ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠬᠠᠲᠤᠨ ᠭᠤᠤᠯ ᠬᠤᠸᠠᠢᠾᠧ ᠭᠤᠤᠯ᠎ᠤᠨ ᠣᠷᠣᠨ᠎ᠤ ᠨᠠᠮᠤᠷ᠎ᠤᠨ ᠠᠮᠤ ᠪᠤᠳᠠᠭ᠎ᠠ᠎ᠶ᠋ᠢ ᠵᠠᠪᠳᠤᠨ ᠬᠤᠷᠢᠶᠠᠵᠤ ᠵᠠᠪᠳᠤᠨ ᠬᠠᠳᠠᠭᠠᠬᠤ᠎ᠶ᠋ᠢ ᠪᠠᠲᠤᠯᠠᠵᠤ ᠪᠤᠢ
2025-10-16 11:14:49
ᠵᠣᠬᠢᠶᠠᠭ᠍ᠴᠢ᠄
​ ᠬᠤ᠌ ᠯᠦ᠍
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 7 ᠎ᠤ᠋ ᠡᠳᠦᠷ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠬᠤᠭᠤᠴᠠᠭᠠᠨ᠎ᠳᠤ ᠬᠠᠲᠤᠨ ᠭᠤᠤᠯ ᠬᠤᠸᠠᠢᠾᠧ ᠭᠤᠤᠯ᠎ᠤᠨ ᠭᠠᠵᠠᠷ ᠣᠷᠣᠨ ᠢᠯᠠᠩᠭᠤᠶ᠎ᠠ ᠾᠧᠨᠠᠨ᠂ ᠱᠠᠨᠳᠦ᠋ᠩ᠂ ᠠᠨᠾᠦ᠋ᠢ ᠵᠡᠷᠭᠡ ᠭᠠᠵᠠᠷ ᠦᠷᠭᠦᠯᠵᠢᠯᠡᠨ ᠪᠦᠷᠬᠦᠭ ᠪᠤᠶᠤ ᠪᠣᠷᠣᠭᠠᠨ ᠲᠠᠢ ᠴᠠᠭ ᠠᠭᠤᠷ᠎ᠤᠨ ᠨᠥᠯᠥᠭᠡ᠎ᠡᠴᠡ ᠪᠣᠯᠵᠣ᠂ ᠨᠠᠮᠤᠷ᠎ᠤᠨ ᠬᠤᠷᠢᠶᠠᠯᠲᠠ᠎ᠶ᠋ᠢᠨ ᠠᠬᠢᠴᠠ ᠤᠳᠠᠭᠠᠨ ᠪᠤᠯᠵᠠᠢ᠃ ᠭᠠᠮᠱᠢᠭ᠎ᠲᠠᠶ ᠲᠡᠮᠡᠴᠡᠵᠦ᠍ ᠭᠠᠮᠱᠢᠭ᠎ᠡᠴᠡ ᠠᠪᠤᠷᠬᠠᠸ᠋ ᠮᠠᠰᠢᠨ ᠮᠧᠬᠠᠨᠢᠭ ᠪᠠᠭᠠᠵᠢ᠎ᠬᠡᠷᠡᠭᠰᠡᠯ᠎ᠤᠨ ᠪᠠᠲᠤᠯᠠᠭ᠎ᠠ᠎ᠶ᠋ᠢ ᠰᠠᠢᠲᠤᠷ ᠬᠢᠬᠦ᠌᠎ᠶ᠋ᠢᠨ ᠲᠥᠯᠥᠭᠡ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠲᠠᠷᠢᠶᠠᠯᠠᠩ᠎ᠤᠨ ᠮᠠᠱᠢᠨ ᠮᠧᠬᠠᠨᠢᠭ ᠪᠠᠭᠠᠵᠢ ᠬᠡᠷᠡᠭᠰᠡᠯ ᠵᠢᠡᠷ ᠪᠠᠴᠢᠮ ᠪᠠᠢᠳᠠᠯ᠎ᠢ ᠠᠷᠭᠠᠴᠠᠭᠠᠵᠤ ᠭᠠᠮᠱᠢᠭ᠎ᠡᠴᠡ ᠠᠪᠤᠷᠬᠠᠸ᠋ ᠠᠵᠢᠯᠯᠠᠭ᠎ᠠ᠎ᠶ᠋ᠢ ᠴᠢᠩᠭᠠᠳᠭᠠᠵᠤ᠂ ᠬᠠᠲᠤᠨ ᠭᠤᠤᠯ ᠬᠤᠸᠠᠢᠾᠧ ᠭᠤᠤᠯ᠎ᠤᠨ ᠭᠠᠵᠠᠷ ᠣᠷᠣᠨ᠎ᠤ ᠨᠠᠮᠤᠷ᠎ᠤᠨ ᠠᠮᠤ ᠪᠤᠳᠠᠭ᠎ᠠ᠎ᠶ᠋ᠢ ᠵᠠᠪᠳᠤᠨ ᠬᠤᠷᠢᠶᠠᠵᠤ ᠵᠠᠪᠳᠤᠨ ᠬᠠᠳᠠᠭᠠᠬᠤ᠎ᠶ᠋ᠢ ᠴᠢᠷᠮᠠᠢᠨ ᠪᠠᠲᠤᠯᠠᠪᠠ᠃

ᠣᠢᠯᠠᠭᠠᠭ᠍ᠰᠠᠨ᠎ᠢᠶᠠᠷ᠂ ᠭᠠᠮᠱᠢᠭ ᠭᠠᠷᠤᠭ᠍ᠰᠠᠨ᠎ᠡᠴᠡ ᠨᠠᠭᠠᠰᠢ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠠᠵᠢᠯ᠎ᠤᠨ ᠲᠤᠰᠭᠠᠶ ᠠᠩᠭᠢ ᠪᠠᠢᠭᠤᠯᠵᠤ᠂ ᠮᠠᠱᠢᠨ ᠮᠧᠬᠠᠨᠢᠭ ᠪᠠᠭᠠᠵᠢ᠎ᠬᠡᠷᠡᠭᠰᠡᠯ᠎ᠢ ᠲᠣᠬᠢᠷᠠᠭᠤᠯᠬᠤ ᠪᠠ ᠥᠭᠡᠷᠡᠴᠢᠯᠡᠨ ᠲᠣᠨᠣᠭ᠍ᠯᠠᠬᠤ ᠮᠡᠷᠭᠡᠵᠢᠯ᠎ᠦᠨ ᠵᠢᠯᠣᠭᠣᠳᠣᠯᠭ᠎ᠠ᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠲᠠᠷᠢᠶᠠᠯᠠᠩ᠎ᠤᠨ ᠮᠠᠱᠢᠨ᠎ᠤ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ᠂ ᠲᠠᠷᠢᠶᠠᠯᠠᠩ᠎ᠤᠨ ᠮᠠᠱᠢᠨ ᠵᠢᠡᠷ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠦᠶ᠋ᠯᠡᠴᠢᠯᠡᠭᠡᠨ᠎ᠦ ᠠᠩᠭᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠵᠠᠪᠳᠤᠨ ᠬᠤᠷᠢᠶᠠᠵᠤ ᠵᠠᠪᠳᠤᠨ ᠬᠠᠳᠠᠭᠠᠬᠤ ᠠᠵᠢᠯ᠎ᠳᠤ ᠪᠥᠬᠥ᠌ ᠬᠦᠴᠦᠨ᠎ᠢᠶᠡᠷ᠎ᠢᠶᠡᠨ ᠣᠷᠣᠯᠴᠠᠵᠤ᠂ ᠮᠠᠱᠢᠨ ᠵᠢᠡᠷ ᠬᠤᠷᠢᠶᠠᠬᠤ ᠠᠵᠢᠯ᠎ᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭ᠎ᠠ ᠠᠳᠭᠤᠪᠠ᠃ ᠣᠳᠣᠬᠠᠨ ᠪᠣᠯᠲᠠᠯ᠎ᠠ᠂ ᠬᠠᠲᠤᠨ ᠭᠤᠤᠯ ᠬᠤᠸᠠᠢᠾᠧ ᠭᠤᠤᠯ᠎ᠤᠨ ᠣᠷᠣᠨ᠎ᠤ ᠬᠡᠷᠡᠭ᠌ᠴᠡᠭᠡ ᠶᠣᠰᠣᠭᠠᠷ ᠭᠢᠨᠵᠢᠲᠦ ᠬᠠᠳᠤᠵᠤ ᠬᠤᠷᠢᠶᠠᠬᠤ ᠮᠠᠱᠢᠨ᠎ᠢ 24.43 ᠲᠦᠮᠡ᠂ ᠱᠢᠯᠵᠢᠮᠡᠯ ᠬᠠᠳᠠᠭᠠᠬᠤ ᠮᠠᠱᠢᠨ᠎ᠢ 1986 ᠰᠠᠭᠤᠷᠢ ᠲᠣᠬᠢᠷᠠᠭᠤᠯᠪᠠ᠃ ᠡᠭᠦᠨ᠎ᠦ ᠬᠠᠮᠲᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠬᠠᠮᠳᠤᠷᠠᠨ ᠭᠠᠮᠱᠢᠭ᠎ᠡᠴᠡ ᠠᠪᠤᠷᠠᠬᠤ ᠮᠠᠱᠢᠨ ᠮᠧᠬᠠᠨᠢᠭ ᠪᠠᠭᠠᠵᠢ᠎ᠬᠡᠷᠡᠭᠰᠡᠯ᠎ᠤᠨ ᠨᠥᠬᠥᠪᠥᠷᠢ᠎ᠶ᠋ᠢᠨ ᠵᠦᠢᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠭᠠᠮᠱᠢᠭ᠎ᠡᠴᠡ ᠠᠪᠤᠷᠠᠬᠤ ᠪᠡᠯᠡ ᠮᠥᠩᠭᠥ᠎ᠶ᠋ᠢ ᠲᠠᠷᠢᠶᠠᠯᠠᠩ᠎ᠤᠨ ᠮᠠᠱᠢᠨ᠎ᠢ ᠪᠠᠢᠴᠠᠭᠠᠨ ᠵᠠᠰᠠᠬᠤ᠂ ᠲᠡᠭᠡᠭᠡᠪᠦᠷᠢᠯᠡᠬᠦ᠌ ᠪᠠ ᠠᠵᠢᠯᠯᠠᠭᠤᠯᠬᠤ᠎ᠳᠤ ᠬᠡᠷᠡᠭ᠌ᠯᠡᠵᠦ᠍ ᠪᠣᠯᠤᠨ᠎ᠠ᠃

ᠲᠠᠷᠠᠭᠠᠴᠢ᠎ᠪᠡᠷ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠾᠸᠪᠸᠢ᠂ ᠱᠠᠨ ᠰᠢ᠂ ᠵᠢᠶᠠᠩᠰᠦ᠂ ᠠᠨᠾᠦ᠋ᠢ᠂ ᠱᠠᠨᠳᠦ᠋ᠩ᠂ ᠾᠧᠨᠠᠨ᠂ ᠬᠤᠪᠸᠢ᠂ ᠱᠠᠨᠰᠢ ᠵᠡᠷᠭᠡ ᠬᠠᠲᠤᠨ ᠭᠤᠤᠯ ᠬᠤᠸᠠᠢᠾᠧ ᠭᠤᠤᠯ᠎ᠤᠨ ᠭᠠᠵᠠᠷ ᠤᠷᠤᠨ᠎ᠤ 8 ᠮᠤᠵᠢ᠎ᠲᠠᠶ ᠨᠢᠭ᠍ᠲᠠ ᠤᠯᠤᠯᠴᠠᠨ ᠵᠣᠬᠢᠴᠠᠭᠤᠯᠵᠤ᠂ ᠬᠠᠮᠤᠭ᠎ᠤᠨ ᠱᠢᠨ᠎ᠡ ᠭᠠᠮᠱᠢᠭ᠎ᠤᠨ ᠪᠠᠢᠳᠠᠯ᠎ᠢ ᠦᠨᠳᠦᠰᠦᠯᠡᠨ ᠭᠠᠮᠱᠢᠭ᠎ᠡᠴᠡ ᠠᠪᠤᠷᠬᠠᠸ᠋ ᠮᠠᠱᠢᠨ ᠮᠸᠬᠠᠨᠢᠭ ᠪᠠᠭᠠᠵᠢ ᠬᠡᠷᠡᠭᠰᠡᠯ  ᠵᠢᠡᠷ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠬᠡᠷᠡᠭ᠌ᠴᠡᠭᠡ᠎ᠶ᠋ᠢ ᠤᠯᠠᠮ ᠨᠢᠭᠡ ᠠᠯᠬᠤᠮ ᠲᠣᠬᠢᠷᠠᠭᠤᠯᠪᠠ᠃ ᠭᠠᠮᠱᠢᠭ᠎ᠢ ᠰᠡᠷᠭᠡᠢᠯᠡᠵᠦ᠍ ᠭᠠᠮᠱᠢᠭ ᠡᠴᠡ ᠠᠪᠤᠷᠬᠠᠸ᠋ ᠲᠠᠷᠢᠶᠠᠯᠠᠩ᠎ᠤᠨ ᠮᠠᠱᠢᠨ ᠨᠥᠭᠡᠴᠡᠯᠡᠬᠦ᠌ ᠪᠠ ᠳᠣᠭᠢᠷᠠᠭᠤᠯᠤᠨ ᠬᠡᠷᠡᠭ᠌ᠯᠡᠬᠦ᠌ ᠲᠦᠷᠢᠮ᠂ ᠬᠠᠲᠤᠨ ᠭᠤᠤᠯ ᠬᠤᠸᠠᠢᠾᠧ ᠭᠤᠤᠯ᠎ᠤᠨ ᠭᠠᠵᠠᠷ ᠣᠷᠣᠨ᠎ᠤ ᠲᠠᠷᠢᠶᠠᠯᠠᠩ᠎ᠤᠨ ᠮᠠᠱᠢᠨ ᠵᠢᠡᠷ ᠪᠠᠴᠢᠮ ᠪᠠᠢᠳᠠᠯ᠎ᠢ ᠠᠷᠭᠠᠴᠠᠭᠠᠵᠤ ᠵᠠᠪᠳᠤᠨ ᠬᠤᠷᠢᠶᠠᠵᠤ ᠵᠠᠪᠳᠤᠨ ᠳᠠᠷᠢᠵᠤ ᠵᠠᠪᠳᠤᠨ ᠬᠠᠳᠠᠭᠠᠬᠤ ᠳ᠋ᠤ ᠬᠠᠷᠢᠯᠴᠠᠨ ᠬᠠᠪᠰᠤᠷᠤᠯᠴᠠᠨ ᠬᠠᠮᠲᠤᠷᠠᠯᠴᠠᠬᠤ ᠬᠡᠯᠡᠯᠴᠡᠭᠡᠷ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠮᠤᠵᠢ ᠠᠯᠤᠰᠯᠠᠨ ᠭᠢᠨᠵᠢᠲᠦ ᠬᠠᠳᠤᠵᠤ ᠬᠤᠷᠢᠶᠠᠬᠤ ᠮᠠᠱᠢᠨ᠂ ᠬᠠᠳᠠᠭᠠᠬᠤ ᠮᠠᠱᠢᠨ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠮᠠᠱᠢᠨ ᠮᠧᠬᠠᠨᠢᠭ ᠪᠠᠭᠠᠵᠢ᠎ᠬᠡᠷᠡᠭᠰᠡᠯ᠎ᠢ ᠳᠣᠭᠢᠷᠠᠭᠤᠯᠤᠨ ᠲᠡᠭᠡᠭᠡᠪᠦᠷᠢᠯᠡᠵᠦ᠍᠂ ᠮᠤᠵᠢ ᠠᠯᠤᠰᠯᠠᠨ ᠱᠢᠯᠵᠢᠭᠦᠯᠦᠨ ᠲᠡᠭᠡᠭᠡᠪᠦᠷᠢᠯᠡᠭᠡᠳ ᠮᠥᠨ ᠬᠦᠷᠦᠯᠴᠡᠬᠦ᠌ ᠥᠬᠡᠶ ᠪᠠᠢᠪᠠᠯ ᠶᠠᠮᠤᠨ ᠮᠤᠵᠢ ᠬᠣᠶᠠᠷ ᠱᠠᠲᠤᠨ᠎ᠤ᠎ᠬᠢᠨ ᠬᠠᠮᠲᠤ᠎ᠪᠠᠷ ᠴᠢᠷᠮᠠᠢᠵᠤ ᠪᠠᠢᠭᠠᠳ ᠲᠠᠷᠢᠶᠠᠯᠠᠩ᠎ᠤᠨ ᠮᠠᠱᠢᠨ ᠦᠶ᠋ᠯᠡᠳᠬᠦ᠌ ᠠᠵᠤ ᠠᠬᠤᠢᠯᠠᠯ᠎ᠲᠠᠶ ᠱᠢᠭᠤᠳ ᠬᠠᠷᠢᠯᠴᠠᠵᠤ ᠦᠨᠳᠦᠰᠦᠨ ᠵᠦᠶ᠋ᠯ᠎ᠢ ᠪᠠᠲᠤᠯᠠᠬᠤ᠎ᠪᠠᠨ ᠴᠢᠩᠭᠠᠳᠭᠠᠨ᠎ᠠ᠃ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠢᠳᠡᠪᠬᠢᠲᠡᠶ᠎ᠪᠡᠷ ᠤᠯᠤᠯᠴᠠᠵᠦ ᠲᠥᠷᠥ᠎ᠶ᠋ᠢᠨ ᠪᠣᠳᠣᠯᠭ᠎ᠠ᠎ᠪᠠᠷ ᠳᠡᠮᠵᠢᠯᠭᠡ ᠦᠵᠡᠭᠦᠯᠬᠦ᠌ ᠡᠷᠴᠢᠮ᠎ᠢᠶᠡᠨ ᠤᠯᠠᠮ ᠨᠢᠭᠡ ᠠᠯᠬᠤᠮ ᠨᠡᠮᠡᠭ᠌ᠳᠡᠭᠦᠯᠦᠨ᠂ ᠠᠵᠢᠯ᠎ᠤᠨ ᠶᠠᠪᠤᠴᠠ ᠪᠠᠨ ᠳᠥᠭᠥᠮᠴᠢᠯᠡᠵᠦ᠍᠂ ᠪᠠᠴᠢᠮ ᠪᠠᠢᠳᠠᠯ᠎ᠢ ᠠᠷᠭᠠᠴᠠᠭᠠᠬᠤ  ᠮᠠᠱᠢᠨ ᠮᠧᠬᠠᠨᠢᠭ ᠪᠠᠭᠠᠵᠢ᠎ᠬᠡᠷᠡᠭᠰᠡᠯ ᠵᠢᠡᠷ ᠭᠠᠮᠱᠢᠭ᠍ᠳᠠᠭ᠍ᠰᠠᠨ ᠭᠠᠵᠠᠷ ᠣᠷᠣᠨ᠎ᠢ ᠬᠠᠮᠤᠭ᠎ᠤᠨ ᠲᠦᠷᠭᠡᠨ ᠬᠤᠷᠳᠤᠴᠠ᠎ᠪᠠᠷ ᠲᠤᠰᠠᠯᠠᠬᠤ᠎ᠶ᠋ᠢ ᠦᠨᠡᠨ ᠬᠦ᠌ ᠪᠠᠲᠤᠯᠠᠨ᠎ᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 7 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号