ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠡ ᠤᠢᠯᠠᠭᠠᠭᠰᠠᠨ ᠢ᠋ᠢᠡᠷ᠂ ᠤᠯᠤᠰ᠎ᠤᠨ ᠪᠠᠶᠠᠷᠪᠤᠯᠤᠨ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠᠢ᠋ᠢᠨ ᠬᠤᠭᠤᠴᠠᠭᠠᠨ ᠳ᠋ᠤ᠌ ᠥᠪᠥᠷ ᠮᠣᠩᠭᠣᠯ᠎ᠤᠨ ᠭᠤᠤᠯᠳᠠᠯᠭ᠎ᠠ᠎ᠲᠠᠶ ᠬᠢᠨᠠᠨ ᠬᠡᠮᠵᠢᠭ᠌ᠰᠡᠨ ᠠᠷᠠᠯᠵᠢᠶ᠎ᠠ ᠬᠤᠳᠠᠯᠳᠤᠭᠠᠨ᠎ᠤ 292 ᠠᠵᠤ ᠠᠬᠤᠢᠯᠠᠯ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 3.5 % ᠪᠠᠷ ᠨᠡᠮᠡᠭ᠌ᠳᠡᠵᠦ᠍᠂ ᠲᠠᠸᠠᠷ᠎ᠤᠨ ᠬᠡᠷᠡᠭ᠌ᠯᠡᠭᠡ᠂ ᠢᠳᠡᠭᠡᠨ ᠤᠮᠳᠠᠭᠠᠨ᠎ᠤ ᠬᠡᠷᠡᠭ᠌ᠯᠡᠭᠡ᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠦᠷᠨᠢᠨᠭᠬᠦᠢ ᠪᠠᠢᠵᠤ᠂ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠪᠠ᠃
300 ᠭᠠᠷᠤᠶ ᠲᠠᠯᠠᠪᠤᠷ ᠠᠵᠢᠯᠯᠠᠭ᠎ᠠ + 4000 ᠲᠦᠮᠡᠨ ᠬᠡᠷᠡᠭᠯᠡᠬᠡ ᠢ᠋ᠢᠨ ᠲᠡᠮᠳᠡᠭ᠌ᠲᠦ᠂ ᠬᠤᠳᠠᠯᠳᠤᠭ᠎ᠠ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠣᠯᠠᠨ ᠡᠱᠢᠲᠦ ᠠᠭᠤᠰᠤᠯᠴᠠᠯ ᠨᠢ ᠵᠠᠬ᠎ᠠ ᠳᠡᠯᠭᠡᠭᠦᠷ᠎ᠢ ᠬᠥᠭ᠌ᠵᠢᠭᠡᠪᠡ᠃ 《ᠬᠤᠤᠰ ᠪᠠᠶᠠᠷ》᠎ᠤ᠋ᠨ ᠬᠤᠭᠤᠴᠠᠭᠠᠨ᠎ᠳᠤ᠂ ᠦᠪᠤᠷ ᠮᠤᠨᠭᠭᠤᠯ ᠤ᠋ᠨ ᠡᠯ᠎ᠡ ᠭᠠᠵᠠᠷ᠎ᠤᠨ᠎ᠬᠢᠨ ᠬᠡᠷᠡᠭ᠌ᠯᠡᠭᠡ᠎ᠶ᠋ᠢ ᠠᠬᠢᠭᠤᠯᠬᠤ ᠥᠪᠡᠷᠮᠢᠴᠡ ᠣᠨᠴᠠᠯᠢᠭᠳᠤ ᠠᠵᠢᠯᠯᠠᠭ᠎ᠠ᠎ᠶ᠋ᠢ 300 ᠭᠠᠷᠤᠶ ᠲᠠᠯᠠᠪᠤᠷ ᠭᠠᠷᠭᠠᠵᠤ᠂ 4000 ᠭᠠᠷᠤᠶ ᠲᠦᠮᠡᠨ ᠲᠥᠭᠥᠷᠢᠭ᠎ᠦᠨ ᠠᠷᠠᠳ᠎ᠲᠤ ᠠᠱᠢᠭ ᠬᠦᠷᠲᠡᠭᠡᠬᠦ᠌ ᠬᠡᠷᠡᠭᠯᠡᠬᠡ ᠢ᠋ᠢᠨ ᠲᠡᠮᠳᠡᠭ᠌ᠲᠦ᠍᠎ᠶ᠋ᠢ ᠢᠵᠢ ᠪᠥᠷᠢᠳᠦᠭᠦᠯᠦᠨ ᠲᠠᠷᠬᠠᠭᠠᠵᠤ᠂ ᠪᠤᠷᠤᠯᠠᠭᠤᠯᠭ᠎ᠠ᠎ᠶ᠋ᠢᠨ ᠬᠡᠮᠵᠢᠶ᠎ᠡ ᠨᠢ ᠨᠡᠢᠲᠡ 27 ᠳ᠋ᠦᠩᠱᠢᠭᠤᠷ ᠲᠥᠭᠥᠷᠢᠭ᠎ᠢ ᠳᠠᠪᠠᠵᠠᠶ᠃ ᠬᠥᠬᠡᠬᠣᠲᠠ᠎ᠶ᠋ᠢᠨ᠎ᠬᠢᠨ 《ᠴᠡᠯᠡᠭᠡᠷ ᠲᠠᠯ᠎ᠠ ᠰᠣᠶᠣᠯ ᠵᠢᠭᠤᠯᠴᠢᠯᠠᠯ᠎ᠤᠨ ᠨᠠᠢᠷ》᠎ᠢ᠋ᠢᠡᠷ ᠭᠤᠤᠯ ᠪᠣᠯᠭᠠᠵᠤ᠂ ᠵᠠᠭᠤᠨ ᠠᠷᠠᠯᠵᠢᠶ᠎ᠠ ᠬᠤᠳᠠᠯᠳᠤᠭᠠᠨ᠎ᠤ ᠠᠵᠤ ᠠᠬᠤᠢᠯᠠᠯ᠎ᠲᠠᠢ ᠬᠣᠯᠪᠣᠭᠠᠯᠠᠨ 《ᠰᠣᠶᠣᠯ ᠵᠢᠭᠤᠯᠴᠢᠯᠠᠯ + ᠬᠡᠷᠡᠭᠯᠡᠬᠡ ᠢ᠋ᠢᠨ ᠲᠡᠮᠳᠡᠭ᠌ᠲᠦ》 ᠶ᠋ᠢᠨ ᠠᠵᠢᠯᠯᠠᠭ᠎ᠠ ᠥᠷᠨᠢᠭᠦᠯᠵᠦ᠍᠂ 2000 ᠭᠠᠷᠤᠶ ᠲᠦᠮᠡᠨ ᠲᠥᠭᠥᠷᠢᠭ᠎ᠦᠨ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ ᠣᠯᠭᠣᠵᠤ᠂ 5 ᠳ᠋ᠦᠩᠱᠢᠭᠤᠷ ᠲᠥᠭᠥᠷᠢᠭ᠎ᠤ᠋ᠨ ᠬᠡᠷᠡᠭ᠌ᠯᠡᠭᠡ᠎ᠶ᠋ᠢ ᠲᠠᠢᠴᠢᠯᠡᠪᠡ᠃ ᠪᠤᠭᠤᠲᠤ ᠬᠣᠲᠠ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯ ᠪᠦᠮᠪᠤᠭᠡ᠎ᠵᠢᠨ ᠭᠡᠳᠤ ᠲᠡᠰ᠎ᠤᠨ ᠬᠤᠯᠪᠤᠭᠠᠳᠤ ᠤᠷᠤᠯᠳᠤᠭᠠᠨ᠎ᠤ ᠬᠠᠯᠠᠮᠰᠢᠯ᠎ᠢ ᠴᠢᠩᠭ᠎ᠠ ᠠᠳᠭᠤᠵᠤ᠂ ᠪᠤᠭᠤᠲᠤ᠎ᠶ᠋ᠢᠨ ᠮᠠᠱᠢᠨ ᠲᠡᠷᠭᠡᠨ᠎ᠦ ᠦᠵᠡᠭᠦᠯᠭᠡ᠂ ᠳᠤᠮᠳᠠᠳᠤ ᠭᠠᠳᠠᠭᠠᠳᠤ᠎ᠶ᠋ᠢᠨ ᠲᠠᠸᠠᠷ᠎ᠤᠨ ᠦᠵᠡᠰᠭᠦᠯᠡᠩ ᠵᠡᠷᠭᠡ ᠠᠵᠢᠯᠯᠠᠭ᠎ᠠ᠎ᠶ᠋ᠢ ᠬᠠᠮᠲᠤᠷᠠᠨ ᠡᠷᠭᠢᠯᠡᠵᠦ᠍᠂ 62 ᠲᠦᠮᠡᠨ ᠵᠢᠭᠤᠯᠴᠢᠯᠠᠭᠴᠢ᠎ᠵᠢ ᠭᠥᠯᠢᠶᠡᠨ ᠠᠪᠴᠤ᠌᠂ ᠲᠠᠸᠠᠷ᠎ᠤᠨ ᠵᠢᠵᠢᠭ᠌ᠯᠡᠨ ᠪᠤᠷᠤᠯᠠᠭᠤᠯᠤᠭᠰᠠᠨ ᠬᠡᠮᠵᠢᠶ᠎ᠡ ᠢ᠋ᠢ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 22% ᠢ᠋ᠢᠡᠷ ᠨᠡᠮᠡᠭ᠌ᠳᠡᠭᠦᠯᠪᠡ᠃ ᠣᠷᠳᠣᠰ ᠬᠣᠲᠠ 《ᠬᠤᠸᠠᠷ ᠫᠤᠤᠵᠢᠩ᠎ᠤᠨ ᠦᠵᠡᠭᠦᠯᠭᠡ + ᠳᠠᠭᠤᠤ ᠬᠦᠭᠵᠢᠮᠳᠤ ᠪᠤᠯᠠᠭ》 ᠤ᠋ᠨ ᠲᠣᠭ᠍ᠯᠠᠯᠲᠠ ᠡᠷᠭᠢᠯᠡᠵᠦ᠍᠂ 《ᠳᠤᠯᠠᠭᠠᠨ ᠬᠣᠲᠠ᠎ᠶ᠋ᠢᠨ ᠪᠠᠶᠠᠰᠤᠯᠲᠤ ᠬᠤᠳᠠᠯᠳᠤᠭ᠎ᠠ》 ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠠᠭᠤᠰᠤᠯᠴᠠᠭᠤᠯᠵᠤ᠂ ᠬᠡᠷᠡᠭ᠌ᠯᠡᠭᠡ᠎ᠶ᠋ᠢ 2 ᠳ᠋ᠦᠩᠱᠢᠭᠤᠷ ᠭᠠᠷᠤᠶ ᠲᠥᠭᠥᠷᠢᠭ ᠳᠠᠢᠴᠢᠯᠠᠪᠠ᠃ ᠬᠥᠯᠥᠨ ᠪᠣᠢᠷ ᠬᠣᠲᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ᠂ ᠪᠠᠶᠠᠷ ᠳᠤᠷᠠᠰᠭᠠᠯ᠎ᠤᠨ ᠠᠮᠲᠠᠲᠤ ᠢᠳᠡᠭᠡᠨ ᠵᠡᠷᠭᠡ ᠡᠯᠧᠮᠧᠨ᠋ᠲ᠎ᠲᠡᠶ ᠤᠶᠠᠯᠳᠤᠭᠤᠯᠤᠨ᠂ ᠣᠯᠠᠨ ᠡᠱᠢᠲᠦ ᠣᠢᠯᠠᠭᠠᠯᠲᠠ᠎ᠶ᠋ᠢ ᠪᠣᠶ ᠪᠣᠯᠭᠠᠵᠤ᠂ ᠬᠣᠶᠠᠷ ᠮᠤᠵᠢ ᠳᠥᠷᠪᠡᠨ ᠭᠠᠵᠠᠷ᠎ᠤᠨ ᠤᠨᠴᠡ ᠭᠠᠷᠤᠯᠲᠠ᠎ᠶ᠋ᠢᠨ ᠳᠡᠯᠭᠡᠨ ᠪᠤᠷᠤᠯᠠᠭᠤᠯᠭ᠎ᠠ᠎ᠶ᠋ᠢᠨ ᠴᠤᠭ᠍ᠯᠠᠭᠠᠨ᠎ᠢ ᠡᠷᠭᠢᠯᠡᠵᠦ᠍᠂ ᠵᠢᠭᠤᠯᠴᠢᠯᠠᠯ᠎ᠤᠨ ᠣᠷᠣᠯᠭ᠎ᠠ ᠬᠢᠭᠡᠳ ᠣᠨᠴᠠᠯᠢᠭ᠍ᠲᠤ ᠮᠠᠯ᠎ᠤᠨ ᠠᠱᠢᠭ ᠱᠢᠮᠡᠲᠠᠷᠢᠶᠠᠯᠠᠨᠭ᠌ ᠤ᠋ᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠲᠣᠭ᠎ᠠ᠎ᠶ᠋ᠢᠨ ᠬᠤᠤᠰ ᠨᠡᠮᠡᠭ᠌ᠳᠡᠯ᠎ᠢ ᠪᠡᠶᠡᠯᠡᠭᠦᠯᠪᠡ᠃
