《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠵᠣᠬᠢᠶᠠᠯ ᠢ ᠨᠡᠢᠲᠡᠯᠡᠪᠡ
10 ᠰᠠᠷ᠎ᠠ᠎ᠶ᠋ᠢᠨ 16᠎ᠤ᠋ ᠡᠳᠦᠷ ᠬᠡᠪᠯᠡᠭ᠌ᠳᠡᠬᠦ 20 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠦᠨ 《ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠦᠨ 2021 ᠣᠨ᠎ᠤ 9 ᠰᠠᠷ᠎ᠠ᠎ᠡᠴᠡ 2025 ᠣᠨ᠎ᠤ 9 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠲᠤᠪᠴᠢᠯᠠᠯ ᠪᠣᠯᠤᠨ᠎ᠠ᠃
ᠵᠣᠬᠢᠶᠠᠯ᠎ᠳᠤ᠂ ᠣᠳᠣᠬᠠᠨ᠎ᠤ ᠳᠡᠯᠡᠬᠡᠢ ᠶᠢᠷᠲᠢᠨᠴᠦ᠍᠎ᠳᠤ ᠡᠩᠭᠡ ᠲᠠᠢᠪᠤᠩ᠎ᠤᠨ ᠤᠯᠠᠭᠠᠨ ᠲᠣᠭ᠎ᠠ᠂ ᠬᠥᠭ᠌ᠵᠢᠯᠲᠡ᠎ᠶ᠋ᠢᠨ ᠤᠯᠠᠭᠠᠨ ᠲᠣᠭ᠎ᠠ᠂ ᠠᠮᠤᠷ ᠲᠦᠪᠱᠢᠨ᠎ᠦ ᠤᠯᠠᠭᠠᠨ ᠲᠣᠭ᠎ᠠ᠂ ᠵᠠᠰᠠᠯᠲᠠ᠎ᠶ᠋ᠢᠨ ᠤᠯᠠᠭᠠᠨ ᠲᠣᠭ᠎ᠠ ᠨᠡᠮᠡᠭ᠌ᠳᠡᠭ᠌ᠰᠡᠨ᠎ᠡᠴᠡ ᠪᠢᠰᠢ ᠬᠠᠰᠤᠭ᠍ᠳᠠᠭ᠍ᠰᠠᠨ ᠦᠭᠡᠢ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶᠢ ᠪᠠᠢᠭᠤᠯᠬᠤ ᠪᠠ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠵᠡᠷᠭᠡ᠎ᠶ᠋ᠢ ᠳᠤᠷᠠᠳᠤᠭ᠍ᠰᠠᠨ ᠨᠢ ᠳᠡᠭᠡᠷ᠎ᠡ ᠳᠤᠷᠠᠳᠤᠭ᠍ᠰᠠᠨ ᠤᠯᠠᠭᠠᠨ ᠲᠣᠭ᠎ᠠ᠎ᠶ᠋ᠢ ᠱᠢᠢᠳᠪᠦᠷᠢᠯᠡᠵᠦ᠍᠂ ᠨᠡᠩ ᠰᠠᠢ᠌ᠨ ᠰᠠᠢᠬᠠᠨ ᠳᠡᠯᠡᠬᠡᠢ ᠶᠢᠷᠲᠢᠨᠴᠦ᠍ ᠪᠠᠢᠭᠤᠯᠬᠤ᠎ᠶ᠋ᠢ ᠠᠬᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠰᠠᠢᠬᠠᠨ ᠠᠮᠢᠳᠤᠷᠠᠯ᠎ᠢ ᠡᠭᠦᠳᠬᠦ᠎ᠶ᠋ᠢᠨ ᠲᠥᠯᠥᠭᠡ ᠶᠤᠮ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠬᠥᠭ᠌ᠵᠢᠯᠲᠡ ᠪᠣᠯ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠪᠣᠯᠤᠨ᠎ᠠ᠃ ᠪᠢᠳᠡ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠶ ᠠᠵᠤ ᠠᠬᠤᠶ᠎ᠶ᠋ᠢᠨ ᠳᠡᠯᠡᠬᠡᠢᠴᠢᠯᠡᠯᠳᠡᠶ᠋ᠢ ᠰᠠᠨᠠᠭᠠᠴᠢᠯᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢ ᠠᠬᠢᠭᠤᠯᠵᠤ᠂ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠦᠶ᠋ᠯᠡᠳᠦᠯᠭᠡᠵᠢᠭᠦᠯᠬᠦ᠌᠎ᠶ᠋ᠢᠨ ᠵᠣᠷᠢᠯᠭ᠎ᠠ᠎ᠨᠢ ᠨᠡᠮᠡᠭ᠌ᠳᠡᠯ᠎ᠦᠨ ᠠᠵᠠ ᠲᠣᠬᠢᠶᠠᠯ᠎ᠤᠨ ᠲᠦᠭᠡᠮᠡᠯ ᠬᠠᠷᠠᠭᠠᠯᠵᠠᠯ᠎ᠢ ᠪᠡᠶᠡᠯᠡᠭᠦᠯᠵᠦ᠍ ᠂ ᠬᠥᠭ᠌ᠵᠢᠯᠲᠡ᠎ᠶ᠋ᠢᠨ ᠵᠠᠮ᠎ᠤᠨ ᠪᠠᠭ᠍ᠲᠠᠭᠠᠮᠵᠢᠲᠠᠶ ᠪᠠᠢᠬᠤ᠎ᠶ᠋ᠢ ᠠᠬᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠳᠦ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠵᠦ᠍᠂ 《ᠪᠥᠮᠪᠥᠷᠴᠡᠭ ᠲᠣᠰᠭᠣᠨ》 ᠤ᠋ ᠳᠣᠲᠣᠷᠠᠬᠢ ᠤᠯᠤᠰ᠎ᠤᠳ᠎ᠤᠨ ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠡᠷᠢᠯᠬᠢᠯᠡᠵᠦ᠍᠂ ᠬᠠᠮᠲᠤ᠎ᠪᠠᠷ ᠠᠱᠢᠭ ᠭᠥᠷᠳᠡᠬᠦ᠌ ᠣᠢᠯᠠᠭᠠᠭ᠍ᠳᠠᠬᠤᠨ᠎ᠢ ᠬᠠᠮᠲᠤ᠎ᠶ᠋ᠢᠨ ᠲᠠᠨᠢᠯᠲᠠ ᠪᠣᠯᠭᠠᠬᠤ᠎ᠶ᠋ᠢᠨ ᠲᠥᠯᠥᠭᠡ ᠶᠤᠮ᠃ ᠬᠥᠭ᠌ᠵᠢᠯᠲᠡ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠪᠠᠢᠬᠤ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ ᠬᠠᠮᠲᠤ ᠣᠷᠣᠱᠢᠬᠤ᠎ᠶ᠋ᠢ ᠪᠠᠷᠢᠮᠲᠠᠯᠠᠵᠤ᠂ ᠠᠵᠢᠯᠯᠠᠭ᠎ᠠ ᠪᠡᠷ ᠤᠳᠤᠷᠢᠳᠤᠮᠵᠢ ᠪᠤᠯᠭᠠᠬᠤ᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠲᠡᠩᠴᠡᠭᠦᠷᠢᠲᠡᠢ ᠵᠣᠬᠢᠴᠠᠩᠭᠤᠢ ᠪᠠᠭ᠍ᠲᠠᠭᠠᠮᠵᠢᠲᠠᠢ ᠪᠠᠢᠬᠤ ᠱᠢᠨ᠎ᠡ ᠱᠠᠲᠤᠨ᠎ᠳᠤ ᠣᠷᠣᠬᠤ᠎ᠶ᠋ᠢ ᠬᠠᠮᠲᠤ᠎ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠠᠮᠤᠷ ᠲᠦᠪᠰᠢᠨ ᠪᠣᠯ ᠬᠥᠭᠵᠢᠯᠲᠡ᠎ᠶᠢᠨ ᠤᠷᠢᠲᠠᠯ ᠮᠥᠨ᠂ ᠬᠥᠮᠥᠨ ᠲᠥᠷᠥᠯᠬᠢᠲᠡᠨ ᠪᠣᠯ ᠰᠠᠯᠵᠤ ᠪᠣᠯᠣᠰᠢ ᠦᠭᠡᠢ ᠠᠮᠤᠷ ᠲᠦᠪᠰᠢᠨ᠎ᠦ ᠬᠠᠮᠲᠤ᠎ᠶᠢᠨ ᠴᠣᠭᠴᠠ ᠮᠥᠨ᠃ ᠤᠯᠤᠰ ᠤᠯᠤᠰ᠎ᠤᠨ ᠬᠣᠭᠣᠷᠣᠨᠳᠤ᠎ᠪᠠᠨ ᠬᠠᠷᠢᠯᠴᠠᠨ ᠲᠦᠰᠢᠭᠯᠡᠯᠴᠡᠵᠦ ᠪᠠᠢᠭ᠎ᠠ ᠥᠨᠥᠳᠥᠷ᠂ ᠥᠪᠡᠷ᠎ᠦᠨ ᠬᠠᠷᠢᠴᠠᠯᠠᠰᠢᠭᠦᠢ ᠠᠮᠤᠷ ᠲᠦᠪᠰᠢᠨ ᠭᠡᠳᠡᠭ᠎ᠢ ᠬᠥᠭᠡᠭᠡᠴᠡᠯᠳᠦᠵᠦ᠂ ᠠᠮᠤᠷ ᠲᠦᠪᠰᠢᠨ᠎ᠢ ᠭᠠᠭᠴᠠᠭᠠᠷ ᠡᠳ᠋ᠯᠡᠨ᠎ᠠ ᠬᠡᠳᠡᠭ ᠪᠠᠶᠡᠯᠡᠭᠳᠡᠰᠢ ᠦᠭᠡᠢ ᠬᠡᠷᠡᠭ ᠶᠤᠮ᠃ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ ᠪᠣᠯ ᠬᠠᠮᠲᠤᠷᠠᠯᠴᠠᠭ᠎ᠠ᠎ᠪᠠᠷ ᠬᠥᠭᠵᠢᠯᠲᠡ᠎ᠶᠢ ᠠᠬᠢᠭᠤᠯᠵᠤ᠂ ᠬᠠᠮᠲᠤᠷᠠᠯᠴᠠᠭ᠎ᠠ᠎ᠪᠠᠷ ᠠᠮᠤᠷ ᠲᠦᠪᠰᠢᠨ᠎ᠢ ᠠᠬᠢᠭᠤᠯᠵᠤ᠂ ᠨᠡᠩ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠠᠮᠤᠷ ᠲᠦᠪᠰᠢᠨ᠎ᠦ ᠪᠦᠷᠢᠯᠳᠦᠴᠡ᠎ᠶᠢ ᠪᠠᠶ᠋ᠢᠭᠤᠯᠬᠤ᠎ᠶᠢ ᠰᠠᠨᠠᠭᠠᠴᠢᠯᠠᠨ᠎ᠠ᠃ ᠬᠠᠮᠲᠤ᠎ᠶᠢᠨ᠂ ᠶᠡᠷᠦᠩᠬᠡᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ᠎ᠦ ᠦᠵᠡᠯᠲᠡ᠎ᠶᠢ ᠪᠠᠷᠢᠮᠲᠠᠯᠠᠵᠤ᠂ ᠡᠯ᠎ᠡ ᠤᠯᠤᠰ᠎ᠤᠨ ᠡᠷᠬᠡ ᠮᠡᠳᠡᠯ᠂ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠢᠬᠤ᠎ᠶᠢ ᠬᠦᠨᠳᠦᠳᠬᠡᠬᠦ᠎ᠶᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ ᠢ ᠵᠢᠷᠤᠮᠯᠠᠬᠤ᠎ᠶᠢ ᠪᠠᠷᠢᠮᠲᠠᠯᠠᠵᠤ᠂ ᠡᠯ᠎ᠡ ᠤᠯᠤᠰ᠎ᠤᠨ ᠵᠦᠢ ᠵᠣᠬᠢᠰᠲᠠᠢ ᠠᠮᠤᠷ ᠲᠦᠪᠰᠢᠨ᠎ᠦ ᠠᠩᠬᠠᠷᠤᠯ ᠢ ᠴᠢᠬᠤᠯᠠᠴᠢᠯᠠᠬᠤ᠎ᠶᠢ ᠪᠠᠷᠢᠮᠲᠠᠯᠠᠵᠤ᠂ ᠶᠠᠷᠢᠯᠴᠠᠭ᠎ᠠ ᠵᠥᠪᠳᠡᠯᠴᠡᠭᠡ ᠪᠡᠷ ᠳᠠᠮᠵᠢᠭᠤᠯᠤᠨ ᠤᠯᠤᠰ ᠤᠨ ᠬᠣᠭᠣᠷᠣᠨᠳᠣᠬᠢ ᠵᠥᠷᠢᠯᠳᠦᠭᠡᠨ ᠪᠠ ᠮᠠᠷᠭᠤᠯᠳᠤᠭᠠᠨ᠎ᠢ ᠨᠠᠢᠷᠠᠮᠳᠠᠯ᠎ᠤᠨ ᠠᠷᠭ᠎ᠠ ᠮᠠᠶᠢᠭ᠋᠎ᠢᠶᠠᠷ ᠰᠢᠢᠳᠪᠦᠷᠢᠯᠡᠬᠦ᠎ᠶᠢ ᠪᠠᠷᠢᠮᠲᠠᠯᠠᠵᠤ᠂ ᠤᠯᠠᠮᠵᠢᠯᠠᠯᠲᠤ ᠬᠦᠷᠢᠶ᠎ᠡ ᠪᠠ ᠤᠯᠠᠮᠵᠢᠯᠠᠯᠲᠤ ᠪᠤᠰᠤ ᠬᠦᠷᠢᠶ᠎ᠠ ᠵᠢᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠬᠤ᠎ᠶᠢ ᠪᠠᠷᠢᠮᠲᠠᠯᠠᠶ᠎ᠠ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠤᠯᠠᠨ ᠶᠠᠩᠵᠤᠲᠤ ᠪᠣᠯᠪᠠᠰᠤᠨ ᠪᠣᠯ ᠳᠡᠯᠡᠬᠡᠢ᠎ᠶᠢᠨ ᠤᠭ ᠲᠦᠷᠢ ᠪᠣᠯᠣᠨ᠎ᠠ᠃ ᠡᠯ᠎ᠡ ᠤᠯᠤᠰ᠎ᠤᠨ ᠢᠷᠡᠭᠡᠳᠦᠢ ᠬᠤᠪᠢ ᠵᠠᠶᠠᠭ᠎ᠠ ᠨᠢᠭ᠍ᠲᠠ ᠬᠣᠯᠪᠣᠯᠳᠤᠵᠤ ᠪᠠᠢᠭ᠎ᠠ ᠥᠨᠥᠳᠥᠷ᠂ ᠠᠳᠠᠯᠢ ᠪᠤᠰᠤ ᠪᠣᠯᠪᠠᠰᠤᠨ ᠪᠠᠭᠲᠠᠭᠠᠮᠵᠢᠲᠠᠢ᠎ᠪᠠᠷ ᠬᠠᠮᠲᠤ ᠣᠷᠣᠰᠢᠵᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠵᠤ᠂ ᠬᠥᠮᠥᠨ ᠲᠥᠷᠥᠯᠬᠢᠲᠡᠨ᠎ᠦ ᠨᠡᠢᠭᠡᠮ ᠦᠨ ᠣᠳᠣᠬᠢᠴᠢᠯᠠᠯᠲᠠ ᠶᠢᠨ ᠠᠬᠢᠴᠠ᠂ ᠳᠡᠯᠡᠬᠡᠢ᠎ᠶᠢᠨ ᠪᠣᠯᠪᠠᠰᠤᠨ᠎ᠤ ᠥᠨᠢᠷ ᠴᠡᠴᠡᠭ ᠦᠨ ᠬᠦᠷᠢᠶᠡᠯᠡᠩ ᠢ ᠴᠡᠴᠡᠭᠯᠡᠭᠦᠯᠦᠨ ᠬᠥᠭᠵᠢᠭᠦᠯᠬᠦ ᠳᠦ ᠣᠷᠣᠯᠠᠭᠤᠯᠵᠤ ᠪᠣᠯᠣᠰᠢ ᠦᠭᠡᠢ ᠦᠢᠯᠡᠳᠦᠯ᠎ᠲᠠᠢ ᠶᠤᠮ᠃ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢ ᠳᠤᠷᠠᠳᠤᠭᠰᠠᠨ ᠨᠢ ᠡᠯ᠎ᠡ ᠤᠯᠤᠰ᠎ᠤᠨ ᠠᠷᠠᠳ ᠲᠦᠮᠡᠨ᠎ᠦ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠵᠤ᠂ ᠡᠯ᠎ᠡ ᠵᠦᠢᠯ᠎ᠦᠨ ᠪᠣᠯᠪᠠᠰᠤᠨ᠎ᠤ ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ᠎ᠶᠢ ᠠᠬᠢᠭᠤᠯᠬᠤ᠎ᠶᠢᠨ ᠲᠥᠯᠥᠭᠡ ᠶᠤᠮ᠃ ᠳᠡᠯᠡᠬᠡᠢ᠎ᠶᠢᠨ ᠪᠣᠯᠪᠠᠰᠤᠨ᠎ᠤ ᠤᠯᠠᠨ ᠶᠠᠩᠵᠤᠲᠤ ᠴᠢᠨᠠᠷ ᠢ ᠬᠦᠨᠳᠦᠳᠬᠡᠬᠦ᠎ᠶᠢ ᠬᠠᠮᠲᠤ᠎ᠪᠠᠷ ᠰᠠᠨᠠᠭᠠᠴᠢᠯᠠᠵᠤ᠂ ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠬᠤ᠎ᠶᠢ ᠬᠠᠮᠲᠤ᠎ᠪᠠᠷ ᠰᠠᠨᠠᠭᠠᠴᠢᠯᠠᠵᠤ᠂ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ᠎ᠶᠢ ᠡᠭᠦᠳᠬᠦ᠎ᠶᠢ ᠴᠢᠬᠤᠯᠠᠴᠢᠯᠠᠬᠤ᠎ᠶᠢ ᠬᠠᠮᠲᠤ᠎ᠪᠠᠷ ᠰᠠᠨᠠᠭᠠᠴᠢᠯᠠᠵᠤ᠂ ᠤᠯᠠᠨ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠬᠤ᠎ᠶᠢ ᠬᠠᠮᠲᠤ᠎ᠪᠠᠷ ᠰᠠᠨᠠᠭᠠᠴᠢᠯᠠᠵᠤ᠂ ᠳᠡᠯᠡᠬᠡᠢ᠎ᠶᠢᠨ ᠡᠯ᠎ᠡ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ᠂ ᠰᠣᠶᠣᠯ᠎ᠤᠨ ᠠᠭᠤᠰᠤᠯᠴᠠᠯ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠰᠢᠨ᠎ᠡ ᠪᠠᠢᠳᠠᠯ᠎ᠢ ᠴᠢᠷᠮᠠᠢᠨ ᠡᠭᠦᠳᠴᠦ᠂ ᠳᠡᠯᠡᠬᠡᠢ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ ᠳᠦ ᠴᠡᠴᠡᠭ ᠪᠦᠬᠦᠨ ᠢ ᠵᠡᠷᠭᠡ ᠪᠡᠷ ᠳᠡᠯᠭᠡᠷᠡᠭᠦᠯᠵᠦ᠂ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠤᠶᠠ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠡᠨᠡ ᠵᠢᠯ ᠪᠣᠯ ᠳᠡᠯᠡᠬᠡᠢ᠎ᠶ᠋ᠢᠨ ᠹᠠᠱ᠌ᠢᠰ ᠢ ᠡᠰᠡᠷᠭᠦᠴᠡᠬᠦ᠌ ᠲᠠᠢ᠌ᠨ ᠢᠯᠠᠯᠲᠠ ᠤᠯᠤᠭᠰᠠᠨ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 80 ᠵᠢᠯ᠎ᠦᠨ ᠤᠢ ᠪᠣᠯᠤᠨ᠎ᠠ᠂ ᠲᠡᠦᠬᠡ᠎ᠶ᠋ᠢ ᠪᠠᠲᠤ ᠴᠡᠭᠡᠵᠢᠯᠡᠵᠦ᠍᠂ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠬᠤ ᠴᠢᠬᠤᠯᠠ ᠴᠠᠭ ᠮᠥᠴᠡ ᠪᠣᠯᠤᠨ᠎ᠠ᠃ 80 ᠵᠢᠯ᠎ᠦᠨ ᠡᠮᠦᠨ᠎ᠡ᠂ ᠬᠣᠶᠠᠷ ᠤᠳᠠᠭ᠎ᠠ᠎ᠶ᠋ᠢᠨ ᠳᠡᠯᠡᠬᠡᠢ᠎ᠶ᠋ᠢᠨ ᠶᠡᠬᠡ ᠲᠠᠢ᠌ᠨ᠎ᠦ ᠬᠦᠨᠦᠭᠡᠯ ᠭᠠᠮᠱᠢᠭ ᠨᠢ ᠳᠡᠯᠡᠬᠡᠢ ᠨᠡᠢᠭᠡᠮ᠎ᠢ ᠡᠪᠡᠳᠬᠦ ᠨᠢ ᠵᠤᠭᠰᠤᠬᠰᠠᠨ ᠴᠸ᠋ ᠡᠪᠡᠷᠱᠢᠶᠡᠯ᠎ᠢᠶᠡᠨ ᠰᠠᠨᠠᠭᠠᠯᠵᠠᠬᠤ ᠪᠤᠯᠭᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠠᠶᠠᠨ᠎ᠳᠠᠭᠠᠨ ᠪᠠᠢᠭᠤᠯᠤᠭ᠍ᠳᠠᠵᠤ᠂ ᠪᠦᠬᠦ᠌ ᠪᠥᠮᠪᠥᠷᠴᠡᠭ᠎ᠦᠨ ᠵᠠᠰᠠᠯᠲᠠ ᠱᠢᠨ᠎ᠡ ᠬᠠᠭᠤᠳᠠᠰᠤ᠎ᠶ᠋ᠢ ᠨᠡᠭᠡᠭᠡᠪᠡ᠃ 80 ᠵᠢᠯ᠎ᠦᠨ ᠳᠠᠷᠠᠭ᠎ᠠ᠂ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠴᠠᠭ ᠦᠶ᠎ᠡ᠎ᠶ᠋ᠢᠨ ᠤᠷᠤᠰᠭᠠᠯ ᠬᠤᠪᠢᠷᠠᠭ᠍ᠰᠠᠨ ᠦᠭᠡᠢ᠂ ᠭᠡᠪᠡᠴᠦ᠍ ᠬᠦᠢᠲᠡᠨ ᠳᠠᠢ᠌ᠨ᠎ᠦ ᠰᠡᠳᠭᠢᠬᠦᠢ᠂ ᠡᠵᠡᠷᠬᠡᠬᠦ᠌ ᠦᠵᠡᠯ᠂ ᠬᠠᠮᠠᠭᠠᠯᠠᠬᠤ ᠦᠵᠡᠯ᠎ᠦᠨ ᠤᠨᠢᠶᠠᠷ ᠬᠦᠳᠡᠩ ᠰᠠᠷᠨᠢᠬᠤ ᠦᠭᠡᠢ᠂ ᠱᠢᠨ᠎ᠡ ᠰᠦᠷᠳᠡᠭᠦᠯᠦᠯ ᠱᠢᠨ᠎ᠡ ᠥᠷᠢᠰᠥᠯᠳᠦᠭᠡᠨ ᠨᠡᠮᠡᠭ᠌ᠳᠡᠬᠦ᠌᠎ᠡᠴᠡ ᠪᠢᠰᠢ ᠬᠠᠰᠤᠭ᠍ᠳᠠᠬᠤ ᠦᠭᠡᠢ ᠪᠠᠢᠵᠤ᠂ ᠳᠡᠯᠡᠬᠡᠢ ᠳ᠋ᠠᠬᠢᠨ ᠱᠢᠨ᠎ᠡ ᠤᠷᠪᠠᠭᠠᠨ ᠬᠥᠷᠪᠡᠭᠡᠨ᠎ᠲᠡᠶ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠪᠦᠬᠦ᠌ ᠪᠥᠮᠪᠥᠷᠴᠡᠭ᠎ᠦᠨ ᠵᠠᠰᠠᠯᠲᠠ ᠱᠢᠨ᠎ᠡ ᠲᠣᠨᠣᠯᠵᠢᠨ ᠵᠠᠮ᠎ᠳᠤ ᠣᠷᠣᠪᠠ᠃ ᠬᠡᠳᠦᠢ ᠬᠦᠴᠢᠷ ᠪᠡᠷᠬᠡᠱᠢᠶᠡᠯ᠎ᠲᠡᠶ ᠴᠠᠭ ᠮᠥᠴᠡ ᠪᠣᠯᠬᠤ ᠲᠤᠳᠤᠮ᠂ ᠲᠡᠳᠦᠢ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠤᠬ ᠰᠠᠨᠠᠭ᠎ᠠ᠎ᠪᠠᠨ ᠪᠠᠷᠢᠮᠲᠠᠯᠠᠵᠤ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠯᠣᠭᠢᠭ ᠳᠤᠮᠳᠠ ᠤᠷᠤᠭ᠍ᠰᠢᠯᠠᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ ᠳᠤᠮᠳᠠ ᠬᠥᠭ᠌ᠵᠢᠬᠦ᠌᠎ᠶ᠋ᠢ ᠪᠠᠷᠢᠮᠲᠠᠯᠠᠬᠤ ᠬᠡᠷᠡᠭ᠌ᠲᠡᠢ ᠭᠡᠳᠡᠭ ᠢ ᠲᠡᠦᠬᠡ ᠪᠢᠳᠡᠨ᠎ᠳᠦ ᠬᠡᠯᠡᠵᠦ᠍ ᠥᠭ᠌ᠴᠡᠢ᠃ ᠡᠭᠦᠨ᠎ᠦ ᠲᠤᠯᠠᠳᠠ᠂ ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠡᠯ᠎ᠡ ᠤᠯᠤᠰ᠎ᠲᠠᠶ ᠬᠠᠮᠲᠤ᠎ᠪᠠᠷ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ ᠪᠠᠢᠭᠤᠯᠬᠤ᠎ᠶ᠋ᠢ ᠠᠬᠢᠭᠤᠯᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠨ᠎ᠠ᠃ ᠨᠢᠭᠡᠳᠦᠭᠡᠷ᠎ᠲᠦ᠂ ᠡᠷᠬᠡ ᠮᠡᠳᠡᠯ ᠠᠳᠠᠯᠢ ᠲᠡᠭ᠌ᠰᠢ ᠪᠠᠢᠬᠤ᠎ᠶ᠋ᠢ ᠬᠡᠷᠡᠭ᠌ᠵᠢᠭᠦᠯᠦᠶᠡ᠃ ᠬᠣᠶᠠᠳᠤᠭᠠᠷ᠎ᠲᠤ᠂ ᠤᠯᠠᠨ ᠤᠯᠤᠰ᠎ᠤᠨ ᠬᠠᠤᠯᠢ᠎ᠪᠠᠷ ᠵᠠᠰᠠᠬᠤ᠎ᠶ᠋ᠢ ᠵᠢᠷᠤᠮᠯᠠᠨ ᠰᠠᠬᠢᠶ᠎ᠠ᠃ ᠭᠤᠷᠪᠠᠳᠤᠭᠠᠷ᠎ᠲᠤ᠂ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ᠃ ᠳᠥᠷᠪᠡᠳᠦᠭᠡᠷ᠎ᠲᠦ᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠰᠠᠨᠠᠭᠠᠴᠢᠯᠠᠶ᠎ᠠ᠃ ᠲᠠᠪᠤᠳᠤᠭᠠᠷ᠎ᠲᠤ᠂ ᠠᠵᠢᠯᠯᠠᠭ᠎ᠠ ᠪᠡᠷ ᠤᠳᠤᠷᠢᠳᠤᠮᠵᠢ ᠪᠤᠯᠭᠠᠬᠤ᠎ᠶ᠋ᠢ ᠴᠢᠬᠤᠯᠠᠴᠢᠯᠠᠶ᠎ᠠ ᠭᠡᠵᠦ ᠵᠢᠭᠠᠵᠤ ᠭᠠᠷᠭᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 15᠎ᠤ᠋ ᠴᠠᠬᠢᠯᠭᠠᠨ ᠮᠡᠳᠡᠭᠡ)