9 ᠰᠠᠷ᠎ᠠ᠎ᠶᠢᠨ 28 ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠵᠢᠷᠭᠤᠳᠤᠭᠠᠷ ᠬᠤᠭᠤᠴᠠᠭᠠᠨ᠎ᠤ ᠪᠠᠢᠴᠠᠭᠠᠬᠤ ᠠᠵᠢᠯ ᠤ᠋ᠨ ᠲᠠᠢᠯᠤᠮᠵᠢ ᠡᠷᠭᠢᠯᠡᠵᠦ᠂ ᠪᠠᠢᠴᠠᠭᠠᠬᠤ ᠮᠡᠷᠭᠡᠵᠢᠯ᠎ᠦᠨ ᠬᠠᠤᠯᠢ ᠬᠡᠷᠡᠭᠵᠢᠬᠦᠯᠵᠦ ᠬᠡᠷᠡᠭ ᠰᠢᠢᠳᠪᠦᠷᠢᠯᠡᠬᠦ᠎ᠳᠦ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ 《ᠬᠡᠷᠡᠭ ᠨᠢᠭᠡᠪᠦᠷᠢ᠎ᠶᠢ ᠴᠢᠨᠠᠷ ᠰᠠᠢᠲᠠᠢ ᠦᠨᠳᠦᠷ ᠪᠦᠲᠦᠮᠵᠢᠲᠡᠶ ᠰᠠᠢᠲᠤᠷ ᠰᠢᠢᠳᠪᠦᠷᠢᠯᠡᠬᠦ》 ᠳ᠋ᠸ᠋ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠪᠠᠢᠴᠠᠭᠠᠬᠤ ᠳᠠᠷᠤᠭ᠎ᠠ ᠯᠢᠦ ᠵᠸ 《ᠪᠠᠢᠴᠠᠭᠠᠬᠤ ᠮᠡᠷᠭᠡᠵᠢᠯ᠎ᠢᠶᠡᠷ ᠬᠠᠤᠯᠢ ᠴᠠᠭᠠᠵᠠ᠎ᠶᠢᠨ ᠬᠡᠷᠡᠭ ᠪᠣᠯᠭᠠᠨ᠎ᠢ ᠴᠢᠨᠠᠷ ᠰᠠᠢᠲᠠᠢ ᠦᠨᠳᠦᠷ ᠪᠦᠲᠦᠮᠵᠢᠲᠡᠢ ᠰᠠᠢᠲᠤᠷ ᠰᠢᠢᠳᠪᠦᠷᠢᠯᠡᠬᠦ᠎ᠳᠦ ᠬᠦᠴᠦᠨ ᠨᠡᠮᠡᠷᠢᠯᠡᠶ᠎ᠡ》 ᠭᠡᠬᠦ ᠰᠡᠳᠦᠪ᠎ᠢᠶᠡᠷ ᠬᠢᠴᠢᠶᠡᠯ ᠳᠠᠢᠯᠤᠮᠵᠢ ᠬᠢᠵᠠᠢ᠃
ᠬᠢᠴᠢᠶᠡᠯ ᠳᠠᠢᠯᠤᠮᠵᠢ ᠳᠤᠮᠳᠠ᠂ ᠯᠢᠦ ᠵᠸ ᠬᠡᠷᠡᠭ᠎ᠦᠨ ᠮᠥᠨ ᠴᠢᠨᠠᠷ᠎ᠢ ᠡᠵᠡᠮᠳᠡᠬᠦ᠂ ᠪᠣᠳᠠᠲᠤ ᠬᠡᠷᠡᠭ᠎ᠦᠨ ᠦᠨᠡᠨ ᠪᠠᠢᠳᠠᠯ᠎ᠢ ᠰᠡᠷᠭᠦᠭᠡᠬᠦ ᠳ᠋ᠸ᠋ ᠰᠠᠭᠤᠷᠢᠯᠠᠨ᠂ ᠪᠠᠢᠴᠠᠭᠠᠬᠤ ᠮᠡᠷᠭᠡᠵᠢᠯ᠎ᠡᠴᠡ ᠬᠠᠤᠯᠢ ᠬᠡᠷᠡᠭᠵᠢᠬᠦᠯᠵᠦ ᠬᠡᠷᠡᠭ ᠰᠢᠢᠳᠪᠦᠷᠢᠯᠡᠬᠦ ᠳ᠋ᠸ᠋ ᠬᠦᠴᠦᠨ ᠣᠯᠭᠣᠭᠰᠠᠨ᠎ᠤ ᠴᠢᠬᠤᠯᠠ ᠠᠴᠢ ᠬᠣᠯᠪᠣᠭᠳᠠᠯ᠂ ᠵᠠᠩᠭᠢᠯᠠᠭ᠎ᠠ᠎ᠶᠢᠨ ᠦᠢᠯᠡᠳᠦᠯ ᠪᠠ ᠬᠥᠭᠵᠢᠯᠲᠡ᠎ᠶᠢᠨ ᠢᠷᠡᠭᠡᠳᠦᠢ᠎ᠶᠢ ᠰᠢᠰᠲᠧᠮ᠎ᠲᠠᠢ᠎ᠪᠡᠷ ᠲᠣᠳᠣᠷᠬᠠᠢᠯᠠᠨ ᠥᠭᠦᠯᠡᠪᠡ᠃ ᠡᠯᠧᠺᠲᠷᠣᠨ ᠲᠣᠭ᠎ᠠ ᠪᠠᠷᠢᠮᠲᠠ᠎ᠶᠢ ᠨᠠᠷᠢᠯᠢᠭ᠋ ᠣᠨᠣᠪᠴᠢᠲᠠᠶ ᠠᠭᠤᠳᠠᠯᠤᠨ ᠲᠣᠭᠲᠠᠪᠤᠷᠢᠵᠢᠭᠤᠯᠬᠤ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠢᠴᠠᠭᠠᠯᠲᠠ᠎ᠳᠤ ᠲᠦᠷᠭᠡᠨ ᠪᠠᠢᠴᠠᠭᠠᠨ ᠬᠡᠮᠵᠢᠵᠦ ᠬᠡᠮᠵᠢᠨ ᠵᠢᠷᠤᠬᠤ᠂ ᠬᠡᠷᠡᠭ᠎ᠢ ᠬᠢᠨᠠᠨ ᠪᠠᠢᠴᠠᠭᠠᠬᠤ ᠦᠶ᠎ᠡ᠎ᠳᠦ ᠭᠡᠷᠡᠴᠢ ᠪᠠᠷᠢᠮᠲᠠ᠎ᠶᠢᠨ ᠠᠰᠠᠭᠤᠳᠠᠯ᠎ᠢ ᠬᠤᠷᠴᠠ ᠰᠡᠷᠭᠡᠭ᠎ᠢᠶᠡᠷ ᠣᠯᠵᠤ ᠮᠡᠳᠡᠭᠦ᠂ ᠲᠤᠰᠬᠠᠢ ᠮᠡᠷᠭᠡᠵᠢᠯ᠎ᠦᠨ ᠰᠢᠯᠭᠠᠨ ᠲᠣᠭᠲᠠᠭᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠴᠢᠩᠭ᠎ᠠ ᠠᠳᠬᠤᠬᠤ ᠵᠡᠷᠭᠡ ᠬᠢᠴᠢᠶᠡᠯ᠎ᠤᠨ ᠠᠭᠤᠯᠭ᠎ᠠ ᠨᠢ ᠪᠦᠬᠦ ᠶᠠᠪᠤᠴᠠ᠎ᠳᠤ ᠪᠠᠢᠴᠠᠭᠠᠬᠤ ᠠᠵᠢᠯ᠎ᠤᠨ ᠪᠣᠳᠠᠲᠤ ᠶᠠᠪᠤᠳᠠᠯ᠎ᠤᠨ ᠡᠪᠡᠷᠰᠢᠶᠡᠯ ᠴᠡᠭ᠂ ᠬᠦᠴᠢᠷᠳᠡᠯ᠎ᠦᠨ ᠴᠡᠭ᠎ᠢ ᠴᠢᠩᠭ᠎ᠠ ᠠᠳᠬᠤᠵᠤ᠂ ᠶᠡᠬᠡ ᠬᠡᠮᠵᠢᠶᠡᠨ᠎ᠦ ᠦᠨᠡᠨ ᠪᠣᠳᠠᠲᠠᠢ ᠬᠡᠷᠡᠭ᠎ᠦᠨ ᠵᠢᠱ᠌ᠢᠶ᠎ᠡ᠎ᠪᠡᠷ ᠬᠠᠪᠰᠤᠷᠤᠮᠵᠢ ᠪᠣᠯᠭᠠᠵᠤ᠂ ᠪᠠᠢᠴᠠᠭᠠᠬᠤ ᠮᠡᠷᠭᠡᠵᠢᠯ ᠨᠢ ᠨᠢᠭᠡᠨᠲᠡ ᠬᠡᠷᠡᠭ᠎ᠦᠨ ᠶᠠᠰᠤ ᠴᠢᠨᠠᠷ᠂ ᠦᠷ᠎ᠡ ᠪᠦᠲᠦᠮᠵᠢ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠬᠦᠴᠦᠨ ᠪᠣᠯᠤᠭᠰᠠᠨ᠎ᠢ ᠪᠦᠬᠦ ᠪᠠᠢᠴᠠᠭᠠᠬᠤ ᠠᠵᠢᠯᠲᠠᠨ᠎ᠳᠤ ᠰᠢᠭᠤᠳ ᠣᠢᠯᠠᠭᠠᠭᠤᠯᠪᠠ᠃
