ᠳ᠋ᠸᠩᠺᠸᠤ ᠰᠢᠶᠠᠨ ᠪᠦᠬᠦ ᠤᠯᠤᠰ᠎ᠤ᠋ᠨ ᠡᠯᠡᠰᠦᠷᠬᠡᠭ ᠭᠠᠵᠠᠷ᠎ᠤ᠋ᠨ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭᠯᠡᠯ᠎ᠢ᠋ ᠡᠭᠦᠳᠪᠡ
2025-10-16 09:50:08
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠪᠠᠶᠠᠨᠨᠠᠭᠤᠷ ᠬᠤᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠤᠪᠴᠢᠶ᠎ᠠ ᠡᠴᠡ ᠤᠢᠯᠠᠭᠠᠭᠰᠠᠨ᠎ᠢᠶᠡᠷ᠂ ᠳ᠋ᠸᠡᠭᠺᠸᠤ ᠰᠢᠶᠠᠨ᠎ᠤ᠋ ᠱᠠᠵᠢᠨᠲᠣᠬᠣᠢ ᠰᠤᠮᠤ᠎ᠶ᠋ᠢᠨ 530 ᠮᠦ᠍ ᠡᠯᠡᠰᠦᠷᠬᠡᠭ ᠭᠠᠵᠠᠷ᠎ᠤ᠋ᠨ ᠡᠷᠳᠡᠨᠢ ᠰᠢᠰᠢ᠎ᠶ᠋ᠢᠨ ᠮᠦ᠍ ᠳᠤᠮᠳᠠᠴᠢ ᠶ᠋ᠢᠨ ᠤᠨᠠᠯᠲᠠ 1348.07 ᠺᠢᠯᠦᠭᠷᠠᠮ ᠳ᠋ᠤ ᠬᠦᠷᠴᠦ᠂ ᠪᠦᠬᠦ ᠤᠯᠤᠰ᠎ᠤ᠋ᠨ ᠡᠯᠡᠰᠦᠷᠬᠡᠭ ᠭᠠᠵᠠᠷ᠎ᠤ᠋ᠨ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭᠯᠡᠯ᠎ᠢ᠋ ᠡᠭᠦᠳᠪᠡ᠃

︽ᠡᠨᠡᠬᠦ ᠠᠮᠵᠢᠯᠲᠠ ᠨᠢ ᠳ᠋ᠸᠡᠭᠺᠸᠤ ᠰᠢᠶᠠᠨ 〈ᠡᠷᠳᠡᠨᠢ ᠰᠢᠰᠢ᠎ᠶ᠋ᠢ ᠨᠢᠭᠲᠠ ᠲᠠᠷᠢᠵᠤ ᠨᠠᠷᠢᠯᠢᠭ ᠣᠨᠣᠪᠴᠢᠲᠠᠢ ᠵᠤᠬᠢᠴᠠᠭᠤᠯᠤᠨ ᠡᠵᠡᠮᠳᠡᠵᠦ ᠦᠨᠳᠦᠷ ᠤᠨᠠᠯᠲᠠ ᠤᠯᠬᠤ ᠪᠤᠢᠵᠢᠭᠤᠯᠬᠤ ᠮᠡᠷᠭᠡᠵᠢᠯ〉 ᠰᠢᠨ᠎ᠡ᠎ᠶ᠋ᠢ ᠡᠭᠦᠳᠦᠨ ᠬᠡᠷᠡᠭᠵᠢᠭᠦᠯᠵᠦ᠂ 〈ᠨᠢᠭᠲᠠᠴᠠ᠎ᠶ᠋ᠢᠨ ᠬᠡᠮᠵᠢᠶ᠎ᠡ᠎ᠶᠢᠨ ᠰᠢᠪᠲᠤᠯᠤᠯᠲᠠ + ᠨᠠᠷᠢᠯᠢᠭ ᠣᠨᠣᠪᠴᠢᠲᠠᠢ ᠤᠰᠤ ᠪᠣᠷᠳᠣᠭᠤᠷ ᠤᠷᠤᠭᠤᠯᠬᠤ + ᠮᠠᠰᠢᠨ ᠮᠧᠬᠠᠨᠢᠭ᠎ᠤᠨ ᠴᠤᠮᠬᠠᠳᠬᠠᠯ〉 ᠤ᠋ᠨ ᠪᠣᠬᠢᠷᠲᠤᠯ ᠦᠭᠡᠢ ᠥᠨᠳᠥᠷ ᠤᠨᠠᠯᠲᠠ᠎ᠶᠢᠨ ᠬᠡᠪ ᠵᠠᠭᠪᠤᠷ᠎ᠢ ᠪᠦᠷᠢᠯᠳᠦᠭᠦᠯᠵᠦ᠂ ᠪᠦᠬᠦ ᠤᠯᠤᠰ᠎ᠤ᠋ᠨ ᠡᠯᠡᠰᠦᠷᠬᠡᠭ ᠭᠠᠵᠠᠷ ᠣᠷᠣᠨ᠎ᠤ᠋ ᠠᠮᠤ ᠪᠤᠳᠠᠭᠠᠨ᠎ᠤ᠋ ᠬᠤᠷᠢᠶᠠᠯᠲᠠ ᠪᠠ ᠠᠮᠢ ᠠᠬᠤᠢ᠎ᠶ᠋ᠢᠨ ᠬᠠᠮᠠᠭᠠᠯᠠᠯᠲᠠ᠎ᠶᠢᠨ ᠬᠠᠮᠵᠢᠯᠴᠠᠨ ᠬᠥᠭᠵᠢᠭᠰᠡᠨ ᠨᠡᠢᠲᠡᠯᠢᠭ ᠵᠢᠱ᠌ᠢᠶ᠎ᠡ ᠪᠣᠯᠵᠠᠢ︾ ᠭᠡᠵᠦ ᠳᠤᠮᠳᠠᠳᠤ ᠤᠯᠤᠰ᠎ᠤ᠋ᠨ ᠲᠠᠷᠢᠶᠠᠯᠠᠩ᠎ᠤ᠋ᠨ ᠰᠢᠨᠵᠢᠯᠡᠬᠦ ᠤᠬᠠᠭᠠᠨ᠎ᠤ᠋ ᠬᠦᠷᠢᠶᠡᠯᠡᠩ᠎ᠦ᠋ᠨ ᠰᠤᠳᠤᠯᠤᠭᠴᠢ᠂ ᠲᠠᠷᠢᠶᠠᠯᠠᠩ ᠬᠥᠳᠡᠭᠡ ᠲᠣᠰᠬᠣᠨ᠎ᠤ᠋ ᠶᠠᠮᠤᠨ᠎ᠤ᠋ ᠡᠷᠳᠡᠨᠢ ᠰᠢᠰᠢ᠎ᠶ᠋ᠢᠨ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭᠰᠢᠯᠡᠭᠦᠯᠬᠦ ᠢᠨᠵᠧᠨᠧᠷᠢᠩ᠎ᠦ᠋ᠨ ᠲᠤᠰᠬᠠᠢ ᠮᠡᠷᠭᠡᠵᠢᠯᠲᠡᠨ᠎ᠦ᠌ ᠵᠢᠯᠣᠭᠣᠳᠬᠤ ᠳᠤᠭᠤᠢᠯᠠᠩ᠎ᠤ᠋ᠨ ᠳᠠᠷᠤᠭ᠎ᠠ ᠯᠢ ᠱᠣᠣ ᠺᠦᠨ ᠲᠠᠨᠢᠯᠴᠠᠭᠤᠯᠪᠠ᠃

