ᠥᠪᠥᠷ ᠮᠣᠩᠭᠣᠯ᠎ᠤᠨ ᠴᠠᠭᠳᠠᠭᠤᠯ ᠨᠣᠬᠠᠢ᠎ᠶᠢᠨ ᠮᠡᠷᠭᠡᠵᠢᠯ᠎ᠦᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠶᠠᠪᠤᠬᠳᠠᠵᠠᠢ
2025-10-16 10:45:32
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

10  ᠰᠠᠷ᠎ᠠ᠎ᠶᠢᠨ 11 ᠎ᠤ᠋ ᠡᠳᠦᠷ᠂ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠤ᠋ᠨ ᠬᠢᠯᠢ ᠵᠢᠨ ᠬᠠᠮᠢᠶᠠᠷᠤᠯᠳᠠ ᠵᠢᠨ ᠶᠡᠷᠦᠩᠬᠡᠢ ᠠᠩᠬᠢ ᠡᠴᠨ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭᠳᠠᠭᠤᠯ ᠨᠣᠬᠠᠢ᠎ᠶᠢᠨ ᠮᠡᠷᠭᠡᠵᠢᠯ᠎ᠦᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠬᠥᠬᠡᠬᠣᠲᠠ᠎ᠳᠤ ᠶᠠᠪᠤᠬᠳᠠᠪᠠ᠃

ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠤ᠋ᠨ ᠬᠢᠯᠢ ᠵᠢᠨ ᠬᠠᠮᠢᠶᠠᠷᠤᠯᠳᠠ ᠵᠢᠨ ᠶᠡᠷᠦᠩᠬᠡᠢ ᠠᠩᠬᠢ᠎ᠶᠢᠨ ᠬᠢᠯᠢ᠎ᠶᠢᠨ ᠬᠠᠮᠢᠶᠠᠷᠤᠯᠲᠠ᠎ᠶᠢᠨ ᠭᠠᠵᠠᠷ᠎ᠤᠨ ᠬᠠᠷᠢᠭᠤᠴᠠᠯᠭᠠᠳᠠᠨ ᠢᠯᠡᠷᠬᠡᠢᠯᠡᠬᠦ᠎ᠳᠡᠭᠡᠨ᠂ ᠲᠣᠰ ᠤᠳᠠᠭ᠎ᠠ ᠵᠢᠨ ᠤᠷᠤᠯᠳᠤᠭᠠᠨ ᠨᠢ ᠥᠪᠥᠷ ᠮᠣᠩᠭᠣᠯ᠎ᠤᠨ ᠴᠠᠭᠳᠠᠭᠤᠯ ᠨᠣᠬᠠᠢ᠎ᠶᠢᠨ ᠠᠵᠢᠯ᠎ᠤᠨ ᠪᠣᠳᠠᠲᠤ ᠪᠠᠢᠯᠳᠤᠭᠠᠨ᠎ᠤ ᠴᠢᠳᠠᠪᠤᠷᠢ ᠪᠠ ᠮᠡᠷᠭᠡᠵᠢᠯ᠎ᠦᠨ ᠬᠢᠷᠢ ᠲᠦᠪᠰᠢᠨ᠎ᠢ ᠤᠯᠠᠮ ᠨᠢᠭᠡ ᠠᠯᠬᠤᠮ ᠰᠢᠯᠭᠠᠨ ᠪᠠᠢᠴᠠᠭᠠᠬᠤ ᠪᠠ ᠳᠡᠭᠡᠭᠰᠢᠯᠡᠭᠦᠯᠵᠦ᠂ ᠴᠠᠭᠳᠠᠭᠤᠯ ᠨᠣᠬᠠᠢ᠎ᠶᠢᠨ ᠮᠡᠷᠭᠡᠵᠢᠯ᠎ᠦᠨ ᠡᠩᠨᠡᠭᠡ᠎ᠶᠢᠨ ᠰᠣᠯᠢᠯᠴᠠᠨ ᠰᠤᠷᠤᠯᠴᠠᠬᠤ ᠲᠠᠪᠴᠠᠩ᠎ᠢ ᠪᠠᠢᠭᠤᠯᠵᠦ᠂ ᠴᠠᠭᠳᠠᠭᠤᠯ ᠨᠣᠬᠠᠢ᠎ᠶᠢᠨ ᠴᠠᠭᠳᠠᠨ ᠰᠡᠷᠭᠡᠢᠯᠡᠵᠦ ᠬᠠᠮᠢᠶᠠᠷᠤᠨ ᠡᠵᠡᠮᠳᠡᠬᠦ᠂ ᠰᠦᠷᠳᠡᠭᠦᠯᠦᠯ᠎ᠢ ᠡᠰᠡᠷᠭᠦᠴᠡᠨ ᠲᠣᠭᠲᠠᠭᠤᠨ ᠪᠠᠢᠳᠠᠯ᠎ᠢ ᠬᠠᠮᠠᠭᠠᠯᠠᠬᠤ᠂ ᠲᠠᠩᠨᠠᠨ ᠪᠠᠢᠴᠠᠭᠠᠵᠤ ᠬᠡᠷᠡᠭ ᠢᠯᠡᠷᠡᠭᠦᠯᠬᠦ ᠵᠡᠷᠭᠡ ᠲᠠᠯ᠎ᠠ᠎ᠪᠠᠷ ᠣᠷᠣᠯᠠᠭᠤᠯᠵᠤ ᠪᠣᠯᠣᠰᠢ ᠦᠭᠡᠢ ᠣᠨᠴᠠᠭᠠᠶ ᠦᠢᠯᠡᠳᠦᠯ ᠦᠵᠡᠭᠦᠯᠬᠦ᠎ᠶᠢ ᠠᠬᠢᠭᠤᠯᠵᠤ᠂ ᠡᠭᠦᠨ᠎ᠦ ᠤᠯᠠᠮ᠎ᠡᠴᠨ ᠤᠯᠤᠰ ᠎ᠤᠨ ᠠᠮᠤᠷ ᠲᠦᠪᠰᠢᠨ ᠬᠢᠯᠢ ᠬᠢᠵᠠᠭᠠᠷ᠎ᠤᠨ ᠲᠣᠭᠲᠠᠭᠤᠨ ᠪᠠᠢᠳᠠᠯ᠎ᠢ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠶ ᠬᠠᠮᠠᠭᠠᠯᠠᠬᠤ᠎ᠶᠢ ᠵᠤᠷᠢᠪᠠ ᠬᠡᠵᠠᠢ᠃

ᠣᠢᠯᠠᠭᠠᠭᠰᠠᠨ᠎ᠢᠶᠠᠷ᠂ ᠲᠣᠰ ᠤᠳᠠᠭ᠎ᠠ ᠵᠢᠨ ᠤᠷᠤᠯᠳᠤᠭᠠᠨ ᠨᠢ 3 ᠡᠳᠦᠷ ᠶᠠᠪᠤᠭᠳᠠᠵᠤ᠂ ᠳᠠᠭᠠᠬᠤ ᠴᠢᠳᠠᠪᠤᠷᠢ᠂ ᠪᠣᠳᠠᠲᠤ ᠲᠠᠢᠯᠠᠯᠳᠤᠭᠠᠨ᠎ᠦ ᠮᠥᠷᠳᠡᠯᠲᠡ᠂ ᠨᠡᠩᠵᠢᠨ ᠪᠠᠷᠢᠪᠴᠢᠯᠠᠬᠤ᠂ ᠲᠡᠯᠪᠡᠷᠡᠬᠦ ᠡᠳ᠋ ᠪᠣᠳᠠᠰ᠎ᠢ ᠪᠠᠢᠴᠠᠭᠠᠨ ᠪᠠᠷᠢᠪᠴᠢᠯᠠᠬᠤ᠂ ᠬᠣᠣᠷᠲᠤ ᠡᠳ᠋᠎ᠢ ᠪᠠᠢᠴᠠᠭᠠᠨ ᠪᠠᠷᠢᠪᠴᠢᠯᠠᠬᠤ ᠵᠢᠴᠢ ᠴᠠᠭᠳᠠᠭᠤᠯ ᠨᠣᠬᠠᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠠᠳᠠᠯᠢᠳᠬᠠᠨ ᠰᠢᠯᠭᠠᠷᠠᠭᠤᠯᠬᠤ ᠵᠡᠷᠭᠡ 6 ᠵᠦᠢᠯ᠎ᠦᠨ ᠬᠢᠴᠢᠶᠡᠯ ᠲᠥᠷᠥᠯ᠎ᠢ ᠲᠣᠬᠢᠷᠠᠭᠤᠯᠵᠤ᠂ ᠬᠥᠯᠥᠨ ᠪᠣᠶ᠋ᠢᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠂ ᠠᠯᠠᠱᠠ᠎ᠶᠢᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠂ ᠮᠠᠨᠵᠤᠤᠷ᠎ᠤᠨ ᠬᠢᠯᠢ᠎ᠶᠢᠨ ᠪᠠᠢᠴᠠᠭᠠᠯᠲᠠ᠎ᠶᠢᠨ ᠥᠷᠲᠡᠭᠡ ᠵᠡᠷᠭᠡ 11 