ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠡᠣᠯᠣᠰ ᠲᠦᠷᠦ ᠵᠢᠨ ᠲᠣᠪᠴᠢᠶᠠᠨ᠎ᠤ ᠭᠡᠱᠢᠭᠦᠨ᠂ ᠪᠦᠬᠦ᠌ ᠡᠣᠯᠣᠰ ᠤ᠋ᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠵᠢᠠ ᠬᠤᠷᠢᠶ᠎ᠠ ᠵᠢᠨ ᠳᠡᠳ᠋ ᠳᠠᠷᠤᠭ᠎ᠠ ᠯᠢ ᠬᠤᠩ ᠵᠥᠩ 26 ᠤ᠋ ᠡᠳᠦᠷ ᠪᠡᠭᠡᠵᠢᠩ᠎ᠳᠦ ᠨᠡᠷ᠎ᠡ ᠬᠦᠨᠳᠦᠲᠦ ᠲᠡᠷᠢᠭᠦᠯᠡᠭ᠌ᠴᠢ ᠯᠸᠢᠢᠨᠠᠷᠤᠨ ᠳᠠᠭᠠᠭᠤᠯᠤᠭ᠍ᠰᠠᠨ ᠹᠷᠠᠨᠼᠢ᠎ᠶ᠋ᠢᠨ ᠳᠡᠭᠡᠳᠦ ᠵᠥᠪᠯᠡᠯ᠎ᠤᠨ ᠹᠷᠠᠨᠼᠢ ᠳᠤᠮᠳᠠᠳᠤ ᠵᠢᠨ ᠨᠥᠬᠥᠷᠰᠡᠭ ᠳᠤᠭᠤᠢᠯᠠᠩ᠎ᠤᠨ ᠲᠥᠯᠥᠭᠡᠯᠡᠭ᠌ᠴᠢᠳ᠎ᠦᠨ ᠪᠦᠯᠬᠦᠮ᠎ᠲᠠᠢ ᠠᠭᠤᠯᠵᠠᠪᠠ᠃
ᠯᠢ ᠬᠣᠩ ᠵᠦᠩ᠂ ᠲᠡᠷᠢᠭᠦᠯᠡᠭ᠌ᠴᠢ ᠰᠢ ᠵᠢᠨ ᠫᠢᠩ ᠪᠣᠯᠤᠨ ᠶᠡᠷᠦᠩᠬᠡᠢᠯᠡᠭ᠌ᠴᠢ ᠮᠠᠢ᠌ᠺᠷᠤᠨᠤ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠹᠷᠠᠨᠼᠢ᠎ᠶ᠋ᠢᠨ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ ᠨᠢᠭ᠍ᠲᠠᠷᠠᠵᠤ᠂ ᠬᠣᠶᠠᠷ ᠤᠯᠤᠰ᠎ᠤᠨ ᠬᠠᠷᠢᠯᠴᠠᠭ᠎ᠠ ᠲᠣᠭ᠍ᠲᠠᠭᠤᠨ᠎ᠢᠶᠠᠷ ᠬᠥᠭ᠌ᠵᠢᠪᠡ᠃ ᠳᠤᠮᠳᠠᠳᠤ ᠤᠯᠤᠰ ᠳᠤᠷᠠᠲᠠᠶ᠎ᠠ ᠹᠷᠠᠨᠼᠢ᠎ᠲᠠᠶ ᠬᠠᠮᠲᠤ᠎ᠪᠠᠷ ᠤᠯᠤᠰ ᠲᠦᠷᠦ᠍ ᠶ᠋ᠢᠨ ᠢᠲᠡᠭᠡᠯᠴᠡᠭᠡ ᠪᠡᠨ ᠭᠦᠨᠵᠡᠭᠡᠢᠷᠡᠭᠦᠯᠵᠦ᠍᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ᠎ᠶ᠋ᠢ ᠬᠦᠨᠳᠦᠳᠭᠡᠵᠦ᠍᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠨ᠎ᠠ; ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠶᠠᠪᠤᠯᠴᠠᠭ᠎ᠠ᠎ᠶ᠋ᠢ ᠨᠢᠭ᠍ᠲᠠᠷᠠᠭᠤᠯᠵᠤ᠂ ᠬᠠᠤᠯᠢ ᠲᠣᠭ᠍ᠲᠠᠭᠠᠬᠤ ᠵᠡᠷᠭᠡ ᠲᠤᠷᠱᠢᠯᠭ᠎ᠠ᠎ᠶ᠋ᠢᠨ ᠰᠣᠯᠢᠯᠴᠠᠭ᠎ᠠ᠎ᠶ᠋ᠢ ᠴᠢᠩᠭᠠᠳᠭᠠᠵᠤ᠂ ᠪᠣᠳᠠᠲᠠᠢ᠎ᠶ᠋ᠢ ᠡᠷᠬᠢᠮᠯᠡᠬᠦ᠌ ᠬᠠᠮᠲᠤᠷᠠᠯᠴᠠᠭ᠎ᠠ ᠪᠠ ᠬᠥᠮᠦᠰ᠎ᠦᠨ ᠶᠠᠪᠤᠯᠴᠠᠭ᠎ᠠ᠎ᠶ᠋ᠢ ᠠᠬᠢᠭᠤᠯᠤᠨ᠎ᠠ ᠭᠡᠵᠦ ᠢᠯᠡᠳᠭᠡᠪᠡ᠃
ᠯᠸᠢᠢᠨᠠᠷ᠂ ᠹᠷᠠᠨᠼᠢ᠎ᠶ᠋ᠢᠨ ᠳᠡᠭᠡᠳᠦ ᠵᠥᠪᠯᠡᠯ᠎ᠦᠨ ᠹᠷᠠᠨᠼᠢ ᠳᠤᠮᠳᠠᠳᠤ᠎ᠶ᠋ᠢᠨ ᠨᠥᠬᠥᠷᠯᠡᠯ᠎ᠦᠨ ᠳᠤᠭᠤᠢᠯᠠᠩ ᠳᠤᠷᠠᠲᠠᠶ᠎ᠠ ᠹᠷᠠᠨᠼᠢ ᠳᠤᠮᠳᠠᠳᠤ ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃
ᠢᠷᠡᠯᠲᠡ᠄ ᠰᠢᠨᠬᠤᠸᠠ ᠬᠤᠷᠢᠶ᠎ᠠ