ᠣᠢᠯᠠᠭᠠᠭᠰᠠᠨ᠎ᠢ᠋ᠶ᠋ᠠᠷ᠂ ᠳ᠋ᠸᠩᠺᠸᠤ ᠰᠢᠶᠠᠨ ᠨᠢᠭᠲᠠ᠎ᠲᠠᠷᠢᠬᠤ᠎ᠳᠤ ᠲᠤᠭᠢᠷᠠᠮᠵᠢᠳᠠᠢ᠂ ᠠᠮᠠᠷᠬᠠᠨ ᠤᠨᠠᠵᠤ ᠬᠤᠭᠤᠷᠠᠬᠤ᠎ᠦᠭᠡᠢ᠂ ᠮᠠᠰᠢᠨ᠎ᠢ᠋ᠶ᠋ᠠᠷ ᠬᠤᠷᠢᠶᠠᠬᠤ᠎ᠳ᠋ᠤ᠌ ᠲᠣᠬᠢᠷᠠᠮᠵᠢᠲᠠᠢ ᠬᠢᠨᠠᠨ ᠲᠣᠭᠲᠠᠭᠠᠭᠰᠠᠨ ᠲᠥᠷᠥᠯ ᠵᠦᠢᠯ ᠎ᠢ᠋ ᠰᠣᠩᠭᠣᠨ ᠬᠡᠷᠡᠭᠯᠡᠵᠦ᠂ ︽ᠮᠥᠷ ᠎ᠢ᠋ ᠪᠠᠭᠠᠰᠬᠠᠵᠤ ᠨᠢᠭᠲᠠᠴᠠ᠎ᠶ᠋ᠢ ᠨᠡᠮᠡᠭᠳᠡᠭᠦᠯᠬᠦ︾ ᠮᠡᠷᠭᠡᠵᠢᠯ᠎ᠢ᠋ᠶ᠋ᠡᠷ ᠲᠠᠷᠢᠮᠠᠯ᠎ᠤᠨ ᠪᠦᠬᠦᠯᠢ ᠴᠤᠭᠴᠠ᠎ᠵᠢ ᠲᠠᠬᠢᠨ ᠡᠮᠬᠢᠯᠡᠵᠦ᠂ ᠤᠯᠠᠮᠵᠢᠯᠠᠯᠲᠤ ᠠᠳᠠᠯᠢ ᠮᠥᠷ᠎ᠦ᠋ᠨ ᠵᠠᠢ᠎ᠶ᠋ᠢ 30 — 40 ᠰᠡᠨᠲ᠋ᠢᠮᠧᠲ᠋ᠷ᠎ᠦ᠋ᠨ ᠢᠪᠴᠤᠤ ᠮᠥᠷ ᠪᠣᠯᠤᠨ 70 — 80 ᠰᠡᠨᠲ᠋ᠢᠮᠧᠲ᠋ᠷ᠎ᠦ᠋ᠨ ᠥᠷᠭᠡᠨ ᠮᠥᠷ᠎ᠪᠤᠯᠭᠠᠨ ᠲᠣᠬᠢᠷᠠᠭᠤᠯᠤᠯᠲᠠ ᠬᠢᠵᠦ᠂ ᠲᠣᠰᠤᠯᠭᠠᠨ ᠤᠰᠤᠯᠠᠬᠤ ᠪᠦᠰᠡ ᠪᠣᠯᠤᠨ ᠡᠷᠳᠡᠨᠢ ᠰᠢᠰᠢ᠎ᠶ᠋ᠢᠨ ᠴᠢᠬᠢ᠎ᠶᠢᠨ ᠵᠠᠢ᠎ᠶ᠋ᠢ ᠪᠠᠭᠠᠰᠬᠠᠵᠤ᠂ ᠤᠰᠤ ᠪᠣᠷᠳᠣᠭᠤᠷ ᠲᠠᠮᠵᠢᠭᠤᠯᠬᠤ ᠦᠷ᠎ᠡ ᠪᠦᠲᠦᠮᠵᠢ᠎ᠶ᠋ᠢ 30% ᠡᠴᠡ ᠳᠡᠭᠡᠭᠰᠢ ᠳᠡᠭᠡᠭᠰᠢᠯᠡᠭᠦᠯᠵᠦ᠂ ᠨᠠᠢᠳᠠᠪᠤᠷᠢᠲᠠᠢ ᠴᠢᠬᠢᠯᠡᠭᠦᠯᠬᠦ ᠬᠡᠮᠵᠢᠶ᠎ᠡ᠎ᠶ᠋ᠢ ᠶᠡᠷᠦᠲᠡ᠎ᠶ᠋ᠢᠨ 4500 ᠰᠢᠷᠭᠡᠭ ᠡᠴᠡ 6666 — 7069 ᠰᠢᠷᠭᠡᠭ ᠪᠣᠯᠭᠠᠨ ᠳᠡᠭᠡᠭᠰᠢᠯᠡᠭᠦᠯᠪᠡ᠃ ᠲᠠᠷᠢᠬᠤ ᠦᠶ᠎ᠡ᠎ᠳ᠋ᠦ᠍ ᠰᠠᠭᠤᠷᠢ ᠪᠣᠷᠳᠣᠭᠤᠷ ᠣᠷᠣᠭᠤᠯᠬᠤ ᠦᠭᠡᠢ᠂ ᠪᠤᠢᠵᠢᠯᠲᠠ᠎ᠶᠢᠨ ᠬᠤᠭᠤᠴᠠᠭᠠᠨ᠎ᠳ᠋ᠤᠨᠢ ᠰᠢᠨᠵᠢᠯᠡᠬᠦ ᠤᠬᠠᠭᠠᠨᠴᠢ ᠪᠡᠷ 6 — 8 ᠤᠳᠠᠭ᠎ᠠ ᠤᠰᠤᠨ᠎ᠳ᠋ᠤ᠌ ᠠᠭᠤᠰᠤᠮᠠᠬᠠᠢ ᠪᠣᠷᠳᠣᠭᠤᠷ ᠬᠡᠷᠡᠭᠯᠡᠵᠦ᠂ 《ᠲᠠᠷᠢᠬᠤ — ᠬᠠᠮᠢᠶᠠᠷᠬᠤ — ᠬᠤᠷᠢᠶᠠᠬᠤ》 ᠪᠦᠬᠦ ᠶᠠᠪᠤᠴᠠ᠎ᠶ᠋ᠢᠨ ᠮᠠᠰᠢᠨᠴᠢᠯᠠᠯᠲᠠ᠎ᠶ᠋ᠢ ᠪᠡᠶᠡᠯᠡᠭᠦᠯᠵᠦ᠂ ᠲᠠᠷᠢᠶ᠎ᠠ ᠬᠤᠷᠢᠶᠠᠬᠤ ᠱᠠᠲᠤ ᠦᠶ᠎ᠡ᠎ᠳ᠋ᠦ᠍ ᠡᠰᠢ ᠰᠦᠷᠡᠯ ᠎ᠢ᠋ ᠬᠡᠮᠬᠡᠯᠬᠦ ᠴᠢᠳᠠᠮᠵᠢ᠎ᠲᠠᠢ ᠬᠠᠳᠤᠵᠤ ᠬᠤᠷᠢᠶᠠᠬᠤ ᠬᠠᠮ ᠮᠠᠰᠢᠨ᠎ᠢ᠋ ᠬᠡᠷᠡᠭᠯᠡᠵᠦ᠂ ᠡᠷᠳᠡᠨᠢ ᠰᠢᠰᠢ᠎ᠶᠢᠨ ᠮᠦᠬᠦᠯᠢᠭ᠎ᠤᠨ ᠤᠰᠤᠨ᠎ᠤ ᠠᠭᠤᠯᠤᠭᠳᠠᠴᠠ ᠨᠢ 25% ᠡᠴᠡ ᠳᠣᠣᠷ᠎ᠠ ᠪᠠᠢᠬᠤ ᠦᠶᠡᠰ᠂ ᠭᠤᠯᠳᠤ ᠲᠡᠩᠭᠡᠯᠢᠭᠲᠦ ᠤᠷᠤᠰᠬᠠᠯ᠎ᠤᠨ ᠬᠡᠯᠪᠡᠷᠢ ᠪᠦᠬᠦᠢ ᠡᠷᠳᠡᠨᠢ ᠰᠢᠰᠢ᠎ᠶ᠋ᠢᠨ ᠮᠦᠬᠦᠯᠢᠭ᠎ᠢ ᠰᠢᠭᠤᠳ ᠬᠤᠷᠢᠶᠠᠬᠤ ᠬᠠᠮ ᠮᠠᠰᠢᠨ᠎ᠢ᠋ ᠰᠣᠩᠭᠣᠨ ᠬᠡᠷᠡᠭᠯᠡᠵᠦ᠂ ᠡᠰᠢ ᠰᠦᠷᠡᠯ᠎ᠢ᠋ ᠬᠡᠮᠬᠡᠯᠦᠭᠰᠡᠨ᠎ᠦ᠌ ᠳᠠᠷᠠᠭ᠎ᠠ ᠬᠦᠷᠦᠰᠦ᠎ᠵᠢ 30ᠰᠡᠨᠲ᠋ᠢᠮᠧᠲ᠋ᠷ ᠭᠦᠨ ᠤᠷᠪᠠᠭᠤᠯᠵᠤ᠂ ᠡᠰᠢ ᠰᠦᠷᠡᠯ᠎ᠢ ᠬᠦᠷᠦᠰᠦᠨ᠎ᠳᠤ ᠦᠯᠡᠳᠡᠭᠡᠵᠦ᠂ ᠬᠥᠷᠥᠰᠥᠨ᠎ᠦ᠌ ᠣᠷᠭᠠᠨᠢᠭ ᠪᠣᠳᠠᠰ᠎ᠤ᠋ᠨ ᠠᠭᠤᠯᠤᠭᠳᠠᠴᠠ᠎ᠶ᠋ᠢ ᠨᠡᠮᠡᠭᠳᠡᠭᠦᠯᠦᠨ᠎ᠡ᠃

ᠡᠭᠦᠨ᠎ᠡᠴᠡ ᠭᠠᠳᠠᠨ᠎ᠠ᠂ ᠡᠨᠡ ᠵᠢᠯ ᠳ᠋ᠸᠩᠺᠸᠤ ᠰᠢᠶᠠᠨ ᠪᠠᠰᠠ 5600 ᠮᠦ᠍ ᠪᠦᠷᠬᠦᠪᠴᠢ ᠦᠭᠡᠢ ᠡᠷᠳᠡᠨᠢ ᠰᠢᠰᠢ᠎ᠶ᠋ᠢ ᠵᠢᠱ᠌ᠢᠶ᠎ᠡ ᠦᠵᠡᠭᠦᠯᠵᠦ ᠳᠡᠯᠭᠡᠷᠡᠭᠦᠯᠦᠨ᠂ ︽ᠭᠦᠢᠬᠡᠨ ᠪᠤᠯᠠᠵᠤ ᠲᠤᠰᠤᠯᠭᠠᠨ ᠤᠰᠤᠯᠠᠬᠤ + ᠲᠠᠷᠢᠶ᠎ᠠ ᠠᠷᠴᠢᠨ ᠴᠢᠭᠢᠭ᠎ᠢ ᠪᠠᠲᠤᠯᠠᠬᠤ︾ ᠬᠣᠣᠰ ᠮᠡᠷᠭᠡᠵᠢᠯ᠎ᠦ᠋ᠨ ᠠᠵᠢᠯᠯᠠᠭ᠎ᠠ ᠪᠠᠷ ᠰᠦᠯᠢᠶᠣᠣ ᠪᠦᠷᠬᠦᠪᠴᠢ᠎ᠶ᠋ᠢᠨ ᠤᠰᠤ ᠬᠠᠳᠠᠭᠠᠯᠠᠬᠤ ᠳᠤᠯᠠᠭᠠᠨ᠎ᠢ᠋ ᠨᠡᠮᠡᠭᠳᠡᠭᠦᠯᠬᠦ ᠴᠢᠳᠠᠮᠵᠢ᠎ᠶ᠋ᠢ ᠣᠷᠣᠯᠠᠭᠤᠯᠵᠤ᠂ ᠳᠤᠰᠤᠯᠭᠠᠨ ᠤᠰᠤᠯᠠᠬᠤ ᠪᠦᠰᠡ᠎ᠶ᠋ᠢ 3 — 5 ᠰᠡᠨᠲ᠋ᠢᠮᠧᠲ᠋ᠷ᠎ᠦ᠋ᠨ ᠬᠥᠷᠥᠰᠥᠨ ᠳᠠᠪᠬᠤᠷᠭ᠎ᠠ᠎ᠳ᠋ᠤ᠌ ᠪᠤᠯᠠᠵᠤ᠂ ᠲᠣᠭᠲᠠᠮᠠᠯ ᠬᠤᠭᠤᠴᠠᠭ᠎ᠠ᠎ᠲᠠᠢ ᠲᠠᠷᠢᠶ᠎ᠠ ᠠᠷᠴᠢᠨ ᠡᠪᠡᠰᠦ ᠠᠷᠢᠯᠭᠠᠵᠤ ᠬᠥᠷᠥᠰᠥᠨ᠎ᠦ᠌ ᠬᠠᠳᠠᠭᠤᠷᠠᠯ᠎ᠢ ᠡᠪᠳᠡᠵᠦ᠂ ᠭᠠᠵᠠᠷ᠎ᠤ᠋ᠨ ᠳᠤᠯᠠᠭᠠᠨ᠎ᠢ᠋ 2 — 3 ᠭᠷᠠᠳᠦ᠋ᠰ ᠳᠡᠭᠡᠭᠰᠢᠯᠡᠭᠦᠯᠵᠦ᠂ ᠬᠥᠷᠥᠰᠥᠨ᠎ᠦ᠌ ᠤᠰᠤ ᠠᠭᠤᠯᠬᠤ ᠨᠣᠷᠮ᠎ᠠ᠎ᠶ᠋ᠢ 8% — 10% ᠪᠡᠷ ᠳᠡᠭᠡᠭᠰᠢᠯᠡᠭᠦᠯᠪᠡ᠃ ᠬᠡᠮᠵᠢᠯᠳᠠ ᠶ᠋ᠢ ᠦᠨᠳᠦᠰᠦᠯᠠᠪᠠᠯ᠂ ᠡᠯ᠎ᠡ ᠵᠢᠱ᠌ᠢᠶ᠎ᠡ ᠦᠵᠡᠭᠦᠯᠬᠦ ᠣᠷᠣᠨ᠎ᠤ᠋ ᠪᠦᠷᠬᠦᠪᠴᠢ ᠦᠭᠡᠢ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ ᠨᠢ 1000 ᠺᠢᠯᠣᠭ᠌ᠷᠠᠮ᠎ᠠ᠋ᠴᠠ ᠲᠠᠪᠠᠵᠤ᠂ ᠠᠳᠠᠯᠢ ᠨᠢᠭᠡᠨ ᠡᠷᠳᠡᠨᠢ ᠰᠢᠰᠢ᠎ᠶ᠋ᠢᠨ ᠡᠭᠦᠯᠳᠡᠷ᠎ᠢ᠋  ᠪᠦᠷᠬᠦᠪᠴᠢ ᠦᠭᠡᠢ᠎ᠲᠠᠷᠢᠬᠤ᠎ᠶ᠋ᠢ ᠬᠠᠷᠢᠴᠠᠭᠤᠯᠪᠠᠯ᠂ ᠪᠦᠷᠬᠦᠪᠴᠢ ᠲᠠᠢ ᠲᠠᠷᠢᠭᠰᠠᠨ᠎ᠤ ᠮᠦ᠍ ᠨᠢᠭᠡᠴᠢ᠎ᠶ᠋ᠢᠨ ᠤᠨᠠᠯᠲᠠ ᠨᠢ 964 ᠺᠢᠯᠣᠭ᠌ᠷᠠᠮ ᠪᠠᠢᠵᠤ᠂ ᠪᠦᠷᠬᠦᠪᠴᠢ ᠦᠭᠡᠢ ᠲᠠᠷᠢᠭᠰᠠᠨ ᠎ᠤ ᠮᠦ᠍ ᠨᠢᠭᠡᠴᠢ᠎ᠶ᠋ᠢᠨ ᠤᠨᠠᠯᠲᠠ ᠨᠢ 1114 ᠺᠢᠯᠣᠭ᠌ᠷᠠᠮ ᠳ᠋ᠤ ᠬᠦᠷᠦᠭᠰᠡᠨ ᠪᠠᠢᠨ᠎ᠠ᠃