ᠪᠠᠢᠭᠤᠯᠭ᠎ᠠ ᠨᠢᠬᠡᠴᠢ ᠵᠢᠨ  37 ᠴᠠᠭᠳᠠᠭᠤᠯ ᠨᠣᠬᠠᠢ  ᠵᠢᠨ ᠮᠡᠷᠭᠡᠵᠢᠯᠲᠡᠨ ᠴᠠᠭᠳᠠᠭᠤᠯ ᠨᠣᠬᠠᠢ᠎ᠪᠠᠨ ᠳᠠᠭᠠᠭᠤᠯᠤᠨ᠂ ᠠᠵᠢᠯ᠎ᠤᠨ ᠪᠠᠢᠷᠢ ᠳᠡᠭᠡᠷ᠎ᠡ᠎ᠪᠡᠨ ᠴᠡᠷᠢᠭ ᠪᠣᠯᠪᠠᠰᠤᠷᠠᠭᠤᠯᠬᠤ᠂ ᠮᠡᠷᠭᠡᠵᠢᠯ ᠎ᠦᠨ ᠮᠥᠷᠥᠢᠴᠡᠭᠡᠨ ᠬᠢᠬᠦ᠂ ᠳᠠᠪᠲᠠᠨ ᠪᠣᠯᠪᠠᠰᠤᠷᠠᠭᠤᠯᠵᠤ ᠬᠢᠨᠠᠨ ᠰᠢᠯᠭᠠᠬᠤ ᠵᠡᠷᠭᠡ ᠠᠷᠭ᠎ᠠ ᠬᠡᠯᠪᠡᠷᠢ᠎ᠪᠡᠷ ᠲᠠᠮᠵᠢᠨ᠂ ᠰᠢᠷᠦᠭᠦᠨ ᠥᠷᠢᠰᠦᠯᠳᠦᠭᠡᠨ ᠶᠠᠪᠤᠭᠤᠯᠵᠤ᠂ ᠠᠩᠬᠠᠨ᠎ᠤ ᠤᠷᠤᠯᠳᠤᠭᠠᠨ᠂ ᠬᠣᠶᠠᠳᠠᠭᠢ ᠰᠢᠯᠭᠠᠷᠠᠭᠤᠯᠤᠯᠲᠠ᠎ᠪᠠᠷ ᠳᠡᠮᠵᠢᠨ ᠡᠴᠦᠰ᠎ᠦᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠪᠠ᠃

ᠡᠬᠢᠯᠡᠯᠲᠡ᠎ᠶᠢᠨ ᠶᠣᠰᠣᠯᠠᠯ ᠳᠡᠭᠡᠷ᠎ᠡ᠂ ᠤᠷᠤᠯᠳᠤᠭᠠᠨ᠎ᠳᠤ ᠣᠷᠣᠯᠴᠠᠭᠰᠠᠳ᠂ ᠬᠢᠨᠠᠭ᠍ᠴᠢ ᠪᠠ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠤ᠋ᠨ ᠬᠢᠯᠢ ᠵᠢᠨ ᠬᠠᠮᠢᠶᠠᠷᠤᠯᠳᠠ ᠵᠢᠨ ᠶᠡᠷᠦᠩᠬᠡᠢ ᠠᠩᠬᠢ ᠵᠢᠨ ᠪᠠᠢᠭᠤᠯᠭ᠎ᠠ ᠵᠢᠴᠢ  ᠬᠢᠯᠢ᠎ᠶᠢᠨ ᠲᠣᠮᠢᠯᠠᠭᠰᠠᠨ ᠰᠠᠯᠪᠤᠷᠢ᠎ᠶᠢᠨ ᠳᠠᠷᠤᠭ᠎ᠠ᠎ᠶᠢᠨ ᠲᠥᠯᠥᠭᠡᠯᠡᠭᠴᠢ ᠵᠡᠷᠭᠡ 150 ᠭᠠᠷᠤᠢ ᠬᠥᠮᠥᠨ ᠲᠤᠬᠠᠢ᠎ᠶᠢᠨ ᠲᠠᠯᠠᠪᠠᠶ᠎ᠳᠤ ᠴᠠᠭᠳᠠᠭᠤᠯ ᠨᠣᠬᠠᠢ᠎ᠶᠢᠨ ᠬᠣᠰᠢᠭᠤᠷᠠᠯ ᠮᠡᠷᠭᠡᠵᠢᠯ ᠲᠣᠨᠣᠭᠯᠠᠯ᠎ᠤᠨ ᠦᠵᠡᠭᠦᠯᠭᠡ ᠵᠢᠴᠢ ᠣᠯᠠᠨ ᠤᠯᠤᠰ᠎ᠤᠨ ᠠᠵᠢᠯ᠎ᠤᠨ ᠨᠣᠬᠠᠢ᠎ᠶᠢᠨ ᠤᠷᠤᠯᠳᠤᠭᠠᠨ᠎ᠤ IGP ᠬᠠᠮᠢᠶ᠎ᠠ ᠪᠦᠬᠦᠢ ᠬᠢᠴᠢᠶᠡᠯ ᠲᠥᠷᠥᠯ᠎ᠦᠨ ᠬᠠᠷᠢᠭᠤ ᠮᠡᠳᠡᠭᠦᠯᠦᠯᠲᠡ᠎ᠶᠢᠨ ᠰᠣᠷᠢᠯᠲᠠ᠎ᠶᠢ ᠲᠣᠭᠣᠷᠢᠨ ᠦᠵᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号