ᠡᠯ᠎ᠡ ᠲᠣᠮᠣ ᠬᠤᠳᠠᠯᠳᠤᠭᠠᠨ᠎ᠤ ᠲᠣᠭᠣᠷᠢᠭ ᠲᠦ᠍ ᠬᠡᠷᠡᠭᠯᠡᠬᠡ ᠬᠦᠭᠵᠢᠶᠡᠨ ᠲᠠᠢ ᠦᠷᠨᠢᠵᠤ᠂ ᠬᠥᠬᠡᠬᠣᠲᠠ᠎ᠶ᠋ᠢᠨ ᠵᠥᠩ ᠱᠠᠨ ᠵᠠᠮ᠎ᠤᠨ ᠬᠤᠳᠠᠯᠳᠤᠭᠠᠨ᠎ᠤ ᠲᠣᠭᠣᠷᠢᠭ᠂ ᠸᠠᠨ ᠱᠢᠶᠠᠩ ᠴᠧᠩ᠂ ᠶᠡᠬᠡ ᠵᠣᠣ ᠠᠭᠤᠳᠠᠮ ᠲᠠᠯᠠᠪᠠᠶ᠂ ᠪᠣᠭᠣᠮᠲᠠ᠎ᠶ᠋ᠢᠨ ᠭᠠᠳᠠᠨᠠᠬᠢ ᠬᠠᠭᠤᠴᠢᠨ ᠵᠡᠭᠡᠯᠢ᠎ᠳᠦ 《ᠪᠠᠷᠠᠭ᠎ᠠ ᠬᠤᠳᠠᠯᠳᠤᠨ ᠠᠪᠬᠤ + ᠰᠣᠶᠣᠯ ᠵᠢᠭᠤᠯᠴᠢᠯᠠᠯ》 ᠢ᠋ ᠪᠦᠷᠢᠯᠳᠦᠬᠦᠯᠵᠤ᠂ ᠭᠠᠭ᠍ᠴᠠ ᠡᠳᠦᠷ᠎ᠦᠨ ᠵᠤᠷᠴᠢᠬᠤ ᠠᠶᠠᠨᠴᠢᠨ 10 ᠲᠦᠮᠡᠨ ᠬᠥᠮᠦᠨ ᠤᠳᠠᠭ᠎ᠠ᠎ᠶ᠋ᠢ ᠳᠠᠪᠠᠪᠠ; ᠤᠯᠠᠭᠠᠨᠬᠠᠳᠠ ᠬᠣᠲᠠ᠎ᠶ᠋ᠢᠨ ᠴᠢᠶᠣᠤ ᠪᠧᠶ ᠬᠤᠳᠠᠯᠳᠤᠭᠠᠨ᠎ᠤ ᠲᠣᠭᠣᠷᠢᠭ 《ᠵᠤᠭ᠎ᠠ ᠴᠡᠩᠭᠡᠯ + ᠪᠠᠷᠠᠭ᠎ᠠ ᠬᠤᠳᠠᠯᠳᠤᠨ ᠠᠪᠬᠤ》 ᠮᠠᠶᠢᠭ᠎ᠤᠨ ᠣᠢᠯᠠᠭᠠᠯᠲᠠ᠎ᠶ᠋ᠢ ᠡᠭᠦᠳᠴᠦ᠍᠂ ᠵᠤᠷᠴᠢᠬᠤ ᠠᠶᠠᠨᠴᠢᠨ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 19.8 %᠎ᠪᠠᠷ ᠨᠡᠮᠡᠭ᠌ᠳᠡᠪᠡ᠃ ᠪᠦᠷᠢᠳᠭᠡᠯ᠎ᠢ ᠦᠨᠳᠦᠰᠦᠯᠡᠪᠡᠯ᠂ ᠦᠪᠤᠷ ᠮᠤᠨᠭᠭᠤᠯ ᠤ᠋ᠨ ᠭᠤᠤᠯᠳᠠᠯᠭ᠎ᠠ᠎ᠲᠠᠶ ᠬᠢᠨᠠᠨ ᠬᠡᠮᠵᠢᠭ᠌ᠰᠡᠨ ᠢᠳᠡᠭᠡᠨ ᠤᠮᠳᠠᠭᠠᠨ᠎ᠤ 70 ᠠᠵᠤ ᠠᠬᠤᠢᠯᠠᠯ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠨᠡᠢᠲᠡ 5591 ᠲᠦᠮᠡᠨ ᠲᠥᠭᠥᠷᠢᠭ᠎ᠦᠨ ᠪᠣᠷᠣᠯᠠᠭᠤᠯᠭ᠎ᠠ᠎ᠶ᠋ᠢᠨ ᠨᠣᠷᠮ᠎ᠠ᠎ᠶ᠋ᠢ ᠪᠡᠶᠡᠯᠡᠭᠦᠯᠵᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 14 .9 % ᠪᠠᠷ ᠨᠡᠮᠡᠭ᠌ᠳᠡᠵᠡᠢ᠃