《ᠪᠦᠷᠬᠦᠪᠴᠢ ᠦᠭᠡᠢ ᠲᠠᠷᠢᠬᠰᠠᠨ ᠡᠷᠳᠡᠨᠢ ᠰᠢᠰᠢ ᠨᠢ ᠪᠦᠷᠬᠦᠪᠴᠢ ᠲᠠᠢ ᠲᠠᠷᠢᠬᠰᠠᠨ ᠡᠷᠳᠡᠨᠢ ᠰᠢᠰᠢ ᠲᠠᠢ ᠬᠠᠷᠢᠴᠠᠭᠤᠯᠪᠠᠯ ᠮᠦ᠍ ᠳᠤᠮᠳᠠᠴᠢ᠎ᠪᠠᠷ 35 ᠲᠥᠭᠥᠷᠢᠭ ᠣᠷᠴᠢᠮ ᠎ᠤᠨ ᠥᠪᠡᠷ᠎ᠦ᠋ᠨ ᠥᠷᠲᠡᠭ᠎ᠢ᠋ ᠪᠠᠭᠤᠷᠠᠭᠤᠯᠬᠤ ᠡᠴᠡ ᠭᠠᠳᠠᠨ᠎ᠠ᠂ ᠪᠠᠰᠠ 60 ᠲᠥᠭᠥᠷᠢᠭ ᠣᠷᠴᠢᠮ᠎ᠤ᠋ᠨ ᠦᠯᠡᠳᠡᠭᠳᠡᠯ ᠪᠦᠷᠬᠦᠪᠴᠢ᠎ᠵᠢ ᠪᠤᠴᠠᠭᠠᠨ᠎ᠬᠤᠷᠢᠶᠠᠬᠤ ᠪᠠ ᠰᠢᠯᠵᠢᠭᠦᠯᠦᠨ ᠵᠥᠭᠡᠭᠡᠪᠦᠷᠢᠯᠡᠬᠦ ᠵᠠᠷᠤᠳᠠᠯ᠎ᠢ᠋ ᠠᠷᠪᠢᠯᠠᠨ᠎ᠠ᠃ ᠪᠦᠷᠬᠦᠪᠴᠢ ᠦᠭᠡᠢ ᠲᠠᠷᠢᠬᠰᠠᠨ ᠡᠷᠳᠡᠨᠢ ᠰᠢᠰᠢ᠎ᠶ᠋ᠢᠨ ᠡᠰᠢ ᠰᠦᠷᠡᠯ᠎ᠤᠨ ᠮᠦ᠍ ᠲᠤᠮᠳᠠᠴᠢ ᠵᠢᠨ ᠬᠤᠳᠠᠯᠳᠤᠬᠤ ᠦᠨ᠎ᠡ ᠨᠢ 120 ᠲᠥᠭᠥᠷᠢᠭ ᠣᠷᠴᠢᠮ ᠪᠠᠢᠵᠤ᠂ ᠪᠦᠷᠬᠦᠪᠴᠢ ᠲᠠᠢ ᠲᠠᠷᠢᠬᠰᠠᠨ ᠡᠷᠳᠡᠨᠢ ᠰᠢᠰᠢ᠎ᠶ᠋ᠢᠨ ᠡᠰᠢ ᠰᠦᠷᠡᠯ᠎ᠤᠨ ᠮᠦ᠍ ᠲᠤᠮᠳᠠᠴᠢ  ᠵᠢᠨ ᠬᠤᠳᠠᠯᠳᠤᠬᠤ ᠦᠨ᠎ᠡ᠎ᠡᠴᠡ 50 ᠲᠥᠭᠥᠷᠢᠭ ᠥᠨᠳᠥᠷ ᠪᠠᠢᠨ᠎ᠠ》 ᠭᠡᠵᠦ ᠳ᠋ᠧᠩᠺᠧᠦ ᠰᠢᠶᠠᠨ᠎ᠦ᠌ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠦ᠋ᠨ ᠡᠷᠬᠢᠯᠡᠭᠴᠢ ᠵᠢᠶᠠᠩ ᠰᠢᠶᠤᠤ ᠫᠢᠨ ᠶᠠᠷᠢᠵᠦ ᠪᠠᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号