᠶ᠃
8 ᠤ᠋ ᠡᠳᠦᠷ ᠪᠣᠯ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠠᠮᠤᠭ ᠰᠡᠭᠦᠯᠴᠢ᠎ᠶ᠋ᠢᠨ ᠡᠳᠦᠷ ᠮᠥᠨ᠂ ᠡᠯ᠎ᠡ ᠭᠠᠵᠠᠷ᠎ᠤᠨ ᠬᠢᠨ ᠮᠥᠨ ᠬᠦ᠌ ᠪᠤᠴᠠᠬᠤ ᠣᠷᠭᠢᠯ᠎ᠤᠨ ᠬᠤᠭᠤᠴᠠᠭᠠᠨ᠎ᠳᠠᠭᠠᠨ ᠪᠠᠢᠵᠦ᠂ ᠢᠯᠠᠩᠭᠤᠶ᠎ᠠ ᠲᠣᠮᠣ ᠳᠤᠮᠳᠠ ᠬᠣᠲᠠ᠎ᠶ᠋ᠢᠨ ᠬᠣᠲᠠ ᠣᠷᠣᠬᠤ ᠴᠢᠭ᠌ᠯᠡᠯ᠎ᠦᠨ ᠲᠡᠷᠭᠡᠨ᠎ᠦ ᠤᠷᠤᠰᠴᠠ ᠲᠥᠪᠯᠡᠷᠡᠵᠦ᠍᠂ ᠬᠣᠲᠠ᠎ᠳᠤ ᠣᠷᠣᠬᠤ ᠵᠠᠮ᠎ᠤᠨ ᠬᠡᠰᠡᠭ᠎ᠦᠨ ᠵᠠᠮ ᠬᠠᠷᠢᠯᠴᠠᠭᠠᠨ᠎ᠤ ᠳᠠᠷᠤᠯᠲᠠ ᠶᠡᠬᠡ ᠪᠠᠢᠨ᠎ᠠ᠃
ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠥᠷᠭᠡᠨ ᠣᠯᠠᠨ ᠵᠢᠯᠣᠭᠣᠴᠢ ᠪᠣᠯᠤᠨ ᠶᠠᠪᠤᠵᠤ ᠰᠠᠭᠤᠬᠤ ᠣᠯᠠᠨ ᠲᠦᠮᠡᠨ᠎ᠳᠦ᠂ ᠪᠤᠴᠠᠬᠤᠡᠴᠡᠪᠠᠨ ᠡᠮᠦᠨ᠎ᠡ ᠵᠠᠮ ᠳᠠᠭᠠᠤ᠎ᠶ᠋ᠢᠨ ᠴᠠᠭ ᠠᠭᠤᠷ᠂ ᠵᠠᠮ᠎ᠤᠨ ᠪᠠᠢᠳᠠᠯ᠎ᠢ ᠤᠷᠢᠳᠴᠢᠯᠠᠨ ᠠᠩᠬᠠᠷᠴᠤ᠌᠂ ᠶᠠᠪᠤᠬᠤ ᠰᠠᠭᠤᠬᠤ ᠴᠠᠭ ᠪᠠ ᠵᠠᠮ ᠱᠤᠭᠤᠮ᠎ᠢᠶᠡᠨ ᠵᠦᠶ ᠵᠣᠬᠢᠰᠲᠠᠶ ᠲᠥᠯᠥᠪᠵᠢᠭᠦᠯᠦᠨ᠂ ᠬᠣᠯᠠ ᠵᠠᠶ᠎ᠳᠤ ᠲᠡᠷᠭᠡ ᠵᠢᠯᠣᠭᠣᠳᠤᠨ ᠪᠤᠴᠠᠬᠤ᠎ᠳᠠᠭᠠᠨ ᠠᠯᠢ ᠴᠢᠳᠠᠬᠤ᠎ᠪᠠᠷ ᠲᠡᠷᠭᠡᠨ᠎ᠦ ᠪᠠᠢᠳᠠᠯ᠂ ᠵᠠᠮ᠎ᠤᠨ ᠪᠠᠢᠳᠠᠯ᠎ᠢ ᠰᠠᠢᠨ ᠮᠡᠳᠡᠳᠡᠭ ᠵᠢᠯᠣᠭᠣᠴᠢ᠎ᠶ᠋ᠢ ᠲᠣᠬᠢᠷᠠᠭᠤᠯᠬᠤ ᠬᠡᠷᠡᠭ᠌ᠲᠡᠶ᠃ ᠲᠡᠷᠭᠡ ᠶᠠᠪᠤᠭᠤᠯᠬᠤ ᠶᠠᠪᠤᠴᠠ᠎ᠳᠤ᠂ ᠪᠥᠬᠥ᠌ ᠬᠥᠮᠦᠰ ᠪᠥᠬᠥ᠌ ᠶᠠᠪᠤᠴᠠ᠎ᠳᠤ ᠠᠶᠤᠯ ᠥᠭᠡᠢ᠎ᠶ᠋ᠢᠨ ᠪᠦᠰᠡ ᠶ᠋ᠢ ᠵᠢᠷᠤᠮᠵᠢᠯ᠎ᠲᠠᠶ ᠬᠡᠷᠡᠭ᠌ᠯᠡᠵᠦ᠍᠂ ᠬᠤᠷᠳᠤᠴᠠ ᠬᠡᠲᠦᠷᠡᠬᠦ᠌ ᠥᠭᠡᠢ᠂ ᠶᠠᠳᠠᠷᠠᠭᠠᠳᠲᠡᠷᠭᠡ ᠵᠢᠯᠣᠭᠣᠳᠭᠤ ᠥᠭᠡᠢ᠂ ᠲᠡᠷᠭᠡ ᠳᠠᠪᠠᠵᠤ ᠲᠡᠷᠭᠡ ᠵᠦᠷᠢᠯᠳᠦᠬᠦ ᠳ᠋ᠡᠭᠡᠨ ᠬᠢᠴᠢᠶᠡᠮᠵᠢᠳᠠᠢ ᠪᠠᠢᠵᠤ᠂ ᠡᠮᠦᠨᠡᠬᠢ ᠲᠡᠷᠭᠡ ᠬᠥᠰᠭᠡ ᠤᠳᠠᠭᠠᠨ ᠶᠠᠪᠤᠬᠤ ᠪᠤᠶᠤ ᠵᠠᠮ ᠬᠠᠷᠢᠯᠴᠠᠭᠠᠨ ᠤ᠋ ᠡᠨᠳᠡᠯ ᠲᠣᠬᠢᠶᠠᠯᠳᠤᠪᠠᠯ᠂ ᠡᠮᠬᠢ ᠵᠢᠷᠤᠮ᠎ᠲᠠᠶ᠎ᠪᠠᠷ ᠮᠥᠷᠯᠡᠨ᠂ ᠳᠡᠰ ᠳᠠᠷᠠᠭᠠᠯᠠᠨ ᠨᠡᠪᠳᠡᠷᠡᠵᠤ᠂ ᠵᠠᠮ ᠪᠤᠯᠢᠶᠠᠯᠳᠤᠨ ᠪᠥᠭ᠌ᠯᠡᠬᠦ᠌ ᠥᠭᠡᠢ᠂ ᠪᠠᠴᠢᠮ ᠪᠠᠢᠳᠠᠯ ᠢ᠋ ᠠᠷᠭᠠᠴᠠᠭᠠᠬᠤ ᠲᠡᠷᠭᠡᠨ ᠵᠠᠮ ᠢ᠋ ᠡᠵᠡᠯᠡᠬᠦ᠌ ᠥᠭᠡᠢ ᠪᠠᠢᠬᠤ ᠬᠡᠷᠡᠭ᠌ᠲᠡᠢ᠃ ᠪᠣᠷᠣᠭᠠᠨ ᠮᠠᠨᠠᠨ᠎ᠲᠠᠶ ᠡᠳᠦᠷ ᠲᠡᠷᠭᠡ ᠵᠢᠯᠣᠭᠣᠳᠭᠤ᠎ᠳᠤ ᠪᠣᠯᠭᠣᠮᠵᠢᠲᠠᠶ ᠪᠠᠢᠵᠤ᠂ ᠠᠮᠤᠷ ᠲᠦᠪᠱᠢᠨ ᠲᠡᠷᠭᠡᠨ ᠬᠤᠷᠳᠤᠴᠠ ᠲᠡᠷᠭᠡᠨ᠎ᠤ ᠵᠠᠶ᠎ᠶ᠋ᠢ ᠪᠠᠲᠤᠯᠠᠬᠤ ᠬᠡᠷᠡᠭ᠌ᠲᠡᠶ᠃ ᠠᠭᠤᠯᠠᠷᠬᠠᠭ ᠣᠷᠣᠨ᠂ ᠲᠣᠰᠭᠣᠨ ᠪᠠᠯᠭᠠᠰᠤ᠎ᠪᠠᠷ ᠥᠩᠭᠡᠷᠡᠬᠦ᠌ ᠵᠠᠰᠠᠮᠠᠯ ᠵᠠᠮ ᠢᠯᠠᠩᠭᠤᠶ᠎ᠠ ᠲᠠᠬᠢᠷ ᠵᠠᠮ ᠡᠭ᠌ᠴᠡ ᠬᠥᠲᠥᠯ᠂ ᠤᠰᠤᠨ ᠬᠥᠪᠡᠭᠡ ᠬᠠᠳᠠᠨ ᠢᠷᠮᠡᠭᠦᠨ ᠵᠠᠮ᠎ᠢ ᠠᠩᠬᠠᠷᠤᠨ ᠠᠵᠢᠭ᠍ᠯᠠᠵᠤ᠂ ᠬᠤᠷᠳᠤᠴᠠ᠎ᠪᠠᠨ ᠬᠠᠰᠤᠵᠤ ᠤᠳᠠᠭᠠᠨ ᠶᠠᠪᠤᠵᠤ᠂ ᠲᠡᠷᠭᠡᠨ᠎ᠦ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠦᠷᠭᠡᠨ᠎ᠤ ᠵᠠᠰᠠᠮᠠᠯ ᠵᠠᠮ᠎ᠳᠤ ᠵᠠᠮ ᠬᠠᠷᠢᠯᠴᠠᠭᠠᠨ᠎ᠤ ᠡᠨᠳᠡᠯ ᠪᠤᠶᠤ ᠲᠡᠷᠭᠡ ᠬᠦᠰᠭᠡ ᠰᠠᠭᠠᠳ ᠭᠠᠷᠪᠠᠯ᠂ ᠲᠡᠷᠡ ᠳᠠᠷᠤᠶᠳᠤᠨᠢ《ᠲᠡᠷᠭᠡ ᠬᠠᠵᠠᠭᠤ ᠲᠠᠯ᠎ᠠ᠎ᠳᠦ᠎ᠨᠢ ᠭᠠᠷᠴᠤ ᠵᠤᠭᠰᠤᠨ᠂ ᠬᠥᠮᠦᠨ ᠵᠠᠢᠯᠠᠵᠤ᠂ ᠲᠡᠷᠡ ᠳᠠᠷᠤᠶ ᠲᠦᠭ᠌ᠰᠢᠭᠦᠷᠢ ᠮᠡᠳᠡᠭᠦᠯᠬᠦ᠌ ᠬᠡᠷᠡᠭ᠌ᠲᠡᠶ》 ᠭᠡᠵᠦ ᠰᠠᠨᠠᠭᠤᠯᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)