ᠪᠦᠬᠦ ᠪᠠᠢᠴᠠᠭᠠᠬᠤ ᠠᠵᠢᠯᠲᠠᠳ᠂ ᠡᠨᠡ ᠤᠳᠠᠭ᠎ᠠ ᠵᠢᠨ ᠰᠤᠷᠤᠯᠴᠠᠯᠭ᠎ᠠ᠎ᠪᠠᠷ ᠲᠣᠬᠢᠶᠠᠯ ᠪᠣᠯᠭᠠᠵᠤ᠂ ᠪᠠᠢᠴᠠᠭᠠᠬᠤ ᠠᠵᠢᠯ᠎ᠤᠨ ᠮᠡᠷᠭᠡᠵᠢᠯ᠎ᠦᠨ ᠳᠠᠪᠠᠭᠤᠯᠢᠭ᠋ ᠵᠦᠢᠯ ᠢ᠋ ᠬᠡᠷᠡᠭ ᠰᠢᠢᠳᠪᠦᠷᠢᠯᠡᠬᠦ ᠰᠤᠷᠤᠯᠴᠠᠯᠭ᠎ᠠ᠎ᠶᠢᠨ ᠪᠦᠬᠦ ᠶᠠᠪᠤᠴᠠ᠎ᠳᠤ ᠠᠭᠤᠰᠬᠠᠨ ᠣᠷᠣᠭᠤᠯᠵᠤ᠂ ᠮᠡᠷᠭᠡᠵᠢᠯ᠎ᠢ ᠪᠣᠳᠠᠲᠤ ᠬᠡᠷᠡᠭ᠎ᠢ ᠲᠣᠳᠣᠷᠬᠠᠢᠯᠠᠬᠤ 《ᠰᠠᠢᠨ ᠬᠠᠪᠰᠤᠷᠤᠭ᠍ᠴᠢ》 ᠪᠤᠯᠭᠠᠨ᠎ᠠ; ᠨᠠᠷᠢᠨ ᠪᠤᠳᠤᠯᠢᠶᠠᠨᠲᠠᠢ ᠬᠡᠷᠡᠭ᠎ᠦᠨ ᠪᠡᠷᠬᠡ ᠰᠡᠳᠦᠪ᠎ᠢ ᠰᠢᠢᠳᠪᠦᠷᠢᠯᠡᠬᠦ ᠳᠤᠮᠳᠠ᠂ ᠮᠡᠷᠭᠡᠵᠢᠯ᠎ᠦᠨ ᠬᠦᠴᠦᠨ᠎ᠢ ᠴᠢᠳᠠᠮᠠᠭᠠᠢ ᠬᠡᠷᠡᠭᠯᠡᠨ 《ᠭᠡᠷᠡᠴᠢ ᠠᠪᠬᠤ᠎ᠳᠤ ᠬᠦᠴᠢᠷᠲᠡᠢ》᠂ 《ᠮᠠᠭᠠᠳᠯᠠᠨ ᠲᠣᠭᠲᠠᠭᠠᠬᠤ᠎ᠳᠤ ᠬᠦᠴᠢᠷᠲᠡᠢ》 ᠪᠠᠢᠳᠠᠯ᠎ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠠᠷᠭ᠎ᠠ ᠪᠠᠷᠢᠯ᠎ᠢᠶᠠᠷ ᠬᠡᠷᠡᠭ᠎ᠦᠨ ᠪᠦᠬᠦ ᠪᠠᠢᠳᠠᠯ᠎ᠢ ᠰᠡᠷᠭᠦᠭᠡᠵᠦ᠂ ᠭᠡᠷᠡᠴᠢ ᠪᠠᠷᠢᠮᠲᠠ ᠨᠢᠭᠡᠪᠦᠷᠢ᠎ᠶᠢ ᠴᠥᠮ ᠬᠠᠤᠯᠢ ᠴᠠᠭᠠᠵᠠ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ ᠪᠤᠯᠭᠠᠨ᠎ᠠ ᠬᠡᠵᠦ ᠢᠯᠡᠷᠬᠡᠢᠯᠡᠵᠡᠬᠡᠪᠡ᠃