ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠦ ᠠᠮᠤᠷ ᠲᠦᠪᠰᠢᠨ ᠪᠠ ᠮᠡᠲᠡᠭᠡ ᠵᠠᠩᠬᠢᠴᠢᠯᠡᠯᠲᠡ ᠢ᠋ᠢᠨ ᠬᠤᠷᠢᠶ᠎ᠠ ᠵᠢᠨ ᠠᠯᠪᠠᠨ ᠭᠡᠷ᠎ᠡᠴᠡ ᠣᠢᠯᠠᠭᠠᠭᠰᠠᠨ ᠢ᠋ᠢᠡᠷ᠂ ᠤᠢᠷ᠎ᠠ᠎ᠳᠤ 2025 ᠣᠨ᠎ᠤ ᠥᠪᠥᠷ ᠮᠣᠩᠭᠣᠯ᠎ᠤᠨ ᠰᠦᠯᠵᠢᠶᠡᠨ᠎ᠦ ᠬᠠᠤᠯᠢ ᠲᠦᠭᠡᠮᠡᠯᠵᠢᠭᠦᠯᠬᠦ ᠰᠢᠨ᠎ᠡ ᠵᠠᠭᠤᠴᠢᠯᠠᠭᠤᠷ᠎ᠤᠨ ᠪᠦᠲᠦᠭᠡᠯ᠎ᠦᠨ ᠤᠷᠤᠯᠳᠤᠭᠠᠨ᠎ᠤ ᠦᠷ᠎ᠡ ᠳ᠋ᠦᠩ ᠲᠤᠲᠤᠷᠠᠵᠦ᠂ 《ᠢᠳᠡᠭᠡᠨ᠎ᠦ ᠠᠮᠤᠷ ᠲᠦᠪᠰᠢᠨ᠎ᠤ ᠬᠠᠮᠠᠭᠠᠯᠠᠯᠲᠠ᠎ᠳᠦ ᠪᠢ ᠪᠣᠶ᠂ ᠨᠡᠢᠲᠡ ᠢ᠋ᠢᠨ ᠠᠰᠠᠷᠠᠮᠵᠢ ᠢ᠋ᠢᠨ ᠵᠠᠷᠭᠤ ᠢ᠋ᠢᠨ ᠪᠠᠢᠴᠠᠭᠠᠯᠲᠠ ᠵᠢ ᠬᠠᠩᠬᠢᠨᠠᠲᠠᠯᠠ ᠲᠠᠭᠤᠯᠠᠨ᠎ᠠ》᠂ 《ᠶᠠᠭᠤ? ᠤᠯᠠᠭᠠᠨᠬᠠᠳᠠ ᠢ᠋ᠢᠨ ᠭᠠᠯᠲᠤ ᠠᠭᠤᠯᠠ ᠠᠮᠢ ᠠᠬᠤᠢ᠎ᠶᠢᠨ ᠰᠢᠯᠭᠠᠯᠲᠠ᠎ᠳᠤ ᠤᠴᠠᠷᠠᠭᠰᠠᠨ ᠬᠡᠨ᠎ᠡ? (ᠨᠢᠭᠡ) (ᠬᠣᠶᠠᠷ)》 ᠵᠡᠷᠭᠡ 19 ᠪᠦᠲᠦᠭᠡᠯ ᠰᠢᠯᠢᠳᠡᠭ ᠪᠦᠲᠦᠭᠡᠯ᠎ᠢᠶᠡᠷ ᠦᠨᠡᠯᠡᠭᠳᠡᠵᠦ᠂ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ ᠵᠢᠨ ᠰᠦᠯᠵᠢᠶᠡᠨ ᠤ ᠠᠮᠤᠷ ᠲᠦᠪᠰᠢᠨ ᠪᠠ ᠮᠡᠲᠡᠭᠡ ᠵᠠᠩᠬᠢᠴᠢᠯᠠᠯᠲᠠ ᠢ᠋ᠢᠨ ᠬᠤᠷᠢᠶᠠᠨ᠎ᠤ ᠠᠯᠪᠠᠨ ᠬᠡᠷ ᠵᠡᠷᠭᠡ 7 ᠨᠢᠭᠡᠴᠢ ᠰᠢᠯᠢᠳᠡᠭ ᠵᠣᠬᠢᠶᠠᠨ ᠪᠠᠶ᠋ᠢᠭᠤᠯᠤᠯᠲᠠ ᠢ᠋ᠢᠨ ᠨᠢᠭᠡᠴᠢ ᠪᠡᠷ ᠦᠨᠡᠯᠡᠭᠳᠡᠪᠡ᠃
ᠲᠠᠨᠢᠯᠴᠠᠭᠤᠯᠤᠭᠰᠠᠨ᠎ᠢᠶᠠᠷ᠂ 2025 ᠣᠨ᠎ᠤ ᠥᠪᠥᠷ ᠮᠣᠩᠭᠣᠯ᠎ᠤᠨ ᠰᠦᠯᠵᠢᠶᠡᠨ᠎ᠦ ᠬᠠᠤᠯᠢ ᠲᠦᠭᠡᠮᠡᠯᠵᠢᠭᠦᠯᠬᠦ ᠰᠢᠨ᠎ᠡ ᠵᠠᠭᠤᠴᠢᠯᠠᠭᠤᠷ᠎ᠤᠨ ᠪᠦᠲᠦᠭᠡᠯ᠎ᠦᠨ ᠤᠷᠤᠯᠳᠤᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠡᠯᠲᠡ ᠢ᠋ᠢᠨ ᠬᠤᠷᠢᠶ᠎ᠠ ᠵᠢᠨ ᠠᠯᠪᠠᠨ ᠬᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠡᠪᠯᠡᠯ᠎ᠦᠨ ᠬᠣᠷᠢᠶ᠎ᠠ᠂ ᠡᠮᠡᠭᠲᠡᠢᠴᠦᠳ᠎ᠦᠨ ᠬᠣᠯᠪᠣᠭ᠎ᠠ ᠵᠡᠷᠭᠡ ᠨᠢᠭᠡᠴᠢ ᠡᠴᠡ ᠬᠠᠮᠲᠤᠷᠠᠨ ᠡᠷᠭᠢᠯᠡᠵᠦ᠂ ᠰᠢ᠎ᠶᠢᠨ ᠫᠢᠩ᠎ᠤᠨ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠰᠦᠯᠵᠢᠶᠡᠨ᠎ᠦ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠦ᠂ ᠬᠠᠤᠯᠢ ᠶᠢ ᠬᠦᠨᠳᠦᠳᠬᠡᠬᠦ ᠬᠠᠤᠯᠢ᠎ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠢᠨ ᠰᠠᠢᠬᠠᠨ ᠰᠦᠯᠵᠢᠶᠡᠨ᠎ᠤ ᠤᠷᠤᠨ ᠵᠠᠢ ᠵᠢ ᠪᠤᠢ ᠪᠣᠯᠭᠠᠬᠤ᠎ᠪᠠᠷ ᠵᠣᠷᠢᠯᠭ᠎ᠠ ᠪᠠᠨ ᠪᠣᠯᠭᠠᠵᠠᠢ᠂ ᠲᠤᠰ ᠤᠳᠠᠭ᠎ᠠ ᠶᠢᠨ ᠠᠵᠢᠯᠯᠠᠭ᠎ᠠ ᠳᠤ ᠨᠡᠢ᠍ᠢᠳᠡ 1664 ᠰᠢᠨ᠎ᠡ ᠵᠠᠭᠤᠴᠢᠯᠠᠭᠤᠷ᠎ᠤᠨ ᠪᠦᠲᠦᠭᠡᠯ᠎ᠢ ᠡᠯᠰᠡᠪᠡ᠂ ᠡᠭᠦᠨ᠎ᠳᠦ ᠸᠢᠳᠢᠤ᠋ ᠶᠢᠨ ᠲᠦᠷᠦᠯ᠎ᠳᠦ 812 ᠬᠤᠪᠢ᠂ ᠵᠢᠷᠤᠭ ᠦᠰᠦᠭ ᠤᠨ ᠲᠦᠷᠦᠯ ᠳᠦ 852 ᠬᠤᠪᠢ ᠪᠤᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠢ᠋ᠢᠨ ᠬᠤᠷᠢᠶ᠎ᠠ ᠵᠢᠨ ᠠᠯᠪᠠᠨ ᠭᠡᠷ᠎ᠡᠴᠡ ᠦᠨᠡᠯᠡᠨ ᠬᠢᠨᠠᠬᠤ ᠳᠤᠭᠤᠢᠯᠠᠩ ᠢ ᠵᠣᠬᠢᠶᠠᠨ ᠪᠠᠢᠭᠤᠯᠵᠤ᠂ ᠪᠦᠲᠦᠭᠡᠯ᠎ᠦᠨ ᠭᠣᠣᠯ ᠰᠡᠳᠦᠪ᠂ ᠠᠭᠤᠯᠭ᠎ᠠ᠂ ᠬᠡᠯᠪᠡᠷᠢ᠂ ᠰᠢᠨ᠎ᠡ᠎ᠶᠢ ᠡᠭᠦᠳᠬᠦ ᠴᠢᠨᠠᠷ᠂ ᠲᠠᠮᠵᠢᠭᠤᠯᠭ᠎ᠠ ᠢ᠋ᠢᠨ ᠬᠦᠴᠦᠨ ᠵᠡᠷᠭᠡ ᠣᠯᠠᠨ ᠲᠠᠯ᠎ᠠ᠎ᠪᠠᠷ ᠶᠡᠷᠦᠩᠬᠡᠢᠯᠡᠭᠰᠡᠨ ᠦᠨᠡᠯᠡᠨ ᠰᠢᠯᠭᠠᠷᠠᠭᠤᠯᠤᠯᠲᠠ ᠬᠢᠵᠦ᠂ ᠨᠠᠷᠢᠨ ᠬᠢᠨᠠᠮᠠᠭᠠᠢ ᠦᠨᠡᠯᠡᠨ ᠰᠢᠯᠭᠠᠷᠠᠭᠤᠯᠬᠤ᠎ᠪᠠᠷ ᠳᠡᠮᠵᠢᠨ ᠰᠢᠯᠢᠳᠡᠭ ᠪᠦᠲᠦᠭᠡᠯ᠎ᠢ ᠲᠣᠭᠲᠠᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号