ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠪᠥᠬᠥ ᠤᠯᠤᠰ᠎ᠤᠨ ᠵᠠᠮ ᠬᠠᠷᠢᠯᠴᠠᠭ᠎ᠠ ᠶᠡᠷᠦᠨᠭᠬᠡᠢ᠎ᠳᠡᠭᠡᠨ ᠲᠤᠭᠲᠠᠭᠤᠨ ᠡᠮᠬᠢ ᠵᠢᠷᠤᠮ ᠲᠡᠢ
2025-10-16 11:38:57
ᠵᠣᠬᠢᠶᠠᠭ᠍ᠴᠢ᠄
​ ᠹᠧᠩ ᠵᠢᠶᠠ ᠱᠦᠨ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠭ᠍ᠴᠢ 8᠎ᠤ᠋ ᠡᠳᠦᠷ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠡᠴᠡ ᠣᠢᠯᠠᠭᠠᠭᠰᠠᠨ᠎ᠢᠶᠡᠷ᠂ ᠡᠨᠡ ᠵᠢᠯ᠎ᠦᠨ ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠵᠢᠭᠤᠯᠴᠢᠯᠠᠯ᠎ᠤᠨ ᠤᠷᠤᠰᠬᠠᠯ᠂ ᠲᠥᠷᠥᠯ ᠰᠠᠳᠤᠨ᠎ᠢᠶᠠᠨ ᠡᠷᠭᠢᠬᠦ ᠤᠷᠤᠰᠬᠠᠯ ᠳᠠᠪᠬᠤᠴᠠᠵᠤ᠂ ᠬᠣᠯᠠ ᠵᠠᠮ᠎ᠤᠨ ᠵᠢᠭᠤᠯᠴᠢᠯᠠᠯ᠂ ᠬᠤᠪᠢ᠎ᠶᠢᠨ ᠮᠠᠰᠢᠨ ᠲᠡᠷᠭᠡᠨ᠎ᠦ ᠵᠢᠭᠤᠯᠴᠢᠯᠠᠯ ᠲᠥᠪᠯᠡᠷᠡᠵᠦ᠂ ᠪᠥᠬᠥ ᠤᠯᠤᠰ᠎ᠲᠤ ᠨᠡᠢᠳᠡᠮ᠎ᠳᠡᠭᠡᠨ ᠠᠶᠠᠨᠴᠢᠳ᠎ᠤᠨ ᠶᠡᠬᠡ ᠤᠷᠤᠰᠬᠠᠯ᠂ ᠮᠠᠰᠢᠨ ᠲᠡᠷᠭᠡᠨ᠎ᠦ ᠶᠡᠬᠡ ᠤᠷᠤᠰᠬᠠᠯ᠎ᠤᠨ ᠪᠠᠢᠳᠠᠯ ᠢᠯᠡᠷᠡᠵᠡᠢ᠃ ᠪᠥᠬᠥ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠳ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠪᠠᠢᠷᠢᠯᠠᠭᠤᠯᠤᠯᠲᠠ ᠶᠤᠰᠤᠭᠠᠷ᠂ ᠦᠢᠯᠡᠴᠢᠯᠡᠭᠡ᠎ᠶᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ ᠬᠠᠮᠢᠶᠠᠷᠤᠨ ᠡᠵᠡᠮᠳᠡᠬᠦ ᠭᠣᠣᠯᠳᠠᠯᠭ᠎ᠠ᠎ᠪᠠᠨ ᠲᠣᠪᠤᠢᠯᠭᠠᠵᠤ᠂ ᠪᠦᠬᠦ ᠬᠦᠴᠦ ᠪᠡᠷ᠎ᠢᠶᠡᠨ ᠬᠡᠮ᠎ᠰᠤᠭᠤᠭ᠎ᠢ ᠠᠷᠢᠯᠭᠠᠨ᠂ ᠠᠶᠤᠯ ᠲᠦᠭᠰᠢᠭᠦᠷᠢ᠎ᠶᠢ ᠰᠡᠷᠭᠡᠢᠯᠡᠵᠤ᠂ ᠵᠠᠮ ᠬᠠᠷᠢᠯᠴᠠᠭᠠᠨ᠎ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠎ᠶᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭᠲᠡᠢ ᠭᠡᠵᠤ ᠱᠠᠭᠠᠷᠳᠠᠪᠠ᠃ 10 ᠰᠠᠷ᠎ᠠ᠎ᠶᠢᠨ 8᠎ᠤ᠋ ᠡᠳᠦᠷ᠎ᠦᠨ 19 ᠴᠠᠭ ᠪᠣᠯᠲᠠᠯ᠎ᠠ᠂ ᠪᠥᠬᠥ ᠤᠯᠤᠰ᠎ᠤᠨ ᠵᠠᠮ ᠬᠠᠷᠢᠯᠴᠠᠭ᠎ᠠ ᠶᠡᠷᠦᠩᠬᠡᠢ᠎ᠳᠡᠭᠡᠨ ᠲᠣᠭᠲᠠᠭᠤᠨ ᠡᠮᠬᠢ ᠵᠢᠷᠤᠮ᠎ᠲᠠᠢ ᠪᠠᠢᠵᠤ᠂ ᠵᠠᠮ ᠬᠠᠷᠢᠯᠴᠠᠭᠠᠨ᠎ᠤ ᠬᠦᠨᠳᠦ ᠶᠡᠬᠡ ᠡᠨᠳᠡᠯ ᠭᠠᠷᠤᠭᠰᠠᠨ ᠦᠭᠡᠢ᠂  ᠶᠡᠬᠡ ᠬᠡᠪᠴᠢᠶ᠎ᠠ᠂ ᠣᠷᠳᠣ᠌ ᠴᠠᠭ᠂ ᠣᠷᠳᠣ᠌ ᠵᠠᠢ᠎ᠶᠢᠨ ᠬᠦᠨᠳᠦ ᠨᠣᠴᠢᠲᠠᠢ ᠲᠦᠭᠵᠢᠷᠡᠯ᠎ᠤᠨ ᠮᠡᠳᠡᠭᠦᠯᠦᠯᠳᠡ ᠵᠢ ᠤᠯᠤᠭᠰᠠᠨ ᠦᠭᠡᠢ᠃

ᠠᠮᠠᠷᠠᠯᠲᠠ᠎ᠶᠢᠨ ᠬᠤᠭᠤᠴᠠᠭᠠᠨ᠎ᠳᠤ᠂ ᠪᠥᠬᠥ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠠᠮᠠᠷᠠᠯᠲᠠ᠎ᠶᠢᠨ ᠬᠤᠭᠤᠴᠠᠭᠠᠨ᠎ᠤ ᠶᠠᠪᠤᠵᠤ ᠰᠠᠭᠤᠬᠤ ᠵᠢᠮ᠎ᠡ ᠶᠣᠰᠣ᠌᠂ ᠭᠠᠵᠠᠷ ᠣᠷᠣᠨ᠎ᠤ ᠵᠠᠮ ᠬᠠᠷᠢᠯᠴᠠᠭᠠᠨ᠎ᠤ ᠣᠨᠴᠠᠯᠢᠭ᠋ ᠵᠢᠴᠢ ᠵᠠᠮ ᠬᠠᠷᠢᠯᠴᠠᠭᠠᠨ᠎ᠤ ᠤᠷᠤᠰᠴᠠ᠎ᠶᠢᠨ ᠬᠤᠪᠢᠷᠠᠯᠲᠠ᠎ᠶᠢᠨ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠵᠠᠳᠠᠯᠤᠨ ᠰᠤᠳᠤᠯᠵᠤ ᠮᠠᠭᠠᠳᠯᠠᠬᠤ᠎ᠪᠠᠨ ᠴᠢᠩᠭᠠᠳᠬᠠᠵᠤ᠂ ᠬᠡᠮ ᠰᠤᠭᠤᠭ᠎ᠢ ᠭᠦᠨᠵᠡᠭᠡᠢ ᠵᠢᠭ᠍ᠰᠠᠭᠠᠨ ᠪᠠᠢᠴᠠᠭᠠᠵᠤ᠂ ᠭᠣᠣᠯᠳᠠᠯᠭ᠎ᠠ᠎ᠲᠠᠢ ᠴᠠᠭ ᠬᠤᠭᠤᠴᠠᠭ᠎ᠠ ᠪᠠ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠩᠬᠠᠷᠴᠤ᠂ ᠠᠮᠠᠷᠬᠠᠨ ᠬᠡᠷᠡᠭ ᠡᠭᠦᠰᠭᠡᠵᠤ ᠭᠠᠢ ᠲᠠᠲᠠᠬᠤ᠂ ᠵᠠᠮ ᠨᠡᠪᠲᠡᠷᠡᠯᠭᠡ᠎ᠶᠢᠨ ᠡᠮᠬᠢ ᠵᠢᠷᠤᠮ᠎ᠢ ᠠᠮᠠᠷᠬᠠᠨ ᠰᠠᠮᠠᠭᠤᠷᠠᠭᠤᠯᠬᠤ ᠬᠠᠤᠯᠢ᠎ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠶᠢᠨ ᠬᠠᠤᠯᠢ ᠬᠡᠷᠡᠭᠵᠢᠭᠦᠯᠵᠦ ᠬᠠᠮᠢᠶᠠᠷᠤᠨ ᠡᠵᠡᠮᠳᠡᠬᠦ ᠡᠷᠴᠢᠮ᠎ᠢᠶᠡᠨ ᠦᠨᠡᠨ ᠬᠦ᠌ ᠴᠢᠩᠭᠠᠷᠠᠭᠤᠯᠪᠠ᠃ ᠲᠦᠷᠭᠡᠨ᠎ᠤ ᠵᠠᠰᠠᠮᠠᠯ ᠵᠠᠮ᠂ ᠤᠯᠤᠰ ᠮᠤᠵᠢ᠎ᠶᠢᠨ ᠭᠣᠣᠯ ᠱᠤᠭᠤᠮ ᠪᠠ ᠦᠵᠡᠮᠵᠢ᠎ᠶᠢᠨ ᠣᠷᠣᠨ᠎ᠤ ᠡᠷᠬᠢᠨ ᠲᠣᠭᠣᠷᠢᠨ᠎ᠤ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠮᠤᠵᠢ᠎ᠶᠢᠨ ᠬᠣᠭᠣᠷᠣᠨᠳᠣᠬᠢ ᠬᠠᠮᠵᠢᠯᠴᠠᠭ᠎ᠠ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠴᠢᠩᠭᠠᠳᠬᠠᠵᠤ᠂ ᠤᠯᠠᠨ ᠴᠡᠭ᠎ᠲᠦ ᠡᠵᠡᠮᠳᠡᠬᠦ᠂ ᠠᠯᠤᠰ ᠲᠦ᠍ ᠰᠠᠯᠭᠠᠬᠤ ᠵᠡᠷᠭᠡ ᠠᠷᠭ᠎ᠠ ᠬᠡᠮᠵᠢᠶ᠎ᠡ᠎ᠶᠢ ᠠᠪᠴᠤ᠂ ᠲᠦᠭᠵᠢᠷᠡᠯ᠎ᠢ ᠵᠠᠰᠠᠵᠤ ᠰᠠᠭᠠᠳ ᠦᠭᠡᠢ ᠨᠡᠪᠲᠡᠷᠡᠭᠦᠯᠬᠦ᠎ᠶᠢ ᠪᠠᠲᠤᠯᠠᠬᠤ᠎ᠶᠢ ᠴᠢᠩᠭᠠᠳᠬᠠᠪᠠ᠃ 《ᠵᠠᠮ ᠬᠠᠷᠢᠯᠴᠠᠭ᠎ᠠ ᠲᠡᠭᠡᠭᠡᠪᠤᠷᠢ ᠵᠢᠨ ᠲᠦᠷᠪᠡᠨ ᠲᠦᠷᠦᠯ᠎ᠤᠨ ᠲᠦᠭᠰᠢᠭᠦᠷᠢ ᠶᠡᠬᠡᠳᠡᠢ ᠲᠡᠷᠭᠡ ᠬᠦᠰᠭᠡ》 ᠪᠠ ᠮᠤᠬᠤᠯᠠᠭ ᠮᠠᠰᠢᠨ ᠵᠡᠷᠭᠡ ᠭᠣᠣᠯᠳᠠᠯᠭ᠎ᠠ᠎ᠲᠠᠢ ᠲᠡᠷᠭᠡ ᠬᠥᠰᠬᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠬᠤᠷᠳᠤᠴᠠ ᠬᠡᠲᠦᠷᠡᠭᠦᠯᠵᠤ ᠶᠠᠳᠠᠷᠠᠭᠤ ᠵᠢᠯᠤᠭᠤᠳᠬᠤ》᠂ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠤᠭᠣᠳᠬᠤ ᠵᠡᠷᠭᠡ ᠬᠠᠤᠯᠢ᠎ᠶᠢ ᠬᠦᠨᠳᠦ ᠨᠣᠴᠢᠲᠠᠢ ᠵᠥᠷᠢᠴᠡᠭᠰᠡᠨ ᠪᠠᠢᠳᠠᠯ᠎ᠢ ᠴᠢᠩᠭ᠎ᠠ ᠪᠠᠢᠴᠠᠭᠠᠵᠤ᠂ ᠡᠨᠳᠡᠯ᠎ᠦᠨ ᠲᠦᠭᠰᠢᠭᠦᠷᠢ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠪᠠ᠃ ᠣᠷᠳᠣ᠌ ᠬᠤᠭᠤᠴᠠᠭ᠎ᠠ᠎ᠪᠠᠷ ᠬᠣᠯᠠ ᠠᠶᠠᠯᠠᠬᠤ᠂ ᠰᠥᠨᠢ᠎ᠪᠡᠷ ᠠᠶᠠᠯᠠᠬᠤ ᠵᠡᠷᠭᠡ ᠭᠣᠣᠯᠳᠠᠯᠭ᠎ᠠ᠎ᠲᠠᠢ ᠲᠡᠷᠭᠡ ᠬᠥᠰᠬᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠠᠮ ᠬᠠᠷᠢᠯᠴᠠᠭᠠᠨ᠎ᠤ ᠬᠠᠮᠢᠶᠠᠷᠤᠯᠲᠠ 12123᠂ ᠣᠬᠣᠷ ᠮᠡᠳᠡᠭᠡ᠂ 《ᠡᠭᠦᠯᠡᠨ ᠬᠠᠷᠠᠭᠤᠯ》 ᠵᠡᠷᠭᠡ ᠠᠷᠭ᠎ᠠ ᠮᠠᠶᠢᠭ᠋᠎ᠲᠤ ᠲᠦᠰᠢᠭᠯᠡᠨ ᠨᠠᠷᠢᠯᠢᠭ᠋ ᠣᠨᠣᠴᠠᠲᠠᠢ ᠤᠬᠠᠭᠤᠯᠤᠨ ᠰᠠᠨᠠᠭᠤᠯᠬᠤ᠎ᠶᠢ ᠴᠢᠩᠭᠠᠳᠬᠠᠵᠤ᠂ ᠣᠯᠠᠨ ᠲᠦᠮᠡᠨ᠎ᠤ ᠶᠠᠪᠤᠵᠤ ᠰᠠᠭᠤᠬᠤ ᠪᠡᠨ ᠵᠤᠬᠢᠰᠲᠠᠢ ᠲᠤᠬᠢᠷᠠᠭᠤᠯᠬᠤ᠂ ᠠᠮᠤᠷ ᠲᠦᠪᠰᠢᠨ ᠪᠣᠯᠪᠠᠰᠤᠨ᠎ᠢᠶᠠᠷ ᠲᠡᠷᠭᠡ ᠵᠢᠯᠤᠭᠣᠳᠬᠤ᠎ᠶᠢ ᠬᠦᠲᠦᠯᠦᠨ ᠵᠢᠯᠤᠭᠤᠳᠪᠠ᠃

ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠡᠴᠡ ᠥᠷᠭᠡᠨ ᠣᠯᠠᠨ ᠵᠢᠯᠣᠭᠣᠴᠢ ᠨᠠᠷ ᠲᠦ᠍᠂ ᠢᠷᠡᠬᠦ ᠬᠡᠳᠦᠨ ᠡᠳᠦᠷ᠎ᠲᠦ ᠮᠥᠨ ᠬᠦ᠌ ᠬᠡᠰᠡᠭ ᠪᠤᠴᠠᠬᠤ ᠬᠦᠮᠦᠰ ᠪᠠᠢᠵᠤ᠂ ᠮᠠᠰᠢᠨ ᠵᠢᠯᠤᠭᠣᠳᠴᠤ ᠪᠤᠴᠠᠬᠤ ᠵᠠᠮ᠎ᠳᠠᠭᠠᠨ ᠡᠷᠬᠡᠪᠰᠢ ᠳᠦᠷᠢᠮ ᠲᠣᠭᠲᠠᠭᠠᠯ᠎ᠢ ᠵᠢᠷᠤᠮᠯᠠᠨ ᠬᠠᠤᠯᠢ᠎ᠶᠢ ᠰᠠᠬᠢᠬᠤ ᠬᠡᠷᠡᠭᠲᠡᠢ᠂ ᠶᠠᠭᠠᠬᠢᠭ᠍ᠰᠠᠨ ᠴᠤ᠌ ᠬᠡᠲᠦ ᠬᠤᠷᠳᠤ ᠪᠡᠷ ᠵᠢᠯᠤᠭᠣᠳᠴᠤ ᠪᠣᠯᠬᠤ ᠦᠭᠡᠢ᠂ ᠶᠠᠳᠠᠷᠠᠭᠤ᠎ᠪᠠᠷ ᠵᠢᠯᠤᠭᠣᠳᠴᠤ ᠪᠣᠯᠬᠤ ᠦᠭᠡᠢ᠂ ᠰᠡᠳᠬᠢᠯ ᠬᠤᠪᠢᠶᠠᠭᠳᠠᠨ ᠵᠢᠯᠤᠭᠣᠳᠴᠤ ᠪᠣᠯᠬᠤ ᠦᠭᠡᠢ᠃ ᠰᠥᠨᠢ᠎ᠪᠡᠷ ᠶᠠᠪᠤᠬᠤ ᠪᠤᠶᠤ ᠪᠣᠷᠣᠭᠠᠨ ᠮᠠᠨᠠᠨ ᠲᠡᠢ ᠴᠠᠭ ᠠᠭᠤᠷ᠎ᠲᠣᠬᠢᠶᠠᠯᠳᠤᠪᠠᠯ᠂ ᠮᠠᠰᠢᠨ᠎ᠦ ᠬᠤᠷᠳᠤᠴᠠ᠂ ᠵᠠᠢ᠎ᠶᠢ ᠵᠠᠪᠠᠯ ᠪᠠᠲᠤᠯᠠᠬᠤ ᠬᠡᠷᠡᠭᠲᠡᠢ᠃ ᠠᠮᠠᠷᠠᠯᠲᠠ᠎ᠶᠢᠨ ᠬᠤᠭᠤᠴᠠᠭ᠎ᠠ ᠥᠩᠭᠡᠷᠡᠭᠰᠡᠨ᠎ᠦ ᠳᠠᠷᠠᠭ᠎ᠠ᠂ ᠬᠥᠳᠡᠭᠡ ᠲᠣᠰᠬᠣᠨ᠎ᠤ ᠲᠠᠷᠢᠶᠠᠯᠠᠩ᠎ᠤᠨ ᠠᠵᠢᠯ ᠬᠥᠯᠥᠰᠦᠨ ᠠᠵᠢᠯ ᠬᠢᠬᠦ ᠶᠠᠪᠤᠳᠠᠯ ᠣᠯᠠᠰᠢᠷᠠᠵᠤ᠂ ᠣᠯᠠᠨ ᠲᠦᠮᠡᠨ ᠲᠣᠭ᠎ᠠ᠎ᠡᠴᠡ ᠬᠡᠲᠦᠷᠡᠭᠦᠯᠦᠨ ᠲᠡᠭᠡᠭᠡᠬᠦ ᠮᠠᠰᠢᠨ᠎ᠳᠦ ᠰᠠᠭᠤᠬᠤ᠎ᠶᠢ ᠴᠢᠩᠭ᠎ᠠ ᠴᠡᠭᠡᠷᠯᠡᠵᠦ᠂ ᠨᠠᠩ ᠴᠤ᠌ ᠬᠥᠩᠭᠡᠨ ᠬᠡᠯᠪᠡᠷᠢ᠎ᠶᠢᠨ ᠪᠠᠷᠠᠭᠠᠨ᠎ᠤ ᠮᠠᠰᠢᠨ᠂ ᠭᠤᠷᠪᠠᠨ ᠬᠦᠷᠳᠦᠲᠦ ᠮᠠᠰᠢᠨ᠂ ᠲᠷᠠᠺᠲ᠋ᠣᠷ ᠵᠡᠷᠭᠡ ᠠᠶᠠᠨᠴᠢᠳ᠎ᠤᠨ ᠪᠤᠰᠤ ᠮᠠᠰᠢᠨ᠎ᠳᠦ ᠰᠠᠭᠤᠵᠤ ᠪᠣᠯᠬᠤ ᠦᠭᠡᠢ ᠭᠡᠵᠦ ᠰᠠᠨᠠᠭᠤᠯᠵᠤ ᠪᠠᠢᠨ᠎ᠠ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 10 ᠰᠠᠷ᠎ᠠ᠎ᠶᠢᠨ 8᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号